| ᠭᠡᠷᠰᠡᠩ ᠰᠤᠮᠤ ᠱᠠᠨᠳᠦ᠋ᠩ ᠮᠤᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠨᠡᠶᠢᠲᠡᠯᠢᠭ ᠲᠤᠷᠰᠢᠯᠭ᠎ᠠ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠠᠷᠭ᠎ᠠ ᠬᠡᠮᠵᠢᠶ᠎ᠠ ᠪᠣᠯᠭᠠᠵᠤ᠂ ᠲᠣᠰᠬᠤᠨ ᠤ | ᠳᠦᠷᠰᠦ ᠪᠠᠶᠢᠳᠠᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠴᠠᠭ᠎ᠠ | ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠬᠥᠮᠦᠰ ᠤᠨ | ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠪᠤᠢ ᠪᠤᠯᠭᠠᠪᠠ᠃ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠴᠡᠭᠴᠡᠯᠡᠬᠦ︾ ᠳᠡᠭᠡᠷ᠎ᠡ ᠬᠦᠴᠦ ᠤᠷᠤᠭᠤᠯᠪᠠ᠃ | ᠭᠡᠷᠰᠡᠩ ᠰᠤᠮᠤᠨ ᠤ ᠨᠠᠮ ᠤᠨ ᠬᠤᠷᠢᠶ᠎ᠠ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠰᠤᠮᠤᠨ ᠤ ᠨᠠᠮ | ᠵᠠᠰᠠᠭ ᠤᠨ ᠤᠳᠤᠷᠢᠳᠬᠤ ᠪᠠᠭ ᠤᠨ ᠡᠳᠦᠷ ᠲᠤᠲᠤᠮ ᠤᠨ ᠵᠥᠪᠯᠡᠬᠦ ᠵᠦᠢᠯ ᠳᠤ ᠪᠠᠨ ᠣᠷᠣᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠤᠨ ᠰᠤᠳᠤᠯᠵᠤ᠂ ᠣᠷᠴᠢᠨ ᠲᠣᠭᠤᠷᠢᠨ ᠤ ᠴᠡᠭᠴᠡᠯᠡᠨ ᠵᠠᠰᠠᠬᠤ | ᠠᠵᠢᠯᠯᠠᠭ᠎ᠠ ᠶᠢ ᠡᠬᠢᠯᠡᠭᠦᠯᠵᠦ᠂ ᠬᠦᠷᠢᠶ᠎ᠡ ᠬᠠᠰᠢᠶᠠᠨ ᠤ ᠡᠷᠡᠭᠦᠯ ᠬᠠᠮᠠᠭᠠᠯᠠᠯ᠂ ᠬᠤᠭ ᠨᠣᠪᠰᠢ ᠶᠢ ᠰᠢᠢᠳᠪᠤᠷᠢᠯᠡᠬᠦ᠂ | ᠭᠤᠤᠯ ᠤᠨ ᠵᠠᠮ ᠢ ᠴᠡᠭᠴᠡᠯᠡᠨ ᠵᠠᠰᠠᠬᠤ᠂ ᠪᠣᠯᠪᠠᠰᠤᠨ ᠢ ᠳᠡᠭᠡᠭᠰᠢᠯᠡᠭᠦᠯᠬᠦ ᠶᠢ ᠴᠡᠭᠴᠡᠯᠡᠨ ᠵᠠᠰᠠᠬᠤ ᠭᠤᠤᠯᠳᠠᠯᠭ᠎ᠠ | ᠪᠣᠯᠭᠠᠪᠠ᠃ ︽ᠬᠤᠶᠠᠷ ᠱᠠᠲᠤᠨ ᠤ ᠱᠦᠵᠢ︾ ᠪᠡᠶ᠎ᠡ ᠪᠠᠷ ᠢᠶᠠᠨ ᠠᠳᠬᠤᠬᠤ ᠶᠢ ᠪᠠᠷᠢᠮᠲᠠᠯᠠᠨ᠂ ᠰᠤᠮᠤ᠂ ᠭᠠᠴᠠᠭ᠎ᠠ | ᠬᠤᠶᠠᠷ ᠱᠠᠲᠤᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠵᠠᠰᠠᠵᠤ᠂ ᠡᠯ᠎ᠡ ᠭᠠᠴᠠᠭ᠎ᠠ ᠬᠠᠷᠢᠯᠴᠠᠨ ᠠᠳᠠᠯᠢᠳᠬᠠᠨ ᠰᠢᠯᠭᠠᠷᠠᠭᠤᠯᠵᠤ᠂ ᠲᠤᠷᠰᠢᠯᠭ᠎ᠠ ᠪᠠᠨ ᠳ᠋ᠦᠩᠨᠡᠨ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠵᠡᠰᠬᠦᠯᠡᠩᠲᠦ ᠭᠠᠴᠠᠭ᠎ᠠ ᠶᠢ ᠴᠣᠭᠴᠠᠯᠠᠨ ᠪᠠᠶᠢᠭᠤᠯᠵᠤ ᠪᠤᠢ᠃ | ᠶᠠᠷᠢᠶ᠎ᠠ ᠬᠡᠯᠡᠯᠴᠡᠭᠡᠨ ᠤ ᠤᠬᠠᠭᠤᠯᠭ᠎ᠠ᠂ ᠥᠷᠭᠡᠨ ᠳᠡᠯᠭᠡᠷ ᠳᠠᠶᠢᠴᠢᠯᠠᠯᠲᠠ ᠪᠠᠷ ᠠᠵᠢᠯ ᠤᠨ ᠵᠠᠷᠴᠢᠮ | ᠪᠣᠯᠭᠠᠨ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠥᠨᠳᠡᠯᠡᠨ ᠪᠢᠴᠢᠭᠡᠰᠦ ᠨᠠᠭᠠᠬᠤ ᠵᠡᠷᠭᠡ ᠠᠷᠭ᠎ᠠ ᠶᠢ | ᠭᠦᠢᠴᠡᠳ ᠠᠰᠢᠭᠯᠠᠨ ᠤᠬᠠᠭᠤᠯᠭ᠎ᠠ ᠬᠢᠵᠦ᠂ ᠣᠯᠠᠨ ᠲᠦᠮᠡᠨ ᠢ ᠲᠠᠶᠢᠴᠢᠯᠠᠪᠠ᠃ ︽ ᠪᠤᠯᠪᠠᠰᠤᠨ ᠰᠠᠶᠢᠬᠠᠨ ᠬᠡᠷ | ᠪᠦᠯᠢ︾…… ᠵᠡᠷᠭᠡ ᠠᠯᠢ ᠣᠯᠠᠨ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠠᠶᠢᠯ | ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠢᠳᠡᠪᠬᠢᠲᠡᠶ ᠣᠷᠣᠯᠴᠠᠬᠤ᠂ ᠣᠷᠴᠢᠨ ᠲᠣᠭᠤᠷᠢᠨ ᠤ | ᠠᠷᠢᠭᠤᠨ ᠴᠡᠪᠡᠷ ᠢ ᠡᠷᠬᠢᠮᠯᠡᠬᠦ ᠶᠢ ᠰᠢᠯᠭᠠᠷᠠᠭᠤᠯᠬᠤ ᠪᠠᠷᠢᠮᠵᠢᠶ᠎ᠠ ᠶᠢᠨ ᠨᠢᠭᠡ ᠪᠤᠯᠭᠠᠨ ᠨᠡᠶᠢᠲᠡᠯᠢᠭ ᠵᠢᠱᠢᠶ᠎ᠡ ᠶᠢ ᠪᠣᠶ | ᠪᠣᠯᠭᠠᠵᠤ᠂ ᠣᠯᠠᠨ ᠲᠦᠮᠡᠨ ᠤ ᠣᠷᠣᠯᠴᠠᠬᠤ ᠢᠳᠡᠪᠬᠢᠵᠢᠯ ᠢ ᠥᠷᠭᠡᠨ ᠢᠶᠠᠷ ᠤᠬᠠᠭᠤᠯᠤᠨ ᠳᠠᠶᠢᠴᠢᠯᠠᠵᠤ᠂ ᠣᠷᠣᠰᠢᠨ | ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ︽ᠨᠢᠭᠡ ᠬᠡᠷ ᠢᠶᠠᠷ ᠢᠶᠠᠨ | ᠦᠵᠡᠰᠬᠦᠯᠡᠩᠲᠦ ᠰᠠᠶᠢᠬᠠᠨ︾ ᠪᠠᠶᠢᠭᠰᠠᠨ ᠠᠴᠠ ︽ᠪᠥᠬᠦ ᠲᠣᠰᠬᠤᠨ ᠢᠶᠠᠷ ᠢᠶᠠᠨ ᠦᠵᠡᠰᠬᠦᠯᠡᠩᠲᠦ ᠰᠠᠶᠢᠬᠠᠨ︾ | ᠪᠤᠯᠬᠤ ᠵᠦᠭ ᠬᠥᠭᠵᠢᠭᠦᠯᠵᠦ ᠪᠤᠢ᠃ | ᠬᠢᠨᠠᠯᠲᠠ ᠶᠢ ᠴᠢᠩᠭᠠᠳᠬᠠᠵᠤ᠂ ︽ᠵᠠᠰᠠᠬᠤ︾ ᠳᠡᠭᠡᠷ᠎ᠡ ᠪᠣᠳᠠᠲᠤ ᠦᠷ᠎ᠡ ᠪᠦᠲᠦᠮᠵᠢ ᠭᠠᠷᠭᠠᠪᠠ᠃ | ᠭᠤᠣᠯ ᠵᠡᠭᠡᠯᠢ ᠶᠢᠨ ᠬᠤᠳᠠᠯᠳᠤᠭᠠᠴᠢᠨ ᠡᠷᠦᠬᠡ ᠯᠦᠭᠡ ︽ᠡᠭᠦᠳᠡᠨ ᠡᠮᠦᠨᠡᠬᠢ ᠳᠥᠷᠪᠡ ᠶᠢ ᠳᠠᠭᠠᠭᠠᠴᠢᠯᠠᠬᠤ︾ | ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠣᠰᠬᠤᠨ ᠤ | ᠲᠣᠭᠲᠠᠭᠠᠯ ᠠᠷᠠᠳ ᠤᠨ ᠭᠡᠷ᠎ᠡ ᠳᠤ ᠠᠭᠤᠰᠬᠠᠨ ᠣᠷᠣᠭᠤᠯᠵᠤ᠂ ᠪᠦᠬᠦ ᠠᠷᠠᠳ ᠢᠶᠠᠷ ᠢᠶᠠᠨ ᠣᠷᠣᠯᠴᠠᠭᠰᠠᠨ ᠰᠠᠶᠢᠨ | ᠰᠠᠶᠢᠬᠠᠨ ᠠᠭᠤᠷ ᠠᠮᠢᠰᠬᠤᠯ ᠢ ᠪᠤᠶ ᠪᠤᠯᠭᠠᠪᠠ᠃ ᠨᠠᠮ ᠤᠨ ᠭᠡᠰᠢᠭᠦᠨ ᠺᠠᠳ᠋ᠷ ᠲᠦᠷᠦᠭᠦᠯᠡᠨ᠂ ᠬᠠᠮᠢᠶᠠᠷᠤᠯᠲᠠ ᠶᠢᠨ | ᠠᠵᠢᠯᠲᠠᠨ᠂ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ | ᠠᠵᠢᠯᠲᠠᠨ ᠳᠤ ᠬᠡᠰᠡᠭ ᠬᠤᠪᠢᠶᠠᠨ ᠳᠠᠭᠠᠭᠠᠴᠢᠯᠠᠬᠤ ᠶᠢ ᠬᠡᠷᠡᠭᠵᠢᠭᠦᠯᠵᠦ᠂ ᠬᠠᠮᠢᠶᠠᠷᠴᠤ ᠬᠠᠮᠠᠭᠠᠯᠠᠬᠤ ᠬᠦᠷᠢᠶ᠎ᠡ | ᠬᠡᠪᠴᠢᠶ᠎ᠡ ᠪᠠ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠳᠠᠭᠠᠭᠠᠴᠢᠯᠠᠭᠰᠠᠨ ᠣᠷᠣᠨ ᠪᠦᠰᠡ ᠶᠢ | ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠵᠦ᠂ ᠰᠤᠮᠤ ᠰᠠᠷ᠎ᠠ ᠪᠦᠷᠢ ᠡᠯ᠎ᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠲᠣᠭᠲᠠᠭᠰᠠᠨ ᠴᠠᠭ ᠲᠤ ᠰᠢᠮᠳᠠᠭᠤᠯᠤᠨ ᠪᠠᠶᠢᠴᠠᠭᠠᠵᠤ᠂ | ᠬᠠᠷᠢᠭᠤᠴᠠᠯᠭ᠎ᠠ ᠶᠢ ᠲᠣᠳᠣᠷᠬᠠᠶᠢᠯᠠᠨ᠂ ᠱᠠᠩᠨᠠᠵᠤ ᠲᠣᠷᠭᠠᠬᠤ ᠶᠢ ᠲᠣᠳᠣᠷᠬᠠᠶᠢᠯᠠᠵᠤ᠂ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠳᠦᠷᠢᠮᠵᠢᠯᠲᠡ᠂ ᠪᠠᠶᠢᠩᠭᠤᠵᠢᠯᠲᠠ ᠶᠢ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠭᠡᠷᠰᠡᠩ ᠰᠤᠮᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠷᠴᠢᠮ ᠪᠠ ᠪᠠᠷᠢᠮᠵᠢᠶ᠎ᠠ ᠪᠠᠨ ᠰᠤᠯᠠᠷᠠᠭᠤᠯᠬᠤ | ᠥᠬᠡᠶ ᠪᠠᠶᠢᠬᠤ ᠶᠢ ᠪᠠᠷᠢᠮᠲᠠᠯᠠᠵᠤ᠂ ᠺᠠᠳ᠋ᠷ ᠣᠯᠠᠨ ᠲᠦᠮᠡᠨ ᠤ ᠰᠠᠨᠠᠭᠠᠴᠢᠯᠠᠭᠠᠲᠤ ᠴᠢᠨᠠᠷ ᠪᠣᠯᠤᠨ ᠢᠳᠡᠪᠬᠢᠵᠢᠯ ᠢ | ᠬᠦᠢᠴᠡᠳ ᠳᠠᠶᠢᠴᠢᠯᠠᠵᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ | ᠂ ᠭᠡᠷᠰᠡᠩ ᠰᠤᠮᠤ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠰᠬᠦᠯᠡᠩᠲᠦ ᠰᠠᠶᠢᠬᠠᠨ | ᠳᠡᠪᠢᠰᠬᠡᠷ ᠥᠩᠭᠡ ᠶᠢ ᠵᠢᠷᠤᠭᠯᠠᠪᠠ᠃ | | |