ᠣᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ  ᠫᠤᠤᠵᠢᠩ ᠲᠠᠯᠪᠢᠬᠤ ᠶᠢ  ᠪᠦᠬᠦ ᠬᠤᠰᠢᠭᠤᠨ ᠤ ᠬᠡᠪᠴᠢᠶᠠᠨ ᠳᠤ ᠬᠤᠭᠤᠴᠠᠭ᠎ᠠ ᠬᠢᠵᠠᠭᠠᠷᠯᠠᠨ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/1/17
     ᠫᠤᠤᠵᠢᠩ ᠲᠠᠯᠪᠢᠬᠤ ᠠᠴᠠ ᠪᠤᠯᠤᠭᠰᠠᠨ ᠠᠭᠠᠷ ᠮᠠᠨᠳᠠᠯ ᠤᠨ ᠪᠤᠬᠢᠷᠳᠤᠯ ᠢ ᠪᠠᠭᠠᠰᠬᠠᠵᠤ᠂ ᠠᠭᠠᠷ  ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠵᠤ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠤᠳᠤᠯᠬᠤ ᠪᠠᠷ ᠳᠡᠮᠵᠢᠨ᠂ ᠮᠠᠨ ᠤ ᠬᠤᠰᠢᠭᠤᠨ ᠤ ᠪᠥᠬᠦ ᠬᠡᠪᠴᠢᠶᠡᠨ ᠳᠤ ᠫᠤᠤᠵᠢᠩ ᠲᠠᠯᠪᠢᠬᠤ ᠶᠢ ᠬᠤᠭᠤᠴᠠᠭ᠎ᠠ ᠬᠢᠵᠠᠭᠠᠷᠯᠠᠨ ᠴᠠᠭᠠᠵᠠᠯᠠᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ  ᠵᠦᠢᠯᠡᠰ ᠢ ᠳᠤᠤᠷᠠᠬᠢ ᠮᠡᠲᠦ ᠵᠠᠷᠯᠠᠶ᠎ᠠ᠄       ᠨᠢᠭᠡ᠂ ᠫᠤᠤᠵᠢᠩ ᠲᠠᠯᠪᠢᠬᠤ ᠶᠢ ᠴᠠᠭᠠᠵᠠᠯᠠᠬᠤ ᠬᠡᠪᠴᠢᠶ᠎ᠡ  ᠄ ᠣᠩᠨᠢᠭᠤᠳ ᠬᠤᠰᠢᠭᠤᠨ ᠤ ᠵᠠᠰᠠᠭ ᠵᠠᠬᠢᠷᠭᠠᠨ ᠤ ᠣᠷᠣᠨ    ᠬᠤᠶᠠᠷ᠂ ᠫᠤᠤᠵᠢᠩ ᠲᠠᠯᠪᠢᠬᠤ ᠶᠢ ᠴᠠᠭᠠᠵᠠᠯᠠᠬᠤ ᠴᠠᠭ ᠬᠤᠭᠤᠴᠠᠭ᠎ᠠ᠄ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 2022 ᠣᠨ ᠤ 3 ᠰᠠᠷ᠎ᠠ ᠶᠢᠨ 13 ᠤ ᠡᠳᠦᠷ ᠪᠣᠯᠲᠠᠯ᠎ᠠ        ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ     ︵ᠨᠢᠭᠡ︶ ᠪᠥᠬᠦ ᠬᠤᠰᠢᠭᠤᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ᠂ ᠠᠵᠢᠯ  ᠦᠢᠯᠡᠰ ᠤᠨ  ᠨᠢᠬᠡᠴᠢ ᠪᠣᠯᠤᠨ ᠠᠷᠠᠳ ᠤᠨ ᠪᠦᠯᠬᠦᠮ ᠫᠤᠤᠵᠢᠩ ᠲᠠᠯᠪᠢᠵᠤ ᠪᠤᠯᠬᠤ ᠦᠬᠡᠢ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠲᠣᠰ ᠵᠠᠷᠯᠠᠯ ᠤᠨ ᠡᠯ᠎ᠡ ᠵᠦᠢᠯ ᠤᠨ ᠲᠣᠭᠲᠠᠭᠠᠯ ᠢ ᠲᠦᠷᠦᠭᠦᠯᠡᠨ ᠭᠡᠷᠡᠭᠵᠢᠬᠦᠯᠬᠦ ᠭᠡᠷᠡᠭᠲᠠᠢ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠫᠤᠤᠵᠢᠩ ᠲᠠᠯᠪᠢᠬᠤ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠣᠯᠠᠨ ᠬᠤᠲᠠ ᠶᠢᠨ ᠠᠷᠠᠳ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠤᠰ ᠵᠠᠷᠯᠠᠯ ᠤᠨ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠦᠬᠦ ᠨᠡᠶᠢᠭᠡᠮ ᠤᠨ ᠣᠯᠠᠨ ᠨᠡᠶᠢᠲᠡ ᠶᠢᠨ ᠣᠷᠴᠢᠨ ᠲᠣᠭᠤᠷᠢᠨ ᠢ  ᠬᠠᠮᠳᠤ ᠪᠠᠷ ᠬᠠᠮᠠᠭᠠᠯᠠᠬᠤ ᠬᠡᠷᠡᠭᠲᠡᠶ᠃     ︵ᠬᠤᠶᠠᠷ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ  ᠠᠷᠭᠠᠴᠠᠭᠠᠬᠤ᠂ ᠬᠤᠲᠠ ᠶᠢᠨ ᠬᠠᠮᠢᠶᠠᠷᠤᠯᠲᠠ᠂  ᠵᠠᠬ᠎ᠠ ᠲᠡᠯᠬᠡᠬᠦᠷ ᠤᠨ ᠬᠢᠨᠠᠨ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠵᠤ᠂ ᠲᠣᠭᠲᠠᠭᠠᠯ ᠢ ᠵᠥᠷᠢᠴᠡᠨ ᠫᠤᠤᠵᠢᠩ ᠦᠢᠯᠡᠳᠪᠤᠷᠢᠯᠡᠬᠦ᠂ ᠫᠤᠤᠵᠢᠩ ᠲᠡᠭᠡᠭᠡᠪᠦᠷᠢᠯᠡᠬᠦ᠂ ᠫᠤᠤᠵᠢᠩ ᠪᠣᠷᠣᠯᠠᠭᠤᠯᠬᠤ᠂ ᠫᠤᠤᠵᠢᠩ ᠲᠠᠯᠪᠢᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ  ᠰᠢᠢᠳᠪᠤᠷᠢᠯᠡᠵᠤ᠂ ᠫᠤᠤᠵᠢᠩ ᠲᠠᠯᠪᠢᠬᠤ ᠶᠢ ᠴᠠᠭᠠᠵᠠᠯᠠᠬᠤ ᠬᠤᠯᠪᠣᠭᠳᠠᠯ ᠪᠥᠬᠦᠶ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃     ︵ᠭᠤᠷᠪᠠ︶ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠠᠯᠪᠠᠨ ᠬᠡᠷ ᠨᠢ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠤᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃      ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ     ︵ᠨᠢᠭᠡ︶ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ ᠭᠤᠴᠢᠨ ᠵᠢᠷᠭᠤᠳᠤᠭᠠᠷ  ᠵᠦᠢᠯ ᠤᠨ ᠲᠣᠭᠲᠠᠭᠠᠯ ᠢ ᠦᠨᠳᠦᠰᠦᠯᠡᠨ᠂ ᠵᠦᠪᠰᠢᠶᠡᠷᠠᠯ ᠦᠬᠡᠢ ᠪᠠᠷ ᠫᠤᠤᠵᠢᠩ ᠦᠢᠯᠡᠳᠪᠤᠷᠢᠯᠡᠨ ᠡᠵᠡᠩᠨᠡᠭᠰᠡᠨ ᠪᠣᠯ ᠠᠶᠤᠯᠬᠦᠢ ᠦᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠦᠢᠯᠡᠳᠪᠤᠷᠢᠯᠡᠨ ᠡᠵᠡᠩᠨᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 2 —10 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠦᠢᠯᠡᠳᠪᠤᠷᠢᠯᠡᠨ ᠡᠵᠡᠩᠨᠡᠭᠰᠡᠨ ᠡᠳ᠋ ᠪᠠᠷᠠᠭ᠎ᠠ ᠵᠢᠴᠢ ᠬᠠᠤᠯᠢ  ᠶᠢ  ᠵᠦᠷᠢᠴᠠᠵᠤ ᠤᠯᠤᠭᠰᠠᠨ ᠤᠯᠵᠠ ᠠᠰᠢᠭ ᠢ ᠨᠢ ᠬᠤᠷᠢᠶᠠᠮᠵᠢᠯᠠᠨ ᠠᠪᠤᠨ᠎ᠠ᠃ ᠵᠥᠪᠰᠢᠶᠡᠷᠡᠯ ᠦᠭᠡᠶ ᠪᠠᠷ ᠫᠤᠤᠵᠢᠩ  ᠲᠡᠭᠡᠭᠡᠪᠤᠷᠢᠯᠡᠭᠰᠡᠳ ᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 1 — 5 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠲᠣᠷᠭᠠᠬᠤ ᠶᠢᠨ ᠬᠠᠮᠲᠤ ᠬᠠᠤᠯᠢ ᠪᠤᠰᠤ ᠪᠠᠷ ᠲᠡᠭᠡᠭᠡᠪᠦᠷᠢᠯᠡᠭᠰᠡᠨ ᠪᠠᠷᠠᠭ᠎ᠠ ᠵᠢᠴᠢ ᠬᠠᠤᠯᠢ  ᠶᠢ  ᠵᠦᠷᠢᠴᠠᠵᠤ ᠤᠯᠤᠭᠰᠠᠨ ᠤᠯᠵᠠ ᠠᠰᠢᠭ ᠢ ᠨᠢ ᠬᠤᠷᠢᠶᠠᠮᠵᠢᠯᠠᠨ ᠠᠪᠤᠨ᠎ᠠ᠃  ᠬᠠᠤᠯᠢ ᠪᠤᠰᠤ ᠪᠠᠷ ᠫᠤᠤᠵᠢᠩ ᠦᠢᠯᠡᠳᠪᠤᠷᠢᠯᠡᠵᠤ᠂ ᠡᠵᠡᠩᠨᠡᠵᠦ᠂ ᠲᠡᠭᠡᠭᠡᠪᠤᠷᠢᠯᠡᠪᠠᠯ᠂ ᠬᠠᠤᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠯᠭᠤᠨ᠎ᠠ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︵ᠬᠤᠶᠠᠷ︶ ︽ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠤᠨ ᠳᠥᠴᠢᠨ ᠬᠤᠶᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠫᠤᠤᠵᠢᠩ ᠲᠠᠯᠪᠢᠬᠤ ᠶᠢ ᠴᠠᠭᠠᠵᠠᠯᠠᠭᠰᠠᠨ ᠴᠠᠭ᠂ ᠭᠠᠵᠠᠷ ᠤᠷᠤᠨ ᠳᠤ ᠫᠤᠤᠵᠢᠩ  ᠲᠠᠯᠪᠢᠪᠠᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠫᠤᠤᠵᠢᠩ ᠲᠠᠯᠪᠢᠬᠤ ᠶᠢ ᠨᠢ ᠵᠤᠭᠰᠤᠭᠠᠬᠤ ᠪᠠᠷ ᠵᠠᠷᠯᠢᠭᠳᠠᠵᠤ᠂ 100— 500 ᠲᠥᠭᠦᠷᠢᠭ ᠠᠷᠠᠳ ᠤᠨ ᠵᠣᠭᠤᠰ ᠢᠶᠠᠷ ᠲᠣᠷᠭᠠᠨ᠎ᠠ᠃  ᠫᠤᠤᠵᠢᠩ ᠤᠨ ᠦᠳᠡᠰᠢᠯᠡᠭᠡ ᠵᠢᠴᠢ ᠪᠤᠰᠤᠳ ᠲᠣᠮᠣ ᠬᠡᠯᠪᠡᠷᠢ ᠶᠢᠨ ᠫᠤᠤᠵᠢᠩ ᠲᠠᠯᠪᠢᠬᠤ ᠠᠵᠢᠯᠯᠠᠭ᠎ᠠ ᠶᠢ ᠵᠥᠪᠰᠢᠶᠡᠷᠡᠯ ᠦᠭᠡᠶ ᠪᠠᠷ ᠡᠷᠬᠢᠯᠡᠭᠰᠡᠨ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠫᠤᠤᠵᠢᠩ ᠲᠠᠯᠪᠢᠬᠤ ᠶᠢ ᠨᠢ ᠵᠤᠭᠰᠤᠭᠠᠬᠤ ᠪᠠᠷ ᠵᠠᠷᠯᠢᠭᠳᠠᠵᠤ᠂ ᠬᠠᠷᠢᠭᠤᠴᠠᠯᠭᠠᠲᠤ ᠨᠢᠬᠡᠴᠢ ᠶᠢ 1— 5 ᠲᠦᠮᠡᠨ ᠲᠥᠭᠦᠷᠢᠭ ᠠᠷᠠᠳ ᠤᠨ ᠵᠣᠭᠤᠰ ᠢᠶᠠᠷ ᠲᠤᠷᠭᠠᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ  ᠤᠯᠭᠤᠨ᠎ᠠ᠃     ᠲᠠᠪᠤ᠂ ᠶᠠᠮᠠᠷᠪᠠ ᠨᠢᠭᠡᠴᠢ ᠪᠠ ᠬᠤᠪᠢ ᠬᠥᠮᠦᠨ ᠴᠥᠮ ᠬᠠᠤᠯᠢ ᠲᠣᠭᠲᠠᠭᠠᠯ ᠢ ᠵᠥᠷᠢᠴᠡᠨ ᠫᠤᠤᠵᠢᠩ  ᠪᠤᠷᠤᠯᠠᠭᠤᠯᠬᠤ᠂ ᠫᠤᠤᠵᠢᠩ  ᠲᠠᠯᠪᠢᠬᠤ ᠶᠢ ᠬᠤᠷᠢᠭᠯᠠᠨ ᠵᠤᠭᠰᠤᠭᠠᠬᠤ᠂ ᠢᠯᠡᠴᠢᠯᠡᠨ ᠮᠡᠳᠡᠭᠦᠯᠬᠦ ᠡᠷᠬᠡ ᠲᠠᠢ ︵ᠢᠯᠡᠴᠢᠯᠡᠨ ᠮᠡᠳᠡᠭᠦᠯᠬᠦ ᠤᠲᠠᠰᠤ 110︶᠃     ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠮᠠᠨ ᠤ ᠬᠤᠰᠢᠭᠤᠨ ᠤ ᠤᠤᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠵᠢᠴᠢ ᠵᠠᠷᠯᠠᠯ ᠨᠢ ᠲᠣᠰ ᠵᠠᠷᠯᠠᠯ ᠲᠠᠢ ᠨᠢᠭᠡᠳᠦᠯ ᠥᠬᠡᠶ ᠪᠣᠯ ᠲᠣᠰ ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃                                    2022 ᠣᠨ ᠤ 1 ᠰᠠᠷ᠎ᠠ ᠶᠢᠨ 7 ᠤ ᠡᠳᠦᠷ  
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号