ᠣᠩᠨᠢᠭᠤᠳ ᠬᠤᠰᠢᠭᠤᠨ ᠤ 465 ᠲᠦᠮᠡᠨ ᠮᠦ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2022/10/18
      ᠡᠨᠡ ᠵᠢᠯ ᠤᠨ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠲᠡᠮᠡᠴᠡᠨ ᠤᠯᠬᠤ ᠶᠢᠨ ᠲᠥᠯᠥᠭᠡ᠂ ᠮᠠᠨ ᠤ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠭᠤᠷᠠᠶ ᠲᠠᠷᠢᠮᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠪᠠ᠃         2022 ᠣᠨ ᠤ ᠪᠥᠬᠦ ᠬᠤᠰᠢᠭᠤᠨ ᠤ ᠨᠠᠮᠤᠷ ᠤᠨ ᠠᠮᠤ ᠪᠤᠳᠠᠭ᠎ᠠ ᠬᠤᠷᠢᠶᠠᠬᠤ ᠶᠡᠷᠦᠩᠬᠡᠶ ᠲᠠᠯᠠᠪᠠᠶ ᠨᠢ 465 ᠲᠦᠮᠡᠨ ᠮᠥ ᠠᠴᠠ ᠳᠡᠭᠡᠭᠰᠢ ᠪᠠᠶᠢᠨ᠎ᠠ᠃ ᠡᠭᠦᠨ ᠳᠤ᠂ ᠡᠷᠳᠡᠨᠢ ᠰᠢᠰᠢ ︵ᠦᠷ᠎ᠡ︶ ᠶᠢᠨ ᠲᠠᠯᠠᠪᠠᠶ 225 ᠲᠦᠮᠡᠨ ᠮᠥ᠂ ᠤᠰᠤᠨ ᠲᠤᠲᠤᠷᠭ᠎ᠠ 21 ᠲᠦᠮᠡᠨ ᠮᠥ᠂ ᠨᠠᠷᠢᠮᠤ 73.5 ᠲᠦᠮᠡᠨ ᠮᠥ᠂ ᠰᠢᠬᠢᠷᠲᠤ ᠯᠤᠤᠪᠠᠩ 6 . 3 ᠲᠦᠮᠡᠨ ᠮᠥ᠂ ᠨᠣᠭᠤᠭᠠᠨ ᠳᠠᠷᠤᠰᠢ ᠡᠷᠳᠡᠨᠢ ᠰᠢᠰᠢ 15 . 3 ᠲᠦᠮᠡᠨ ᠮᠥ᠂ ᠰᠠᠭᠠᠭ 23 . 1 ᠲᠦᠮᠡᠨ ᠮᠥ᠂ ᠰᠢᠷ᠎ᠠ ᠪᠤᠷᠴᠠᠭ ᠵᠢᠴᠢ ᠪᠤᠰᠤᠳ ᠡᠯᠳᠡᠪ ᠠᠮᠤ ᠡᠯᠳᠡᠪ  ᠵᠦᠢᠯ ᠤᠨ ᠪᠤᠷᠴᠠᠭ ᠤᠨ ᠲᠠᠯᠠᠪᠠᠶ 100 . 8 ᠲᠦᠮᠡᠨ ᠮᠥ ᠪᠠᠶᠢᠨ᠎ᠠ᠃       ᠣᠳᠣᠬᠠᠨ ᠳᠤ ᠶᠠᠭ ᠤᠰᠤᠨ ᠲᠤᠲᠤᠷᠭ᠎ᠠ᠂ ᠡᠷᠳᠡᠨᠢ ᠰᠢᠰᠢ ᠵᠢᠴᠢ ᠰᠢᠬᠢᠷᠲᠤ ᠯᠤᠤᠪᠠᠩ ᠵᠡᠷᠭᠡ ᠲᠠᠷᠢᠮᠠᠯ ᠤᠨ ᠵᠦᠢᠯ ᠢ ᠶᠡᠭᠡ ᠬᠡᠪᠴᠢᠶ᠎ᠡ ᠪᠠᠷ ᠬᠤᠷᠢᠶᠠᠬᠤ ᠤᠯᠠᠷᠢᠯ ᠪᠣᠯᠵᠤ ᠪᠠᠶᠢᠨ᠎ᠠ᠂ ᠵᠡᠭᠦᠨ ᠬᠡᠰᠡᠭ ᠤᠨ ᠭᠠᠵᠠᠷ ᠣᠷᠣᠨ᠂ ᠡᠯ᠎ᠡ ᠭᠠᠵᠠᠷ ᠤᠨ ᠬᠢᠨ ᠡᠯ᠎ᠡ ᠲᠥᠷᠥᠯ ᠤᠨ ᠮᠧᠬᠠᠨᠢᠭ ᠤᠨ ᠬᠠᠮᠲᠤᠷᠠᠭᠰᠠᠨ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠲᠠᠷᠢᠶᠠᠴᠢᠳ ᠤᠨ ᠮᠥᠬᠦᠯᠢᠭ ᠠᠮᠤ ᠶᠢ ᠬᠥᠮᠥᠷᠭᠡ ᠳᠤ ᠣᠷᠣᠭᠤᠯᠬᠤ ᠳᠤ ᠬᠦᠴᠦᠨ ᠨᠡᠮᠡᠷᠢᠯᠡᠵᠦ᠂ ᠨᠠᠮᠤᠷ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠪᠦᠬᠦ ᠬᠦᠴᠦᠨ ᠢᠶᠠᠷ ᠢᠶᠠᠨ ᠲᠡᠮᠡᠴᠡᠨ ᠣᠯᠵᠤ ᠪᠠᠶᠢᠨ᠎ᠠ᠃        ᠪᠦᠬᠦ ᠬᠤᠰᠢᠭᠤᠨ ᠤ ᠬᠥᠬᠡ ᠳᠠᠷᠤᠰᠢ ᠡᠷᠳᠡᠨᠢ ᠰᠢᠰᠢ᠂ ᠰᠠᠭᠠᠭ᠂ ᠨᠠᠷᠢᠮᠤ ᠵᠡᠷᠭᠡ ᠡᠮᠦᠨᠡᠬᠢ ᠬᠤᠭᠤᠴᠠᠭᠠᠨ ᠤ 203 ᠲᠦᠮᠡᠨ ᠮᠦ ᠲᠠᠷᠢᠮᠠᠯ ᠢ ᠵᠠᠪᠳᠤᠨ ᠬᠤᠷᠢᠶᠠᠵᠤ ᠳᠠᠭᠤᠰᠬᠠᠪᠠ᠃ ᠡᠷᠳᠡᠨᠢ ᠰᠢᠰᠢ᠂ ᠤᠰᠤᠨ ᠲᠤᠲᠤᠷᠭ᠎ᠠ᠂ ᠰᠢᠬᠢᠷᠲᠤ ᠯᠤᠤᠪᠠᠩ ᠵᠡᠷᠭᠡ ᠲᠠᠷᠢᠮᠠᠯ ᠢ ᠶᠠᠭ ᠱᠠᠯᠠᠪᠳᠠᠨ ᠬᠤᠷᠢᠶᠠᠵᠤ᠂ ᠨᠢᠭᠡᠨᠲᠡ 144 . 85 ᠲᠦᠮᠡᠨ ᠮᠥ ᠲᠠᠯᠠᠪᠠᠶ ᠶᠢ ᠪᠡᠶᠡᠯᠡᠭᠦᠯᠪᠡ᠃ ᠪᠥᠬᠦ ᠬᠤᠰᠢᠭᠤᠨ ᠤ ᠨᠠᠮᠤᠷ ᠤᠨ ᠠᠮᠤ ᠪᠤᠳᠠᠭ᠎ᠠ ᠬᠤᠷᠢᠶᠠᠭᠰᠠᠨ ᠶᠡᠷᠦᠩᠬᠡᠶ ᠲᠠᠯᠠᠪᠠᠶ ᠶᠢᠨ ᠡᠵᠡᠯᠡᠬᠦ ᠬᠠᠷᠢᠴᠠᠯ ᠨᠢ ᠪᠠᠷᠤᠭ 68 . 85 % ᠶᠢ ᠡᠵᠡᠯᠡᠪᠡ᠃ ᠬᠤᠷᠢᠶᠠᠭᠠᠳᠤᠶ ᠲᠠᠷᠢᠮᠠᠯ ᠤᠨ ᠶᠡᠷᠦᠩᠬᠡᠶ ᠲᠠᠯᠠᠪᠠᠶ ᠨᠢ ᠪᠠᠷᠤᠭ 145 ᠲᠦᠮᠡᠨ ᠮᠥ ᠪᠠᠶᠢᠨ᠎ᠠ᠃ ᠵᠢᠱᠢᠯᠲᠡ ᠪᠠᠷ 10 ᠰᠠᠷ᠎ᠠ ᠶᠢᠨ 31 ᠤ ᠡᠳᠦᠷ  ᠪᠤᠯᠲᠠᠯ᠎ᠠ᠂ ᠨᠠᠮᠤᠷ ᠤᠨ ᠬᠤᠷᠢᠶᠠᠯᠲᠠ ᠶᠢᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠪᠣᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号