| ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠂ | ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠡᠵᠡᠩᠨᠡᠯᠲᠡ ᠶᠢᠨ ᠨᠢᠭᠡᠴᠢ ᠳᠤ᠄ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠢᠵᠢᠭ ᠲᠠᠷᠬᠠᠬᠤ ᠳᠠᠯᠳᠠ ᠬᠡᠮ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ | ᠦᠨᠡᠨ ᠬᠦ ᠬᠠᠮᠠᠭᠠᠯᠠᠬᠤ ᠶᠢᠨ ᠲᠥᠯᠥᠭᠡ᠂ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ | ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ | ᠮᠡᠳᠡᠭᠳᠡᠶ᠎ᠠ᠄ | ᠨᠢᠭᠡ᠂ 2021 ᠤᠨ ᠤ 8 ᠰᠠᠷ᠎ᠠ ᠶᠢᠨ 9 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ ᠪᠣᠶ ᠪᠥᠬᠦᠶ | ᠵᠢᠭᠤᠯᠴᠢᠯᠠᠯ ᠤᠨ ᠦᠵᠡᠮᠵᠢ ᠶᠢᠨ ᠣᠷᠣᠨ᠂ ᠦᠵᠡᠮᠵᠢ ᠶᠢᠨ ᠭᠠᠵᠠᠷ ︵ᠵᠢᠭᠤᠯᠴᠢᠯᠠᠯ ᠤᠨ ᠬᠤᠷᠰᠢᠶ᠎ᠠ︶ ᠤᠨ ᠺᠢᠨᠣ᠋ | ᠲᠢᠶᠠᠲᠷ᠂ ᠰᠦᠯᠵᠢᠶᠡᠨ ᠪᠠᠭᠠᠷ᠂ KTV᠂ ᠪᠡᠶ᠎ᠡ ᠴᠢᠭᠢᠷᠠᠭᠵᠢᠭᠤᠯᠬᠤ ᠭᠠᠵᠠᠷ᠂ ᠤᠮᠪᠠᠯᠲᠠ ᠶᠢᠨ ᠣᠷᠳᠣᠨ᠂ | ᠡᠯᠧᠺᠲᠷᠣᠨ ᠲᠣᠭᠯᠠᠭᠠᠮ ᠤᠨ ᠲᠠᠩᠬᠢᠮ᠂ ᠴᠢᠴᠢᠭᠦᠷ ᠪᠥᠮᠪᠦᠭᠡ ᠶᠢᠨ ᠲᠠᠩᠬᠢᠮ᠂ ᠰᠢᠲᠠᠷ᠎ᠠ ᠬᠥᠵᠥᠷ ᠤᠨ ᠦᠷᠤᠬᠡ | ᠵᠡᠷᠭᠡ ᠵᠤᠭ᠎ᠠ ᠴᠡᠩᠭᠡᠯ ᠤᠨ ᠡᠵᠡᠩᠨᠡᠯᠲᠡ ᠶᠢᠨ ᠭᠠᠵᠠᠷ ᠪᠠ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠶ ᠶᠢᠨ | ᠣᠷᠳᠣᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠯᠠᠪᠤᠷ ᠵᠡᠷᠭᠡ ᠨᠡᠶᠢᠲᠡ ᠶᠢᠨ ᠠᠰᠠᠷᠠᠮᠵᠢ ᠶᠢᠨ ᠦᠢᠯᠡᠰ ᠤᠨ | ᠠᠵᠢᠯᠯᠠᠭᠠᠨ ᠤ ᠭᠠᠵᠠᠷ ᠤᠨ ᠡᠵᠡᠩᠨᠡᠯᠲᠠ ᠶᠢ ᠲᠦᠷ ᠵᠤᠭᠰᠤᠭᠠᠵᠤ᠂ ᠪᠣᠳᠠᠲᠠᠶ ᠡᠵᠡᠩᠨᠡᠬᠦ ᠴᠠᠭ ᠢ ᠲᠠᠬᠢᠨ ᠮᠡᠳᠡᠭᠳᠡᠨ᠎ᠡ᠃ | | ᠬᠤᠶᠠᠷ᠂ ᠵᠢᠭᠤᠯᠴᠢᠯᠠᠯ ᠤᠨ ᠭᠠᠵᠠᠷ ᠤᠨ ᠵᠤᠭᠠᠴᠠᠯ ᠤᠨ ᠪᠦᠯᠬᠦᠮ ᠢ ᠲᠤᠰᠴᠤ ᠠᠶᠠᠯᠠᠬᠤ ᠠᠶᠠᠯᠠᠯ ᠢ | ᠵᠣᠭᠰᠣᠭᠠᠵᠤ᠂ ᠶᠠᠭ ᠶᠠᠪᠤᠭᠳᠠᠵᠤ ᠪᠠᠶᠢᠭ᠎ᠠ ᠪᠦᠯᠬᠦᠮ ᠤᠨ ᠵᠤᠭᠠᠴᠠᠯ ᠤᠨ ᠠᠶᠠᠯᠠᠯ ᠢ ᠳᠠᠷᠤᠢ ᠳᠤ ᠨᠢ ᠵᠣᠭᠰᠣᠭᠠᠵᠤ᠂ | ᠵᠤᠭᠠᠴᠠᠭᠰᠠᠳ ᠢ ᠳᠠᠷᠤᠢ ᠲᠦᠷᠭᠡᠨ ᠢᠳᠬᠠᠨ ᠪᠤᠴᠠᠭᠠᠯᠭᠠᠬᠤ ᠭᠡᠷᠡᠭᠲᠠᠢ᠃ ᠦᠵᠡᠮᠵᠢ ᠶᠢᠨ ᠣᠷᠣᠨ ᠳᠤ | ᠪᠠᠭᠤᠳᠠᠯᠯᠠᠭᠰᠠᠨ ᠵᠤᠭᠠᠴᠠᠭᠰᠠᠳ ᠢ ᠵᠢᠭᠤᠯᠴᠢᠯᠠᠯ ᠤᠨ ᠭᠠᠵᠠᠷ ᠬᠠᠷᠢᠭᠤᠴᠠᠵᠤ᠂ ᠠᠶᠠᠨᠴᠢᠳ ᠤᠨ ᠠᠶᠠᠯᠠᠯ ᠢ | ᠵᠣᠭᠰᠣᠭᠠᠵᠤ᠂ ᠳᠠᠷᠦ᠋ᠢᠬᠠᠨ ᠢᠳᠬᠠᠨ ᠪᠤᠴᠠᠭᠠᠯᠭᠠᠬᠤ ᠭᠡᠷᠡᠭᠲᠠᠢ᠃ | ᠭᠤᠷᠪᠠ ᠂ ᠬᠠᠷᠢᠶ᠎ᠠ ᠤᠷᠤᠨ ᠤ ᠵᠠᠰᠠᠭ ᠤᠨ ᠣᠷᠳᠣᠨ ᠨᠢ ᠲᠤᠰ ᠬᠠᠷᠢᠶ᠎ᠠ ᠣᠷᠣᠨ ᠤ ᠪᠠᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠲᠠᠯᠠᠪᠤᠷ ᠤᠨ ᠡᠵᠡᠩᠨᠡᠯᠲᠠ ᠶᠢ ᠲᠦᠷ ᠵᠣᠭᠰᠣᠭᠠᠵᠤ᠂ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠢ ᠵᠤᠭᠰᠤᠭᠠᠬᠤ | ᠭᠡᠷᠡᠭᠲᠠᠢ᠃ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠳ ᠲᠤᠰ | ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠬᠤ ᠬᠡᠷᠡᠭᠲᠡᠢ᠃ ᠪᠦᠬᠦ ᠬᠤᠰᠢᠭᠤᠨ ᠤ ᠶᠡᠭᠡ ᠲᠠᠯ᠎ᠠ ᠶᠢ ᠳᠠᠭᠠᠵᠤ᠂ | ᠡᠷᠡᠰ ᠲᠤᠭᠤᠰᠢᠯᠠᠭᠤᠯᠤᠨ ᠭᠡᠷᠡᠭᠵᠢᠬᠦᠯᠬᠦ ᠭᠡᠷᠡᠭᠲᠠᠢ᠃ | ᠣᠩᠨᠢᠭᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 8 ᠰᠠᠷ᠎ᠠ ᠶᠢᠨ 8 ᠤ ᠡᠳᠦᠷ |