ᠴᠢᠤᠸᠠᠨ ᠨᠢᠩ ᠵᠡᠭᠡᠯᠢ ᠭᠤᠳᠤᠮᠵᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠶ ᠭᠠᠮᠰᠢᠭ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/6
       ᠶᠡᠷᠦᠩᠬᠡᠶ ᠱᠦᠵᠢ ᠰᠢ ᠶᠢᠨ ᠫᠢᠩ ᠤᠨ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ᠂ ᠴᠢᠤᠸᠠᠨ ᠨᠢᠩ ᠵᠡᠭᠡᠯᠢ ᠭᠤᠳᠤᠮᠵᠢ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠢ   ᠪᠠᠶᠢᠷᠢᠯᠠᠭᠤᠯᠤᠨ᠂ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ   ᠶᠢᠨ ᠲᠦᠯᠦᠬᠡ᠂ 1 ᠰᠠᠷ᠎ᠠ ᠶᠢᠨ 4 ᠤ ᠡᠳᠦᠷ᠂ ᠴᠢᠤᠸᠠᠨ ᠨᠢᠩ ᠵᠡᠭᠡᠯᠢ ᠭᠤᠳᠤᠮᠵᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠩᠬᠠᠳᠤᠭᠠᠷ ᠤᠳᠠᠭᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠂ ᠬᠤᠷᠠᠯ ᠢ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ ᠵᠣᠣ ᠶᠠ ᠨᠠᠨ ᠡᠷᠭᠢᠯᠡᠪᠡ᠂ ᠡᠯ᠎ᠡ ᠲᠣᠰᠬᠤᠨ ᠤ ᠨᠡᠶᠢᠭᠡᠮ ᠲᠣᠭᠤᠷᠢᠭ ᠤᠨ ᠱᠦᠵᠢ᠂ ᠬᠤᠯᠪᠣᠭᠠᠴᠢᠨ ᠵᠢᠴᠢ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠠᠵᠢᠯᠲᠠᠨ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠵᠡᠭᠡᠯᠢ ᠭᠤᠳᠤᠮᠵᠢ ᠠᠴᠠ ᠭᠤᠷᠪᠠᠳᠠᠬᠢ ᠲᠠᠯ᠎ᠠ ᠶᠢᠨ ᠲᠤᠰᠬᠠᠶ ᠮᠡᠷᠭᠡᠵᠢᠯᠲᠡᠨ ᠢ ᠤᠷᠢᠵᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠬᠤᠶ ᠪᠠᠶᠢᠳᠠᠯ᠂ ᠠᠴᠢ ᠬᠤᠯᠪᠣᠭᠳᠠᠯ ᠪᠠ ᠵᠣᠷᠢᠯᠭ᠎ᠠ ᠶᠢ ᠲᠠᠨᠢᠯᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠡᠷᠦᠩᠬᠡᠶ ᠲᠣᠬᠢᠷᠠᠭᠤᠯᠤᠯᠲᠠ ᠪᠠ ᠮᠡᠷᠭᠡᠵᠢᠯ ᠤᠨ ᠲᠥᠰᠦᠯ᠂ ᠨᠡᠶᠢᠳᠡᠮ ᠪᠠᠶᠢᠴᠠᠭᠠᠯᠲᠠ ᠶᠢᠨ ᠠᠭᠤᠯᠭ᠎ᠠ᠂ ᠪᠠᠶᠢᠴᠠᠭᠠᠬᠤ ᠡᠭᠦᠷᠭᠡ ᠵᠢᠴᠢ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠠᠵᠢᠯ ᠤᠨ ᠠᠷᠭ᠎ᠠ᠂ ᠨᠡᠶᠢᠳᠡᠮ ᠪᠠᠶᠢᠴᠠᠭᠠᠯᠲᠠ ᠶᠢᠨ ᠵᠥᠭᠡᠯᠡᠨ ᠲᠣᠨᠤᠭ ᠤᠨ ᠰᠢᠰᠲ᠋ᠧᠮ ᠤᠨ ᠠᠵᠢᠯᠯᠠᠭᠠᠨ ᠤ ᠶᠠᠪᠤᠴᠠ ᠵᠡᠷᠭᠡ ᠲᠠᠯ᠎ᠠ ᠶᠢᠨ ᠠᠭᠤᠯᠭ᠎ᠠ ᠶᠢ ᠲᠠᠶᠢᠯᠪᠤᠷᠢᠯᠠᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠱᠦᠵᠢ ᠵᠢᠴᠢ ᠬᠤᠯᠪᠣᠭᠠᠴᠢᠨ ᠤ ᠠᠰᠠᠭᠤᠳᠠᠯ ᠢ ᠨᠠᠷᠢᠨ ᠲᠠᠶᠢᠯᠪᠤᠷᠢᠯᠠᠪᠠ᠃         ᠬᠤᠷᠠᠯ ᠠᠴᠠ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠪᠣᠯ ᠤᠯᠤᠰ ᠤᠨ ᠪᠠᠶᠢᠳᠠᠯ᠂ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠶᠢᠨ ᠠᠵᠢᠯ ᠮᠥᠨ᠂ ᠪᠠᠰᠠ ᠴᠤ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠰᠠᠭᠤᠷᠢ  ᠶᠢᠨ ᠴᠢᠨᠠᠷᠲᠠᠢ ᠢᠨᠵᠧᠨᠧᠷᠢᠩ ᠮᠥᠨ᠂ ᠡᠯ᠎ᠡ ᠲᠣᠰᠬᠤᠨ᠂ ᠨᠡᠶᠢᠭᠡᠮ ᠲᠣᠭᠤᠷᠢᠭ᠂ ᠬᠤᠯᠪᠣᠭᠳᠠᠯ ᠪᠦᠬᠦᠢ ᠠᠯᠪᠠᠨ ᠭᠡᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠶᠤᠯ ᠲᠦᠭᠰᠢᠭᠦᠷᠢ ᠶᠢᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠬᠠᠭᠤᠯᠤᠨ ᠳᠠᠶᠢᠴᠢᠯᠠᠬᠤ ᠠᠵᠢᠯ ᠢ ᠨᠡᠶᠢᠳᠡᠮ ᠪᠠᠶᠢᠴᠠᠭᠠᠯᠲᠠ ᠶᠢᠨ ᠪᠦᠬᠦ ᠶᠠᠪᠤᠴᠠ ᠳᠤ  ᠲᠤᠭᠤᠰᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠳᠤ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ ᠬᠡᠵᠡᠢ᠃        ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠠᠵᠢᠯᠲᠠᠳ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠵᠡᠭᠡᠯᠢ ᠭᠤᠳᠤᠮᠵᠢ ᠶᠢᠨ ᠨᠡᠶᠢᠳᠡᠮ ᠪᠠᠶᠢᠴᠠᠭᠠᠯᠲᠠ ᠶᠢᠨ ᠪᠠᠶᠢᠴᠠᠭᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠴᠠᠭᠠᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号