ᠣᠩᠨᠢᠭᠤᠳ ᠬᠤᠰᠢᠭᠤᠨ ᠤ ᠰᠢᠨ᠎ᠡ  ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ  ᠦᠷᠪᠢᠰᠦᠯ  ᠢ  ᠰᠡᠷᠭᠡᠶᠢᠯᠡᠨ  ᠡᠵᠡᠮᠳᠡᠬᠦ  ᠠᠵᠢᠯ  ᠤᠨ  ᠵᠢᠯᠣᠭᠤᠳᠬᠤ  ᠭᠠᠵᠠᠷ ‍ᠤᠨ‌‍ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠪᠢ ᠬᠦᠮᠤᠨ ᠤ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠲᠤᠬᠠᠢ ᠵᠢᠴᠢ ᠢᠯᠡᠴᠢᠯᠡᠨ ᠮᠡᠳᠡᠭᠦᠯᠵᠦ ᠱᠠᠩᠨᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/8/9
ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠡ᠄    ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠬᠥᠯᠥᠨ ᠪᠤᠶᠢᠷ ᠬᠤᠲᠠ ᠳᠤ ᠴᠤ ᠲᠤᠬᠠᠶ ᠶᠢᠨ ᠭᠠᠵᠠᠷ ᠤᠨ ᠲᠤᠳᠤᠯᠠᠭᠰᠠᠨ ᠡᠪᠡᠳᠴᠢᠨ ᠤ ᠵᠢᠱᠢᠶ᠎ᠠ ᠢᠯᠡᠷᠡᠭᠰᠡᠨ ᠪᠠᠶᠢᠨ᠎ᠠ᠃ ᠲᠣᠰ ᠤᠳᠠᠭᠠᠨ ᠤ ᠬᠢᠵᠢᠭ ᠤᠨ ᠪᠠᠶᠢᠳᠠᠯ ᠨᠢ ᠭᠤᠤᠯᠳᠠᠭᠤ ᠬᠠᠯᠳᠠᠪᠤᠷᠢᠯᠠᠬᠤ ᠴᠢᠳᠠᠪᠤᠷᠢ ᠪᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ᠂ ᠸᠢᠷᠦ᠋ᠰ ᠤᠨ ᠠᠴᠢᠶᠠᠯᠠᠬᠤ ᠬᠡᠮᠵᠢᠶ᠎ᠡ ᠨᠢ ᠶᠡᠭᠡ ᠪᠤᠯᠬᠤ ᠳ᠋ᠧᠯᠲ᠋ᠠ ᠤᠨᠳᠤᠤᠰᠢᠭᠰᠠᠨ ᠸᠢᠷᠦ᠋ᠰ ᠠᠴᠠ ᠡᠬᠦᠰᠤᠯ ᠲᠠᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠰᠠᠶᠢᠲᠤᠷ ᠪᠠᠶᠢᠭᠤᠯᠬᠤ ᠶᠢᠨ ᠲᠥᠯᠥᠭᠡ᠂ ᠥᠷᠭᠡᠨ ᠣᠯᠠᠨ ᠰᠠᠭᠤᠭᠠᠯᠢ ᠠᠷᠠᠳ  ︽ᠡᠷᠡᠭᠦᠯ  ᠴᠢᠬᠢᠷᠠᠭ ᠤᠨ ᠲᠡᠷᠢᠬᠦᠨ  ᠤ ᠬᠠᠷᠢᠭᠤᠴᠠᠯᠭᠠᠲᠠᠨ︾ ᠤ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢᠨ ᠲᠠᠭᠠᠤ ᠲᠤᠤᠷᠠᠬᠢ  ᠬᠡᠳᠤᠨ  ᠵᠦᠢᠯ ᠢ ᠡᠷᠡᠰ ᠪᠡᠶᠡᠯᠡᠬᠦᠯᠬᠦ ᠶᠢ ᠬᠦᠰᠠᠵᠤ ᠪᠠᠶᠢᠨ᠎ᠠ᠃     1. ᠡᠷᠡᠭᠦᠯ ᠬᠠᠮᠠᠭᠠᠯᠠᠯ ᠢ ᠰᠠᠶᠢᠳᠤᠷ ᠡᠷᠬᠢᠮᠯᠡᠬᠦ ᠳᠠᠳᠬᠠᠯ ᠲᠠᠢ ᠪᠠᠶᠢᠵᠤ᠂ ᠭᠠᠷ ᠢᠶᠠᠨ ᠦᠷᠭᠦᠯᠵᠢ ᠤᠬᠢᠶᠠᠵᠤ᠂ ᠢᠯᠡᠭᠦᠬᠡᠨ ᠰᠠᠯᠬᠢ ᠨᠡᠪᠲᠡᠷᠡᠭᠦᠯᠦᠨ᠂ ᠲᠣᠭᠲᠠᠭᠰᠠᠨ ᠬᠤᠭᠤᠴᠠᠭ᠎ᠠ ᠲᠠᠢ ᠠᠷᠢᠭᠤᠳᠬᠠᠯ  ᠬᠢᠬᠦ ᠭᠡᠷᠡᠭᠲᠠᠢ᠃ ᠨᠡᠶᠢᠲᠡ ᠶᠢᠨ ᠮᠠᠰᠢᠨ ᠳᠤ ᠰᠠᠭᠤᠬᠤ᠂ ᠣᠯᠠᠨ ᠨᠡᠶᠢᠲᠡ ᠶᠢᠨ ᠲᠠᠯᠠᠪᠤᠷ ᠲᠤ ᠤᠴᠢᠬᠤ᠂ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠷᠣᠬᠤ  ᠳᠤ ᠪᠠᠨ ᠠᠮᠠᠪᠴᠢ ᠵᠡᠭᠦᠬᠦ ᠶᠢᠨ ᠬᠠᠮᠲᠤ ᠬᠦᠮᠤᠰ ᠤᠨ ᠬᠤᠭᠤᠷᠤᠨᠳᠤᠬᠢ ᠵᠦᠶ ᠵᠣᠬᠢᠰᠲᠠᠶ ᠵᠠᠶ ᠶᠢ ᠪᠠᠲᠤᠯᠠᠬᠤ ᠬᠡᠷᠡᠭᠲᠡᠶ᠃ ᠬᠡᠷᠪᠡ ᠸᠠᠺᠼᠢᠨ ᠤ ᠲᠠᠷᠢᠯᠭ᠎ᠠ    ᠲᠡᠷᠢᠭ᠎ᠠ ᠦᠬᠡᠢ ᠪᠤᠯ ᠴᠠᠭ ᠲᠤᠬᠠᠢ ᠳᠤ ᠨᠢ ᠤᠢᠢᠷ᠎ᠠ ᠬᠠᠪᠢ ᠶᠢᠨ ᠢᠶᠠᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠴᠡᠭ ᠲᠤ ᠬᠦᠷᠴᠦ ᠸᠠᠺᠼᠢᠨ ᠤ ᠲᠠᠷᠢᠯᠭ᠎ᠠ ᠲᠠᠷᠢᠵᠤ᠂ ᠪᠦᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠲᠦᠷᠭᠡᠳᠬᠡᠨ ᠪᠠᠶᠢᠭᠤᠯᠬᠤ ᠭᠡᠷᠡᠭᠲᠠᠢ᠃     2.  ︽ᠭᠤᠷᠪᠡᠨ ᠦᠬᠡᠢ︾   ᠶᠢ  ᠡᠷᠡᠰ ᠪᠠᠷᠢᠮᠳᠠᠯᠠᠵᠤ᠂ ᠲᠣᠮᠣ ᠬᠡᠯᠪᠡᠷᠢ ᠶᠢᠨ ᠠᠵᠢᠯᠯᠠᠭᠠᠨ ᠢ ︽ᠴᠢᠬᠤᠯᠠ ᠦᠭᠡᠶ ᠪᠣᠯ ᠡᠷᠬᠢᠯᠡᠬᠦ ᠦᠭᠡᠶ︾᠂ ︽ᠴᠢᠬᠤᠯᠡ ᠦᠬᠡᠢ ᠪᠤᠯ ᠴᠤᠭᠯᠠᠷᠠᠬᠤ ᠦᠭᠡᠶ︾᠂  ᠭᠠᠳᠠᠭᠰᠢ ᠭᠠᠷᠬᠤ ᠳᠤ ᠪᠠᠨ ︽ᠴᠢᠬᠤᠯᠠ ᠦᠭᠡᠶ ᠪᠣᠯ ᠬᠤᠲᠠ ᠠᠴᠠ ᠭᠠᠷᠬᠤ ᠦᠭᠡᠶ︾ ᠪᠠᠶᠢᠬᠤ ᠬᠡᠷᠡᠭᠲᠡᠶ᠃     3. ᠬᠤᠪᠢ ᠬᠥᠮᠦᠨ ᠤ ᠦᠨᠳᠦᠰᠦᠨ ᠪᠠᠶᠢᠳᠠᠯ᠂ ᠡᠷᠡᠭᠦᠯ ᠴᠢᠬᠢᠷᠠᠭ ᠤᠨ  ᠪᠠᠶᠢᠳᠠᠯ᠂  ᠵᠢᠭᠤᠯᠴᠢᠯᠠᠨ ᠰᠠᠭᠤᠭᠰᠠᠨ ᠪᠦᠷᠢᠨ ᠪᠦᠳᠤᠨ ᠶᠠᠪᠤᠴᠠ᠂ ᠢᠯᠠᠩᠭᠤᠶ᠎ᠠ ᠬᠢᠯᠢ ᠶᠢᠨ ᠭᠠᠳᠠᠨᠠᠬᠢ ᠪᠠ ᠳᠤᠮᠳᠠ᠂ ᠥᠨᠳᠥᠷ  ᠲᠦᠭᠰᠢᠬᠦᠷᠢᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠦᠮᠤᠰ᠂ ᠬᠢᠵᠢᠭ ᠤᠨ ᠪᠠᠶᠢᠳᠠᠯ ᠡᠭᠦᠰᠦᠭᠰᠡᠨ ᠭᠠᠵᠠᠷ  ᠲᠤ ᠵᠢᠭᠤᠯᠴᠢᠯᠠᠨ ᠰᠠᠭᠤᠭᠰᠠᠨ ᠲᠡᠦᠬᠡ ᠲᠠᠢ  ᠬᠦᠮᠤᠰ  ᠂ ᠤᠯᠠᠭᠠᠨᠬᠠᠳᠠ ᠬᠤᠲᠠ  ᠶᠢᠨ ᠭᠠᠲᠠᠨ᠎ᠠ ᠠᠴᠠ ᠢᠷᠡᠭᠰᠡᠨ ᠬᠦᠴᠦ ᠶᠠᠪᠤᠵᠤ ᠪᠠᠶᠢᠭ᠎ᠠ ᠰᠠᠭᠤᠭᠠᠯᠢ ᠠᠷᠠᠳ ᠰᠠᠭᠤᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠠ  ᠠᠵᠢᠯ ᠦᠢᠯᠡᠰ ᠤᠨ ᠨᠢᠬᠡᠴᠢ ᠳᠤ ᠪᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ ᠲᠤᠰᠠᠭᠠᠷᠯᠠᠬᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠬᠠᠮᠵᠢᠯᠴᠠᠨ  ᠨᠡᠶᠢᠳᠠᠪᠤᠷᠢᠵᠢᠭᠤᠯᠬᠤ ᠬᠡᠷᠡᠭᠲᠡᠶ᠃ ᠵᠣᠷᠢᠭᠤᠳᠠ ᠨᠢᠭᠤᠵᠤ ᠳᠠᠯᠳᠠᠯᠠᠭᠰᠠᠨ᠂ ᠵᠣᠷᠢᠭᠤᠳᠠ ᠪᠤᠲᠠᠲᠤ ᠪᠠᠶᠢᠳᠠᠯ ᠢᠶᠠᠨ ᠪᠤᠷᠤᠭᠤ ᠮᠡᠳᠡᠭᠦᠯᠦᠭᠰᠡᠨ ᠪᠠᠶᠢᠪᠠᠯ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠴᠢᠩᠭ᠎ᠠ  ᠰᠢᠢᠳᠪᠤᠷᠢᠯᠡᠬᠦᠯᠬᠦ ᠭᠡᠷᠡᠭᠲᠠᠢ᠃      4. ᠬᠢᠯᠢ ᠶᠢᠨ ᠭᠠᠳᠠᠨᠠᠬᠢ ᠪᠠ ᠳᠤᠮᠳᠠ᠂ ᠦᠨᠳᠤᠷ ᠲᠦᠭᠰᠢᠬᠦᠷᠢᠲᠠᠢ ᠭᠠᠵᠠᠷ ᠤᠷᠤᠨ ᠳᠤ ᠵᠢᠭᠤᠯᠴᠢᠯᠠᠨ ᠰᠠᠭᠤᠭᠰᠠᠨ ᠲᠡᠤᠭᠡ ᠲᠠᠢ ᠪᠠᠶᠢᠲᠠᠯ᠎ᠠ ᠪᠠᠨ ᠥᠪᠡᠷ ᠤᠨ  ᠪᠠᠶᠢᠳᠠᠯ ᠢᠶᠠᠨ ᠮᠡᠳᠡᠭᠦᠯᠦᠭᠰᠡᠨ ᠥᠬᠡᠶ᠂ ᠵᠢᠯᠣᠭᠤᠳᠬᠤ ᠭᠠᠵᠠᠷ ᠤᠨ ᠬᠢᠨ ᠴᠦ ᠡᠵᠡᠮᠰᠢᠭᠰᠡᠨ ᠥᠬᠡᠶ  ᠪᠠᠶᠢᠬᠤ ᠶᠢ ᠢᠯᠡᠴᠢᠯᠡᠨ ᠮᠡᠳᠡᠬᠦᠯᠬᠦ ᠶᠢ ᠵᠣᠷᠢᠭᠵᠢᠭᠤᠯᠤᠨ᠎ᠠ᠃ ᠢᠯᠡᠴᠢᠯᠡᠨ ᠮᠡᠳᠡᠭᠦᠯᠦᠭᠰᠡᠨ ᠢ ᠨᠢ ᠪᠠᠶᠢᠴᠠᠭᠠᠨ ᠲᠤᠳᠤᠯᠠᠭᠠᠳ ᠢᠯᠡᠴᠢᠯᠡᠨ ᠮᠡᠳᠡᠬᠦᠯᠦᠭᠰᠡᠨ ᠨᠢ ᠪᠤᠳᠠᠲᠤ ᠪᠠᠶᠢᠳᠠᠯ ᠳᠤ ᠨᠡᠶᠢᠴᠡᠪᠡᠯ ᠨᠢᠭᠡᠳᠤᠭᠡᠷ ᠢᠯᠡᠴᠢᠯᠡᠨ ᠮᠡᠳᠡᠭᠦᠯᠦᠭᠴᠢ ᠶᠢ ᠠᠷᠠᠳ ᠤᠨ ᠵᠤᠭᠤᠰ 500 ᠲᠦᠬᠦᠷᠢᠭ ᠢᠶᠠᠷ ᠱᠠᠩᠨᠠᠨ᠎ᠠ᠃  ᠢᠯᠡᠴᠢᠯᠡᠨ ᠮᠡᠳᠡᠭᠦᠯᠬᠦ ᠤᠲᠠᠰᠤ᠄ 0476 - 6352391᠃              ᠣᠩᠨᠢᠭᠤᠳ ᠬᠤᠰᠢᠭᠤᠨ ᠤ ᠰᠢᠨ᠎ᠡ  ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ  ᠠᠭᠤᠰᠬᠢᠨ  ᠦᠷᠪᠢᠰᠦᠯ   ᠢ  ᠰᠡᠷᠭᠡᠶᠢᠯᠡᠨ  ᠡᠵᠡᠮᠳᠡᠬᠦ  ᠠᠵᠢᠯ  ᠤᠨ  ᠵᠢᠯᠣᠭᠤᠳᠬᠤ  ᠭᠠᠵᠠᠷ                                                           2021 ᠣᠨ ᠤ 8 ᠰᠠᠷ᠎ᠠ ᠶᠢᠨ 8 ᠤ ᠡᠳᠦᠷ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号