ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2022 ᠣᠨ ᠤ ᠲᠤᠭᠳᠠᠭᠰᠠᠨ ᠬᠤᠭᠤᠴᠠᠭᠠᠨ ᠳᠤ ᠪᠥᠬᠦ ᠬᠦᠷᠢᠶ᠎ᠡ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/1/12
              ᠫᠤᠤᠵᠢᠩ ᠤᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠨᠡᠨᠬᠦ ᠰᠠᠶᠢᠵᠢᠷᠠᠭᠤᠯᠤᠨ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠂ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠮᠠᠨ ᠤ ᠬᠤᠲᠠ ᠶᠢᠨ ᠪᠥᠬᠦ ᠬᠦᠷᠢᠶ᠎ᠡ ᠴᠠᠷᠠᠭᠠᠨ ᠳᠤ ᠫᠤᠤᠵᠢᠩ ᠲᠠᠯᠪᠢᠬᠤ ᠶᠢ ᠴᠠᠭᠠᠵᠠᠯᠠᠬᠤ ᠪᠠᠷ ᠲᠣᠭᠲᠠᠪᠠ᠂ ᠣᠲᠣ ᠬᠤᠯᠪᠣᠭᠳᠠᠯ ᠪᠥᠬᠦᠶ ᠵᠦᠶ᠋ᠯᠡᠰ ᠢ ᠳᠣᠤᠷᠠᠬᠢ ᠮᠡᠲᠦ ᠮᠡᠳᠡᠭᠳᠡᠶ᠎ᠡ᠃            ᠨᠢᠭᠡ᠂ ᠲᠠᠯᠪᠢᠵᠤ ᠪᠣᠯᠬᠤ ᠦᠭᠡᠢ ᠬᠡᠪᠴᠢᠶ᠎ᠡ᠄ ᠤᠯᠠᠭᠠᠨᠬᠠᠳᠠ ᠬᠤᠲᠠ ᠶᠢᠨ ᠵᠠᠰᠠᠭ ᠵᠠᠬᠢᠷᠭᠠᠨ ᠤ ᠣᠷᠣᠨ ᠬᠡᠪᠴᠢᠶ᠎ᠠ ᠬᠤᠶᠠᠷ᠂ ᠴᠠᠭᠠᠵᠠᠯᠠᠬᠤ ᠴᠠᠭ ᠬᠤᠭᠤᠴᠠᠭ᠎ᠠ᠄ ᠲᠣᠰ ᠵᠠᠷᠯᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 2022 ᠣᠨ ᠤ 3 ᠳ᠋ᠤᠭᠠᠷ ᠰᠠᠷ᠎ᠠ ᠶᠢᠨ 13 ᠤ ᠡᠳᠦᠷ ᠪᠣᠯᠲᠠᠯ᠎ᠠ᠃ ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ 1᠂ ᠪᠦᠬᠦ ᠬᠤᠲᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠠᠷᠠᠳ ᠤᠨ ᠪᠦᠯᠬᠦᠮ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠨᠠᠷ ᠲᠤᠰ ᠵᠠᠷᠯᠠᠯ ᠤᠨ ᠡᠯ᠎ᠡ ᠵᠦᠶ᠋ᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠬᠦ ᠬᠡᠷᠡᠭᠲᠡᠶ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠵᠢᠯᠲᠠᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ ᠂ ᠣᠯᠠᠨ ᠲᠦᠮᠡᠨ ᠤ ᠬᠤᠸᠠᠷ ᠫᠤᠤᠵᠢᠩ ᠲᠠᠯᠪᠢᠬᠤ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠣᠯᠠᠨ ᠬᠤᠲᠠ ᠶᠢᠨ ᠠᠷᠠᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠣᠰ ᠵᠠᠷᠯᠠᠯ ᠤᠨ ᠬᠤᠯᠪᠣᠭᠳᠠᠯ ᠪᠥᠬᠦᠶ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠂ ᠪᠥᠬᠦ ᠨᠡᠶᠢᠭᠡᠮ ᠤᠨ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠶ᠃ 2᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠠᠷᠢᠶ᠎ᠠ ᠤᠷᠤᠨ ᠤ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ 3᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠦᠢᠯᠡᠳᠪᠦᠷᠢᠯᠡᠬᠦ᠂ ᠲᠡᠭᠡᠭᠡᠪᠦᠷᠢᠯᠡᠬᠦ᠂ ᠪᠣᠷᠣᠯᠠᠭᠤᠯᠬᠤ᠂ ᠲᠠᠯᠪᠢᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠵᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠦᠬᠦᠢ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ 1᠂ ︽ᠬᠤᠸᠠᠷ ᠫᠤᠤᠵᠢᠩ ᠤᠨ ᠠᠶᠤᠯᠬᠦᠢ ᠶᠢᠨ ᠬᠠᠮᠢᠶᠠᠷᠤᠯᠲᠠ ᠶᠢᠨ ᠳᠦᠷᠢᠮ︾ ᠤᠨ ᠭᠤᠴᠢᠨ ᠵᠢᠷᠭᠤᠳᠤᠭᠠᠷ ᠵᠦᠶ᠋ᠯ ᠤᠨ ᠲᠣᠭᠲᠠᠭᠠᠯ ᠢ ᠦᠨᠳᠦᠰᠦᠯᠡᠨ᠂ ᠵᠥᠪᠰᠢᠶᠡᠷᠡᠭᠦᠯᠦᠭᠡᠳᠦᠶ ᠪᠠᠷ ᠬᠤᠸᠠᠷ ᠫᠤᠤᠵᠢᠩ ᠤᠨ ᠦᠶ᠋ᠯᠡᠳᠬᠦᠨ ᠦᠶ᠋ᠯᠡᠳᠪᠦᠷᠢᠯᠡᠵᠦ᠂ ᠡᠵᠡᠩᠨᠡᠭᠰᠡᠨ ᠪᠣᠯ ᠠᠶᠤᠯᠬᠦᠢ ᠦᠶ᠋ᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠦᠶ᠋ᠯᠡᠳᠪᠦᠷᠢᠯᠡᠬᠦ᠂ ᠡᠵᠡᠩᠨᠡᠬᠦ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠶ᠋ᠯᠡᠳᠪᠦᠷᠢᠯᠡᠵᠦ᠂ ᠡᠵᠡᠩᠨᠡᠭᠰᠡᠨ ᠡᠳ᠋ ᠪᠠᠷᠠᠭ᠎ᠠ ᠵᠢᠴᠢ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠮᠵᠢᠯᠠᠨ ᠠᠪᠤᠨ᠎ᠠ᠃ ᠵᠥᠪᠰᠢᠶᠡᠷᠡᠯ ᠣᠯᠤᠭᠰᠠᠨ ᠦᠭᠡᠶ ᠪᠠᠷ ᠬᠤᠸᠠᠷ ᠫᠤᠤᠵᠢᠩ ᠲᠡᠭᠡᠭᠡᠪᠦᠷᠢᠯᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠡᠳ᠋ ᠪᠣᠳᠠᠰ ᠵᠢᠴᠢ ᠬᠠᠤᠯᠢ ᠠᠴᠠ ᠵᠥᠷᠢᠴᠡᠭᠰᠡᠨ ᠣᠯᠵᠠᠪᠤᠷᠢ ᠶᠢ ᠨᠢ ᠬᠤᠷᠢᠶᠠᠨ ᠠᠪᠬᠤ ᠬᠡᠷᠡᠭᠲᠡᠶ᠃ ᠬᠤᠸᠠᠷ ᠫᠤᠤᠵᠢᠩ ᠢ ᠬᠠᠤᠯᠢ ᠪᠤᠰᠤ ᠪᠠᠷ ᠦᠶ᠋ᠯᠡᠳᠪᠦᠷᠢᠯᠡᠵᠦ᠂ ᠡᠵᠡᠩᠨᠡᠵᠦ᠂ ᠲᠡᠭᠡᠭᠡᠪᠦᠷᠢᠯᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠶ᠋ᠯᠡ ᠠᠵᠢᠯᠯᠠᠭ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ 2᠂ ︽ᠬᠤᠸᠠᠷ ᠫᠤᠤᠵᠢᠩ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠂ ᠭᠠᠵᠠᠷ ᠣᠷᠣᠨ ᠳᠤ ᠬᠤᠸᠠᠷ ᠫᠤᠤᠵᠢᠩ ᠲᠠᠯᠪᠢᠭᠰᠠᠨ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ︔ ᠵᠥᠪᠰᠢᠶᠡᠷᠡᠯ ᠦᠭᠡᠶ ᠪᠠᠷ ᠬᠤᠸᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠣᠮᠣ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠨ ᠵᠣᠭᠰᠣᠭᠠᠵᠤ᠂ ᠬᠠᠷᠢᠭᠤᠴᠠᠯᠭ᠎ᠠ ᠲᠠᠢ ᠨᠢᠭᠡᠴᠡ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ᠃ ᠲᠠᠪᠤ᠂ ᠶᠠᠮᠠᠷᠪᠠ ᠨᠢᠭᠡᠴᠡ ᠪᠠ ᠬᠤᠪᠢ ᠬᠥᠮᠦᠨ ᠳᠤ ᠬᠢᠨᠠᠯᠲᠠ ᠲᠠᠯᠪᠢᠵᠤ ᠬᠠᠤᠯᠢ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠵᠤ᠂ ᠫᠤᠤᠵᠢᠩ ᠲᠠᠯᠪᠢᠭᠰᠠᠨ ᠦᠶ᠋ᠯᠡ ᠠᠵᠢᠯᠯᠠᠭ᠎ᠠ ᠶᠢ ᠴᠥᠮ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ᠂ ᠢᠯᠡᠴᠢᠯᠡᠨ ᠮᠡᠳᠡᠭᠦᠯᠬᠦ ᠡᠷᠬᠡ ᠲᠠᠢ ︵ᠢᠯᠡᠴᠢᠯᠡᠨ ᠮᠡᠳᠡᠭᠦᠯᠬᠦ ᠤᠲᠠᠰᠤ 110︶᠂ ᠲᠣᠰ ᠵᠠᠷᠯᠠᠯ ᠢ ᠨᠡᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠮᠠᠨ ᠤ ᠬᠤᠲᠠ ᠶᠢᠨ ᠤᠤᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠵᠠᠷᠯᠠᠯ ᠨᠢ ᠲᠣᠰ ᠵᠠᠷᠯᠠᠯ ᠲᠠᠢ ᠨᠢᠭᠡᠳᠦᠯ ᠦᠭᠡᠢ ᠪᠣᠯ ᠲᠣᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃                          2022 ᠣᠨ ᠤ 1 ᠳ᠋ᠤᠭᠡᠷ ᠰᠠᠷ᠎ᠠ ᠶᠢᠨ 4 ᠤ ᠡᠳᠦᠷ
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号