ᠽᠢ ᠴᠧᠩ ᠵᠡᠭᠡᠯᠢ ᠭᠤᠳᠤᠮᠵᠢ ᠶᠢᠨ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/1/24
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠵᠦ᠂ ᠸᠢᠷᠦ᠋ᠰ ᠤᠨ ᠬᠠᠯᠳᠠᠪᠤᠷᠢᠯᠠᠬᠤ ᠬᠡᠯᠬᠢᠶ᠎ᠡ ᠶᠢ ᠲᠠᠰᠤᠯᠬᠤ ᠶᠢᠨ ᠲᠥᠯᠥᠭᠡ᠂ 1 ᠰᠠᠷ᠎ᠠ ᠶᠢᠨ 19 ᠤ ᠡᠳᠤᠷ ᠠᠴᠠ 20 ᠤ ᠡᠳᠦᠷ ᠤᠨ ᠦᠳᠡ ᠪᠤᠯᠳᠠᠯ᠎ᠠ᠂ ᠽᠢ ᠴᠧᠩ ᠵᠡᠭᠡᠯᠢ ᠭᠤᠳᠤᠮᠵᠢ ᠶᠢᠨ ᠬᠢᠨ  ᠬᠤᠰᠢᠭᠤᠨ ᠤ ᠡᠮᠨᠡᠯᠭᠡ ᠶᠢᠨ ᠬᠤᠷᠢᠶ᠎ᠠ ᠵᠢᠴᠢ ᠲᠤᠰᠠᠭᠠᠷᠯᠠᠬᠤ ᠲᠠᠯᠠᠪᠤᠷ ᠤᠨ ᠪᠠᠶᠢᠭ᠎ᠠ ᠣᠷᠣᠨ ᠪᠦᠰᠡ ᠶᠢᠨ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠲᠣᠭᠤᠷᠢᠭ ᠤᠨ ᠪᠣᠶ ᠪᠥᠬᠦᠶ ᠰᠠᠭᠤᠭᠠᠯᠢ ᠠᠷᠠᠳ᠂ ᠬᠤᠪᠢ ᠶᠢᠨ ᠦᠢᠯᠡᠳᠪᠤᠷᠢ ᠬᠤᠳᠠᠯᠳᠤᠭᠠᠨ ᠤ ᠡᠷᠦᠬᠡ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯᠯᠠᠭᠴᠢᠳ᠂ ᠠᠵᠤ ᠠᠬᠤᠶᠢᠯᠠᠯ ᠪᠠ ᠠᠵᠢᠯ  ᠦᠢᠯᠡᠰ ᠤᠨ ᠨᠢᠭᠡᠴᠢ ᠶᠢᠨ ᠠᠵᠢᠯᠲᠠᠳ ᠲᠤ ᠴᠢᠭᠯᠡᠭᠦᠯᠦᠨ ᠪᠥᠭᠡᠮ ᠬᠦᠴᠢᠯ ᠤᠨ ᠰᠢᠯᠭᠠᠨ  ᠪᠠᠶᠢᠴᠠᠭᠠᠯᠲᠠ ᠬᠢᠪᠠ᠃ ᠰᠢᠯᠭᠠᠨ  ᠪᠠᠶᠢᠴᠠᠭᠠᠯᠲᠠ ᠨᠢ ᠢᠯᠭᠤᠮ ᠤᠷᠤᠭᠰᠢᠲᠠᠢ᠂ ᠡᠮᠬᠢ ᠵᠢᠷᠤᠮ ᠲᠠᠢ ᠶᠠᠪᠤᠭᠳᠠᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号