| | | ᠲᠤᠮᠳᠠᠲᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠬᠡᠯᠡᠵᠤ᠂ | ᠲᠤᠮᠳᠠᠲᠤ ᠤᠯᠤᠰ ᠪᠠᠶᠢᠭᠤᠯᠤᠭᠳᠠᠭᠰᠠᠨ ᠪᠡᠶᠠᠷ ᠤᠨ ᠡᠳᠤᠷ ᠢ ᠤᠭᠳᠤᠨ᠂ ᠲᠤᠮᠳᠠᠳᠤ ᠶᠢᠨ ᠦᠨᠳᠤᠰᠤᠲᠠᠨ ᠤ ᠬᠠᠮᠳᠤ | ᠶᠢᠨ ᠴᠤᠭᠴᠠ ᠶᠢᠨ ᠤᠬᠠᠮᠰᠠᠷ ᠢ ᠨᠡᠩ ᠪᠠᠬᠢᠵᠢᠬᠦᠯᠬᠦ ᠶᠢᠨ ᠲᠦᠯᠦᠬᠡ᠂ ᠪᠤᠷᠤᠬᠤᠲᠠ ᠮᠤᠩᠭᠤᠯ ᠲᠤᠮᠳᠠᠳᠤ | ᠰᠤᠷᠭᠠᠭᠤᠯᠢ ᠨᠢ 9 ᠰᠠᠷ᠎ᠠ ᠶᠢᠨ 23 ᠤ ᠡᠳᠤᠷ ᠤᠨ ᠦᠲᠠ ᠶᠢᠨ ᠬᠤᠶᠢᠨ᠎ᠠ ᠠᠴᠠ 25 ᠤ ᠡᠳᠤᠷ ᠪᠤᠯᠳᠠᠯ᠎ᠠ᠂ | ᠠᠷᠪᠠᠨ ᠨᠠᠢᠮᠠᠳᠤᠭᠠᠷ ᠬᠤᠭᠤᠴᠠᠭᠠᠨ ᠤ ᠰᠤᠶᠤᠯ ᠤᠷᠠᠯᠢᠭ ᠤᠨ ᠨᠠᠶᠢᠷ ᠵᠢᠴᠢ ᠭᠤᠴᠢᠨ ᠵᠢᠷᠭᠤᠳᠤᠭᠠᠷ ᠬᠤᠭᠤᠴᠠᠭᠠᠨ | ᠤ ᠬᠦᠨᠳᠤ ᠬᠦᠩᠭᠡᠨ ᠪᠡᠶ᠎ᠠ ᠶᠢᠨ ᠲᠠᠮᠢᠷ ᠤᠨ ᠤᠷᠤᠯᠳᠤᠭᠠᠨ ᠡᠷᠬᠢᠯᠡᠪᠠ᠃ | ᠠᠵᠢᠯᠯᠠᠭᠠᠨ ᠨᠢ ᠰᠤᠷᠤᠭᠴᠢᠳ ᠤᠨ ᠮᠤᠩᠭᠤᠯ ᠪᠦᠬᠡ ᠶᠢᠨ ᠤᠷᠤᠯᠳᠤᠭᠠᠨ ᠢᠶᠠᠷ ᠬᠦᠰᠢᠬᠡ ᠪᠠᠨ ᠰᠡᠬᠦᠵᠤ᠂ | ᠬᠦᠨᠳᠤ ᠬᠦᠩᠭᠡᠨ ᠪᠡᠶ᠎ᠠ ᠶᠢᠨ ᠲᠠᠮᠢᠷ ᠤᠨ ᠤᠷᠤᠯᠳᠤᠭᠠᠨ᠂ ᠬᠤᠷᠢᠨ ᠲᠦᠷᠪᠡᠳᠤᠭᠡᠷ ᠬᠤᠭᠤᠴᠠᠭᠠᠨ ᠤ ︽ᠨᠤᠮᠢᠨ | ᠠᠶᠢᠵᠠᠮ︾ ᠭᠤᠴᠤᠯᠠᠯ ᠲᠠᠭᠤᠨ ᠤ ᠤᠷᠤᠯᠳᠤᠭᠠᠨ᠂ ᠠᠷᠪᠠᠨ ᠭᠤᠷᠪᠡᠳᠤᠭᠠᠷ ᠬᠤᠭᠤᠴᠠᠭᠠᠨ ᠤ ︽ᠡᠵᠢ ᠶᠢᠨ | ᠰᠢᠭᠯᠠᠭᠰᠠᠨ ᠲᠡᠷᠯᠢᠭ︾ ᠤᠷᠠᠨ ᠤᠩᠰᠢᠯᠭ᠎ᠠ ᠶᠢᠨ ᠤᠷᠤᠯᠳᠤᠭᠠᠨ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ | ᠤᠷᠤᠯᠳᠤᠭᠠᠨ ᠮᠦᠷᠤᠶᠢᠴᠡᠭᠡᠨ ᠦᠷᠨᠢᠬᠦᠯᠪᠠ᠃ | ᠲᠤᠰ ᠤᠳᠠᠭᠠᠨ ᠤ ᠠᠵᠢᠯᠯᠠᠭᠠᠨ ᠢᠶᠠᠷ ᠲᠠᠮᠵᠢᠭᠤᠯᠤᠨ ᠪᠠᠭᠰᠢ ᠰᠤᠷᠤᠭᠴᠢᠳ ᠤᠨ ᠡᠬᠡ ᠤᠯᠤᠰ ᠢᠶᠠᠨ | ᠬᠠᠶᠢᠷᠠᠯᠠᠬᠤ ᠰᠡᠳᠬᠢᠯᠬᠡ ᠶᠢ ᠨᠢ ᠤᠯᠠᠮ ᠴᠢᠩᠭᠠᠳᠬᠠᠨ᠂ ᠲᠤᠮᠳᠠᠳᠤ ᠶᠢᠨ ᠦᠨᠳᠤᠰᠤᠲᠠᠨ ᠤ ᠬᠠᠮᠳᠤ ᠶᠢᠨ ᠴᠤᠭᠴᠠ | ᠶᠢᠨ ᠤᠬᠠᠮᠰᠠᠷ ᠢ ᠨᠢ ᠤᠯᠠᠮ ᠪᠠᠳᠤᠳᠬᠠᠵᠤ᠂ ᠬᠤᠶᠢᠰᠢᠲᠠ ᠶᠢᠨ ᠠᠵᠢᠯ ᠰᠤᠷᠤᠯᠭ᠎ᠠ ᠠᠮᠢᠳᠤᠷᠠᠯ ᠳᠤ ᠨᠢ ᠨᠡᠩ | ᠰᠠᠶᠢᠨ ᠠᠮᠵᠢᠯᠲᠠ ᠤᠯᠬᠤ ᠳᠤ ᠨᠢ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃ | | | | | | | | | | |