ᠣᠩᠨᠢᠭᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ  124 . 4 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠬᠠᠨᠳᠢᠪ ᠡᠷᠬᠦᠵᠤ ᠣᠩᠨᠢᠭᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/10/25
      ᠣᠶᠢᠷ᠎ᠠ ᠳᠤ᠂ ᠣᠩᠨᠢᠭᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠡᠭᠡᠵᠢᠩ ᠬᠤᠲᠠ ᠶᠢᠨ ᠲᠦᠩ ᠵᠧᠤ ᠲᠣᠭᠤᠷᠢᠭ ᠤᠨ 11 ᠰᠢᠶᠠᠩ ᠪᠠᠯᠭᠠᠰᠤᠨ ᠤ 38 ᠲᠣᠰᠬᠤᠨ ᠤ 124 . 4 ᠲᠦᠮᠡᠨ ᠲᠥᠭᠦᠷᠢᠭ ᠤᠨ ᠬᠠᠶᠢᠷ᠎ᠠ ᠬᠠᠯᠠᠮᠵᠢ ᠶᠢᠨ ᠮᠥᠩᠭᠦ ᠶᠢ ᠲᠤᠰᠴᠤ᠂ ᠣᠩᠨᠢᠭᠤᠳ ᠬᠤᠰᠢᠭᠤᠨ ᠤ 16 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ 37 ᠭᠠᠴᠠᠭ᠎ᠠ ᠲᠣᠰᠬᠤᠨ ᠢ ᠬᠠᠪᠰᠤᠷᠤᠨ ᠲᠡᠳᠬᠦᠵᠤ᠂ ᠣᠩᠨᠢᠭᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃ ᠡᠳ᠋ ᠮᠥᠩᠭᠦ ᠪᠠᠷ ᠲᠤᠰᠠᠯᠠᠬᠤ ᠨᠢ ᠭᠤᠤᠯᠳᠠᠭᠤ ᠭᠠᠴᠠᠭ᠎ᠠ ᠲᠣᠰᠬᠤᠨ ᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠣᠷᠣᠰᠢᠨ ᠠᠮᠢᠳᠤᠷᠠᠬᠤ ᠣᠷᠴᠢᠨ ᠲᠣᠭᠤᠷᠢᠨ  ᠢ ᠴᠡᠭᠴᠡᠯᠡᠨ ᠵᠠᠰᠠᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠦᠴᠢᠷᠳᠡᠯᠲᠡᠶ ᠡᠷᠦᠬᠡ ᠶᠢ ᠲᠦᠷ ᠴᠠᠭ ᠠᠪᠤᠷᠠᠨ ᠲᠤᠰᠠᠯᠠᠬᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠠᠵᠤ  ᠦᠢᠯᠡᠰ ᠢ ᠬᠥᠭᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠠᠵᠢᠯ ᠢᠶᠠᠨ  ᠦᠷᠨᠢᠬᠦᠯᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号