ᠬᠤᠷᠰᠢᠶ᠎ᠠ ᠶᠢᠨ ᠮᠠᠯᠴᠢᠨ ᠲᠠᠷᠢᠶᠠᠴᠢᠳ ᠤᠨ ᠡᠪᠯᠡᠯ ᠳᠤ ᠣᠷᠣᠬᠤ ᠶᠢ ᠠᠬᠢᠭᠤᠯᠵᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2022/11/10
     ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯᠴᠢᠨ ᠤ ᠡᠪᠯᠡᠯ ᠳᠤ ᠣᠷᠣᠬᠤ ᠠᠵᠢᠯ ᠢ ᠦᠷᠭᠦᠯᠵᠢᠯᠡᠨ ᠠᠬᠢᠭᠤᠯᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠨᠠᠮ ᠤᠨ ᠣᠯᠠᠨ ᠲᠦᠮᠡᠨᠴᠢ ᠰᠠᠭᠤᠷᠢ ᠶᠢ ᠪᠠᠬᠢᠵᠢᠭᠦᠯᠵᠦ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠠᠲᠠᠬᠤ ᠬᠦᠴᠦᠨ᠂ ᠨᠢᠭᠲᠠᠷᠠᠭᠤᠯᠬᠤ ᠬᠦᠴᠦᠨ ᠪᠠ ᠳᠠᠶᠢᠴᠢᠨ ᠬᠦᠴᠦᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 11 ᠰᠠᠷ᠎ᠠ ᠶᠢᠨ 9 ᠤ ᠡᠳᠦᠷ᠂ ᠣᠩᠨᠢᠭᠤᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠪᠠ ᠲᠠᠢ ᠳ᠋ᠡ ᠲᠠᠷᠢᠮᠠᠯ ᠤᠨ ᠲᠤᠰᠬᠠᠶ ᠬᠤᠷᠰᠢᠶ᠎ᠠ ᠶᠢ ᠵᠢᠯᠣᠭᠤᠳᠤᠨ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠵᠤ᠂ ᠠᠩᠬᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠵᠤ᠂ ᠠᠩᠬᠠᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠪᠠ ᠵᠠᠷᠤᠳᠠᠯ ᠢ ᠬᠢᠨᠠᠨ ᠪᠠᠶᠢᠴᠠᠭᠠᠬᠤ ᠺᠣᠮᠢᠰ ᠢ ᠰᠣᠩᠭᠤᠨ ᠭᠠᠷᠭᠠᠪᠠ᠃      ᠣᠩᠨᠢᠭᠤᠳ ᠬᠤᠰᠢᠭᠤᠨ ᠤ ᠲᠠᠢ ᠳ᠋ᠠ ᠲᠠᠷᠢᠮᠠᠯ ᠤᠨ ᠲᠤᠰᠬᠠᠶ ᠬᠤᠷᠰᠢᠶ᠎ᠠ 2014 ᠣᠨ ᠳᠤ ᠪᠠᠶᠢᠭᠤᠯᠤᠭᠳᠠᠵᠤ᠂ 12000 ᠭᠠᠷᠤᠶ ᠮᠥ ᠲᠠᠷᠢᠶᠠᠨ ᠭᠠᠵᠠᠷ ᠢ ᠡᠵᠡᠩᠨᠡᠵᠦ᠂ 7000 ᠭᠠᠷᠤᠶ ᠮᠥ ᠥᠨᠳᠥᠷ ᠪᠠᠷᠢᠮᠵᠢᠶᠠᠲᠤ ᠱᠠᠲᠤᠨ ᠲᠠᠷᠢᠶ᠎ᠠ ᠶᠢ ᠵᠠᠰᠠᠵᠤ᠂ ᠵᠢᠯ ᠤᠨ ᠦᠢᠯᠡᠳᠬᠦᠨ ᠤ ᠥᠷᠲᠡᠭ ᠨᠢ 840 ᠭᠠᠷᠤᠶ ᠲᠦᠮᠡᠨ ᠲᠥᠭᠦᠷᠢᠭ ᠲᠤ ᠬᠦᠷᠴᠡᠶ᠃ ᠵᠢᠯ ᠪᠦᠷᠢ 500 ᠭᠠᠷᠤᠶ ᠶᠠᠳᠠᠭᠤ ᠬᠦᠴᠢᠷᠳᠡᠯᠲᠡᠶ ᠡᠷᠦᠬᠡ ᠶᠢ ᠰᠢᠭᠤᠳ ᠪᠤᠶᠤ ᠳᠠᠮ ᠢᠶᠠᠷ ᠳᠠᠶᠢᠴᠢᠯᠠᠵᠤ᠂ 1000 ᠭᠠᠷᠤᠶ ᠮᠠᠯᠴᠢᠨ ᠲᠠᠷᠢᠶᠠᠴᠢᠨ ᠠᠰᠢᠭ ᠭᠥᠷᠳᠡᠵᠦ ᠪᠤᠢ᠃ ᠡᠭᠦᠨ ᠤ ᠬᠠᠮᠲᠤ᠂ ᠣᠩᠨᠢᠭᠤᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ᠬᠤᠷᠰᠢᠶᠠᠨ ᠤ ᠠᠵᠢᠯᠴᠢᠨ ᠤ ᠡᠪᠯᠡᠯ ᠤᠨ ᠭᠡᠰᠢᠭᠦᠳ ᠲᠤ ᠲᠤᠲᠤᠷᠭ᠎ᠠ᠂ ᠢᠳᠡᠰᠢᠨ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠨᠠᠮ ᠤᠨ ᠬᠠᠯᠠᠮᠵᠢᠯᠠᠯ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠭᠠᠷ ᠲᠤ  ᠬᠦᠷᠬᠡᠵᠤ ᠪᠤᠢ᠃       ᠬᠤᠶᠢᠰᠢᠳᠠ ᠶᠢᠨ ᠠᠵᠢᠯ ᠤᠨ ᠳᠤᠮᠳᠠ᠂ ᠣᠩᠨᠢᠭᠤᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠨᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠮᠠᠯᠴᠢᠨ ᠲᠠᠷᠢᠶᠠᠴᠢᠨ ᠤ ᠡᠪᠯᠡᠯ ᠪᠠᠶᠢᠭᠤᠯᠬᠤ ᠪᠠ ᠠᠵᠢᠯᠴᠢᠨ ᠤ ᠡᠪᠯᠡᠯ ᠳᠤ ᠣᠷᠣᠬᠤ ᠢᠳᠡᠪᠬᠢᠵᠢᠯ ᠢ ᠴᠢᠷᠮᠠᠶᠢᠨ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠪᠯᠡᠯ ᠳᠤ ᠣᠷᠣᠬᠤ  ᠶᠢ  ᠲᠠᠶᠢᠴᠢᠯᠠᠵᠤ᠂ ᠮᠠᠯᠴᠢᠨ ᠲᠠᠷᠢᠶᠠᠴᠢᠨ ᠤ ᠬᠥᠳᠡᠯᠮᠦᠷᠢ᠂ ᠠᠵᠢᠯ ᠣᠯᠭᠤᠯᠲᠠ᠂ ᠬᠥᠳᠡᠯᠮᠦᠷᠢ ᠶᠢᠨ ᠬᠥᠯᠥᠰᠥ ᠣᠯᠭᠤᠮᠵᠢ᠂ ᠬᠥᠳᠡᠯᠮᠦᠷᠢ ᠶᠢᠨ ᠠᠮᠤᠷ ᠲᠦᠪᠰᠢᠨ ᠪᠠ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号