| | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ | ᠦᠢᠯᠡᠴᠢᠯᠡᠭᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠪᠣᠳᠣᠯᠭ᠎ᠠ ᠶᠢᠨ ᠨᠥᠯᠥᠭᠡ | ᠦᠢᠯᠡᠳᠦᠯ ᠢ ᠭᠦᠢᠴᠡᠳ ᠪᠠᠳᠠᠷᠠᠭᠤᠯᠵᠤ ᠪᠦᠲᠦᠮᠵᠢᠲᠡᠶ ᠬᠡᠷᠡᠭᠴᠡᠭᠡ ᠶᠢ ᠲᠦᠷᠭᠡᠪᠴᠢᠯᠡᠨ ᠥᠷᠭᠡᠳᠬᠡᠬᠦ ᠲᠤᠬᠠᠢ | ᠪᠠᠶᠢᠷᠢᠯᠠᠭᠤᠯᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠯᠡᠵᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ | ᠭᠡᠵᠡᠢ᠃ ᠰᠢᠨᠬᠤᠸᠠ ᠬᠤᠷᠢᠶᠠᠨ ᠤ ᠪᠡᠭᠡᠵᠢᠩ ᠤᠨ 8 ᠳ᠋ᠤᠭᠠᠷ ᠰᠠᠷ᠎ᠠ ᠶᠢᠨ 31 ᠤ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 8 ᠳ᠋ᠤᠭᠠᠷ ᠰᠠᠷ᠎ᠠ ᠶᠢᠨ 31 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ | ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠲᠦᠮᠵᠢᠲᠡᠢ ᠬᠡᠷᠡᠭᠴᠡᠭᠡ ᠶᠢ | ᠲᠦᠷᠭᠡᠪᠴᠢᠯᠡᠨ ᠥᠷᠭᠡᠳᠬᠡᠬᠦ ᠲᠤᠬᠠᠢ ᠪᠠᠶᠢᠷᠢᠯᠠᠭᠤᠯᠪᠠ︔ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠠᠷᠭ᠎ᠠ | ᠬᠡᠮᠵᠢᠶ᠎ᠡ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠯᠡᠵᠦ ᠠᠮᠢᠵᠢᠷᠠᠯ ᠤᠨ | ᠬᠦᠴᠦᠨ ᠢ ᠦᠷᠭᠦᠯᠵᠢᠯᠡᠨ ᠬᠥᠭᠵᠢᠭᠡᠨ᠎ᠡ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠠᠵᠤ ᠠᠬᠤᠢ ᠶᠢᠨ ᠠᠵᠢᠯᠯᠠᠭᠠᠨ ᠢ | ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠵᠤ᠂ ᠬᠠᠮᠤᠭ ᠤᠨ ᠰᠠᠶᠢᠨ ᠦᠷ᠎ᠡ ᠳ᠋ᠦᠩ ᠣᠯᠬᠤ ᠪᠠᠷ ᠴᠢᠷᠮᠠᠶᠢᠬᠤ | ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠳᠤ | ᠴᠢᠭᠯᠡᠭᠦᠯᠦᠨ᠂ ᠲᠦᠷᠦᠭᠦᠴᠢ ᠶᠢᠨ ᠬᠤᠭᠤᠴᠠᠭᠠᠨ ᠳᠤ ᠬᠤᠶᠠᠷ ᠵᠢᠯ ᠰᠢᠬᠠᠮ ᠨᠥᠭᠡᠴᠡᠯᠡᠭᠰᠡᠨ ᠲᠦᠷᠦ ᠶᠢᠨ ᠪᠣᠳᠣᠯᠭ᠎ᠠ ᠶᠢᠨ | ᠪᠠᠭᠠᠵᠢ ᠶᠢ ᠬᠡᠷᠡᠭᠯᠡᠵᠦ ᠪᠠᠶᠢᠭᠠᠳ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠦ ᠶᠢᠨ ᠪᠣᠳᠣᠯᠭ᠎ᠠ ᠪᠠ | ᠦᠷᠭᠦᠯᠵᠢᠯᠡᠬᠦ᠋ᠢᠴᠡ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤ ᠨᠢ ᠡᠷᠡᠰ ᠰᠢᠭᠤᠷᠬᠠᠢ ᠪᠠᠷ ᠬᠡᠷᠡᠭᠵᠢᠭᠦᠯᠬᠦ ᠬᠡᠷᠡᠭᠲᠡᠢ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠷᠢᠮ ᠲᠠᠯ᠎ᠠ ᠶᠢᠨ ᠬᠦᠴᠢᠷᠳᠡᠯ ᠨᠢ 2020 ᠣᠨ ᠤ ᠬᠢ ᠠᠴᠠ ᠢᠯᠡᠭᠦᠦ | ᠪᠠᠶᠢᠵᠤ᠂ ᠡᠨᠡ ᠵᠢᠯ ᠤᠨ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ ᠵᠡᠷᠭᠡ ᠲᠠᠯ᠎ᠠ ᠪᠠᠷ | 2020 ᠣᠨ ᠢ ᠳᠠᠪᠠᠭᠰᠠᠨ ᠪᠥᠭᠡᠳ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ ᠬᠡᠷᠡᠭᠯᠡᠭᠡ ᠶᠢ ᠠᠬᠢᠭᠤᠯᠬᠤ | ᠡᠷᠴᠢᠮ ᠲᠠᠢ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠶᠡᠷᠦᠩᠬᠡᠢ ᠲᠦᠷᠦ ᠶᠢᠨ ᠪᠣᠳᠣᠯᠭ᠎ᠠ ᠶᠢᠨ ᠬᠡᠪᠴᠢᠶ᠎ᠡ ᠨᠢ ᠵᠦᠢ | ᠵᠣᠬᠢᠰᠲᠠᠢ ᠪᠥᠭᠡᠳ ᠲᠣᠬᠢᠷᠠᠮᠵᠢᠲᠠᠢ ᠪᠣᠯᠵᠠᠢ᠃ ᠣᠳᠣᠬᠠᠨ ᠳᠤ ᠠᠵᠤ ᠠᠬᠤᠢ ᠶᠢᠨ ᠰᠡᠷᠭᠦᠯᠲᠡ ᠶᠢᠨ ᠴᠢᠬᠤᠯᠠ | ᠵᠠᠩᠭᠢᠯᠠᠭ᠎ᠠ ᠶᠢᠨ ᠦᠶ᠎ᠡ ᠳᠤ ᠣᠷᠣᠰᠢᠵᠤ ᠪᠠᠶᠢᠭ᠎ᠠ ᠪᠣᠯᠬᠤᠷ ᠲᠥᠷᠥ ᠶᠢᠨ ᠪᠣᠳᠣᠯᠭ᠎ᠠ ᠶᠢᠨ ᠨᠥᠯᠥᠭᠡ ᠦᠢᠯᠡᠳᠦᠯ ᠢ | ᠲᠦᠷᠭᠡᠪᠴᠢᠯᠡᠨ ᠪᠠᠳᠠᠷᠠᠭᠤᠯᠬᠤ ᠨᠢ ᠶᠠᠭᠤᠨ ᠠᠴᠠ ᠴᠦ ᠴᠢᠬᠤᠯᠠ ᠶᠤᠮ᠃ ᠣᠶᠢᠷ᠎ᠠ ᠳᠤ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠭᠤᠣᠯ ᠪᠣᠯᠬᠤ ᠠᠵᠤ ᠠᠬᠤᠢ ᠶᠢᠨ ᠮᠤᠵᠢ ᠳᠤ ᠠᠵᠢᠯᠯᠠᠬᠤ ᠳᠤᠭᠤᠶᠢᠯᠠᠩ ᠲᠣᠮᠢᠯᠠᠵᠤ᠂ ᠠᠵᠤ ᠠᠬᠤᠢ ᠶᠢᠨ | ᠶᠡᠭᠡ ᠲᠠᠯ᠎ᠠ ᠶᠢ ᠲᠣᠭᠲᠠᠪᠤᠷᠢᠵᠢᠭᠤᠯᠬᠤ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡ ᠶᠢᠨ ᠲᠣᠭᠤᠷᠢᠨ ᠳᠤ᠂ ᠨᠢᠭᠡ ᠪᠦᠯᠦᠭ | ᠬᠦᠴᠢᠷᠲᠡᠢ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠤᠷ ᠲᠤ ᠨᠢ ᠰᠢᠢᠳᠪᠦᠷᠢᠯᠡᠭᠰᠡᠨ ᠪᠠᠶᠢᠨ᠎ᠠ᠃ ᠦᠷᠭᠦᠯᠵᠢᠯᠡᠨ ᠴᠠᠭ | ᠮᠥᠴᠡ ᠶᠢ ᠠᠮᠵᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢᠨ ᠠᠷᠭ᠎ᠠ ᠪᠠᠷ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠶᠢᠨ ᠨᠥᠯᠥᠭᠡ | ᠦᠢᠯᠡᠳᠦᠯ ᠢ ᠪᠠᠳᠠᠷᠠᠭᠤᠯᠬᠤ ᠶᠢ ᠲᠠᠬᠢᠨ ᠠᠬᠢᠭᠤᠯᠵᠤ᠂ ᠦᠷᠭᠦᠯᠵᠢᠯᠡᠬᠦ᠋ᠢᠴᠡ ᠲᠦᠷᠤ ᠶᠢᠨ ᠪᠣᠳᠣᠯᠭ᠎ᠠ ᠶᠢ ᠨᠠᠷᠢᠯᠢᠭᠵᠢᠭᠤᠯᠤᠨ | ᠪᠣᠳᠠᠲᠠᠶᠢᠵᠢᠭᠤᠯᠵᠤ᠂ 9 ᠳ᠋ᠦ᠋ᠭᠡᠷ ᠰᠠᠷ᠎ᠠ ᠶᠢᠨ ᠳᠡᠭᠡᠷ᠎ᠡ ᠬᠠᠭᠠᠰ ᠰᠠᠷ᠎ᠠ ᠳᠤ ᠬᠡᠷᠡᠭᠵᠢᠭᠦᠯᠬᠦ ᠨᠠᠷᠢᠨ ᠳᠦᠷᠢᠮ ᠢ ᠪᠦᠬᠦᠨ ᠢ | ᠬᠡᠷᠡᠭᠵᠢᠭᠦᠯᠵᠦ᠂ ᠪᠦᠲᠦᠮᠵᠢᠲᠡᠢ ᠬᠡᠷᠡᠭᠯᠡᠭᠡ ᠶᠢ ᠬᠦᠴᠦᠯᠡᠨ ᠥᠷᠭᠡᠳᠬᠡᠵᠦ᠂ ᠪᠡᠯᠡ ᠣᠷᠣᠭᠤᠯᠤᠯᠲᠠ ᠪᠠᠷ ᠬᠡᠷᠡᠭᠯᠡᠭᠡ ᠶᠢ | ᠳᠠᠶᠢᠴᠢᠯᠠᠵᠤ᠂ ᠠᠵᠢᠯ ᠣᠯᠭᠤᠯᠲᠠ ᠶᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ | ᠪᠠᠬᠢᠵᠢᠭᠦᠯᠵᠦ᠂ ᠬᠥᠭᠵᠢᠯᠲᠡ ᠶᠢᠨ ᠨᠥᠭᠡᠴᠡ ᠬᠦᠴᠦᠨ ᠢ ᠴᠢᠩᠭᠠᠳᠬᠠᠬᠤ ᠬᠡᠷᠡᠭᠲᠡᠢ᠃ ᠨᠢᠭᠡ ᠳᠤ᠂ ᠰᠢᠨ᠎ᠡ ᠪᠠᠷ ᠨᠡᠮᠡᠭᠳᠡᠭᠰᠡᠨ | 3000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ | ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠪᠣᠳᠠᠲᠠᠢ ᠬᠡᠷᠡᠭᠴᠡᠭᠡ ᠪᠠᠨ | ᠦᠨᠳᠦᠰᠦᠯᠡᠨ ᠬᠡᠪᠴᠢᠶ᠎ᠡ ᠪᠠᠨ ᠥᠷᠭᠡᠳᠬᠡᠵᠦ᠂ ᠨᠥᠬᠦᠴᠡᠯ ᠳᠤ ᠨᠡᠶᠢᠴᠡᠭᠰᠡᠨ ᠪᠣᠯᠪᠠᠰᠤᠷᠠᠩᠭᠤᠢ ᠲᠥᠷᠥᠯ ᠵᠦᠢᠯ ᠤᠨ ᠪᠡᠯᠡ | ᠮᠥᠩᠭᠦᠨ ᠤ ᠬᠡᠷᠡᠭᠴᠡᠭᠡ ᠶᠢ ᠬᠠᠩᠭᠠᠵᠤ᠂ ᠲᠥᠷᠥᠯ ᠵᠦᠢᠯ ᠨᠢ ᠪᠡᠯᠡ ᠮᠥᠩᠭᠦ ᠪᠠᠨ ᠬᠦᠯᠢᠶᠡᠬᠦ ᠪᠠᠶᠢᠳᠠᠯ ᠭᠠᠷᠬᠤ ᠠᠴᠠ | ᠵᠠᠶᠢᠯᠠᠰᠬᠢᠨ᠎ᠡ︔ ᠳᠡᠭᠡᠷ᠎ᠡ ᠬᠠᠭᠠᠰ ᠵᠢᠯ ᠳᠤ ᠠᠵᠢᠯ ᠢᠶᠠᠨ ᠡᠬᠢᠯᠡᠭᠦᠯᠦᠭᠰᠡᠨ ᠲᠥᠷᠥᠯ ᠵᠦᠢᠯ ᠢ ᠰᠢᠨ᠎ᠡ ᠪᠠᠷ ᠨᠡᠮᠡᠭᠳᠡᠬᠦ ᠶᠢ | ᠳᠡᠮᠵᠢᠯᠭᠡ ᠶᠢᠨ ᠬᠡᠪᠴᠢᠶᠡᠨ ᠳᠤ ᠰᠢᠨ᠎ᠡ ᠪᠠᠷ ᠨᠡᠮᠡᠭᠳᠡᠭᠦᠯᠦᠨ ᠣᠷᠣᠭᠤᠯᠵᠤ᠂ ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ | ᠪᠣᠯᠪᠠᠴᠤ ᠲᠤᠭ᠎ᠠ ᠬᠡᠮᠵᠢᠶ᠎ᠡ ᠶᠢᠨ ᠬᠢᠵᠠᠭᠠᠷᠯᠠᠯ ᠠᠴᠠ ᠪᠣᠯᠵᠤ ᠣᠷᠣᠭᠤᠯᠤᠭᠰᠠᠨ ᠦᠭᠡᠢ ᠲᠥᠷᠥᠯ ᠵᠦᠢᠯ ᠢ ᠳᠡᠮᠵᠢᠯᠭᠡ ᠶᠢᠨ | ᠬᠡᠪᠴᠢᠶᠡᠨ ᠳᠤ ᠠᠶᠠᠨᠳᠠᠭᠠᠨ ᠣᠷᠣᠭᠤᠯᠵᠤ᠂ ᠭᠤᠷᠪᠠᠳᠤᠭᠠᠷ ᠤᠯᠠᠷᠢᠯ ᠳᠤ ᠨᠠᠩ ᠣᠯᠠᠨ ᠪᠣᠳᠠᠲᠠᠢ ᠠᠵᠢᠯ ᠤᠨ ᠬᠡᠮᠵᠢᠶ᠎ᠡ ᠶᠢ | ᠪᠣᠶ ᠪᠣᠯᠭᠠᠬᠤ ᠶᠢᠨ ᠬᠠᠮᠲᠤ ᠦᠢᠯᠡᠳᠬᠡᠯ ᠤᠨ ᠦᠢᠯᠡᠰ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠴᠠᠭ | ᠲᠤᠬᠠᠢ ᠳᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠶᠠᠷ ᠲᠤ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠡᠮᠵᠢᠬᠦ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ᠬᠠᠭᠤᠴᠢᠨ ᠪᠠ ᠬᠠᠭᠤᠴᠢᠷᠠᠭᠰᠠᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ᠂ | ᠮᠤᠵᠢ ᠶᠢᠨ ᠱᠠᠲᠤᠨ ᠤ ᠥᠨᠳᠥᠷ ᠬᠤᠷᠳᠤᠴᠠᠲᠤ ᠵᠠᠰᠠᠮᠠᠯ ᠵᠠᠮ ᠵᠡᠷᠭᠡ ᠶᠢ ᠳᠡᠮᠵᠢᠯᠭᠡ ᠶᠢᠨ ᠬᠡᠪᠴᠢᠶᠡᠨ ᠳᠤ ᠣᠷᠣᠭᠤᠯᠬᠤ ᠶᠢᠨ | ᠬᠠᠮᠲᠤ ᠠᠷᠠᠳ ᠤᠨ ᠪᠡᠯᠡ ᠣᠷᠣᠭᠤᠯᠤᠯᠲᠠ ᠶᠢ ᠠᠯᠢ ᠴᠢᠳᠠᠬᠤ ᠪᠠᠷ ᠲᠠᠲᠠᠨ᠎ᠠ᠃ ᠭᠤᠷᠪᠠ ᠳᠤ᠂ ᠦᠢᠯᠡᠳᠬᠡᠯ ᠤᠨ | ᠦᠢᠯᠡᠰ ᠤᠨ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠶᠢᠨ ᠲᠥᠬᠦᠭᠡᠷᠦᠮᠵᠢ ᠪᠠᠨ ᠰᠢᠨᠡᠳᠬᠡᠨ | ᠥᠭᠡᠷᠡᠴᠢᠯᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠦᠷᠭᠡᠬᠡᠨ ᠨᠡᠶᠢᠲᠡᠯᠡᠨ᠎ᠡ᠃ ᠳᠥᠷᠪᠡ ᠳᠤ᠂ ᠬᠤᠳᠠᠯᠳᠤᠭᠠᠨ ᠤ | ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠳᠤᠮᠳᠠ ᠪᠠ ᠤᠷᠳᠤ ᠬᠤᠭᠤᠴᠠᠭᠠᠨ ᠤ ᠵᠢᠭᠡᠯᠡᠯᠭᠡ ᠲᠠᠯᠪᠢᠬᠤ ᠶᠢ | ᠥᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠲᠤᠨᠤᠭ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠳᠤ ᠪᠡᠯᠡ ᠲᠣᠬᠢᠷᠠᠭᠤᠯᠭ᠎ᠠ ᠶᠢ ᠭᠦᠢᠴᠡᠳ ᠬᠠᠩᠭᠠᠨ᠎ᠠ᠃ ᠡᠨᠡ ᠨᠢ ᠪᠠᠰᠠ ᠢᠲᠡᠭᠡᠮᠵᠢᠲᠦ | ᠵᠢᠭᠡᠯᠡᠯᠭᠡ ᠶᠢᠨ ᠪᠦᠲᠦᠮᠵᠢᠲᠡᠶ ᠬᠡᠷᠡᠭᠴᠡᠭᠡ ᠶᠢ ᠥᠷᠭᠡᠳᠬᠡᠬᠦ ᠳᠤ ᠠᠰᠢᠭᠲᠠᠢ ᠶᠤᠮ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠪᠠᠩᠬᠢ ᠳᠤ ᠲᠠᠯᠪᠢᠬᠤ ᠬᠢᠨᠠᠨ ᠰᠢᠯᠭᠠᠯᠲᠠ ᠶᠢ ᠲᠡᠭᠦᠯᠳᠡᠷᠵᠢᠭᠦᠯᠵᠦ᠂ ᠪᠠᠩᠬᠢ ᠨᠤᠭᠤᠳ ᠳᠣᠲᠣᠭᠠᠳᠤ ᠶᠢᠨ | ᠬᠢᠨᠠᠨ ᠰᠢᠯᠭᠠᠯᠲᠠ ᠪᠠ ᠲᠤᠰᠢᠶᠠᠯ ᠢᠶᠠᠨ ᠭᠦᠢᠴᠡᠳᠬᠡᠵᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠭᠠᠯ ᠢᠶᠠᠨ | ᠲᠡᠭᠦᠯᠳᠡᠷᠵᠢᠭᠦᠯᠵᠦ᠂ ᠤᠷᠮᠠᠰᠢᠭᠤᠯᠬᠤ ᠲᠣᠭᠲᠠᠴᠠ ᠶᠢ ᠪᠤᠢ ᠪᠣᠯᠭᠠᠬᠤ ᠬᠡᠷᠡᠭᠲᠡᠢ᠃ ᠲᠠᠪᠤ ᠳᠤ᠂ ᠭᠤᠣᠯᠳᠠᠯᠭ᠎ᠠ ᠲᠠᠢ ᠲᠥᠷᠥᠯ | ᠵᠦᠢᠯ ᠳᠤ ᠦᠷᠭᠦᠯᠵᠢᠯᠡᠨ ᠲᠥᠪᠯᠡᠷᠡᠭᠦᠯᠦᠨ ᠠᠵᠢᠯᠯᠠᠬᠤ᠂ ᠨᠡᠶᠢᠯᠡᠭᠦᠯᠦᠨ ᠰᠢᠢᠳᠪᠦᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠣᠷᠣᠨ | ᠨᠤᠲᠤᠭ ᠤᠨ ᠵᠠᠰᠠᠭ ᠤᠨ ᠣᠷᠳᠣᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠢᠶᠠᠨ ᠦᠨᠳᠦᠰᠦᠯᠡᠨ ᠭᠠᠵᠠᠷ | ᠰᠢᠷᠣᠢ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠳᠤ ᠠᠮᠠᠯᠠᠯᠲᠠ ᠬᠢᠵᠦ᠂ ᠲᠥᠷᠥᠯ ᠵᠦᠢᠯ ᠢ | ᠨᠠᠶᠢᠳᠠᠪᠤᠷᠢᠵᠢᠭᠤᠯᠤᠭᠰᠠᠨ ᠤ ᠳᠠᠷᠠᠭ᠎ᠠ ᠲᠣᠭᠲᠠᠭᠠᠯ ᠶᠣᠰᠣᠭᠠᠷ ᠭᠠᠷ ᠭᠦᠢᠴᠡᠳᠬᠡᠯ ᠢ ᠨᠥᠬᠦᠵᠦ ᠭᠦᠢᠴᠡᠳᠬᠡᠨ᠎ᠡ᠃ | ᠵᠢᠷᠭᠤᠭ᠎ᠠ ᠳᠤ᠂ ᠪᠠᠲᠤᠯᠠᠭ᠎ᠠ ᠶᠢᠨ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢ | ᠳᠡᠮᠵᠢᠵᠦ᠂ ᠣᠷᠣᠨ ᠨᠤᠲᠤᠭ ᠤᠨ ᠬᠢᠨ ︽ᠨᠢᠭᠡ ᠬᠤᠲᠠ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠬᠦ︾ ᠲᠥᠷᠥ ᠶᠢᠨ | ᠪᠣᠳᠣᠯᠭ᠎ᠠ ᠶᠢ ᠰᠠᠶᠢᠲᠤᠷ ᠬᠡᠷᠡᠭᠯᠡᠵᠦ᠂ ᠱᠠᠲᠤᠴᠢ ᠴᠢᠨᠠᠷᠲᠠᠢ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠪᠠ | ᠲᠤᠰᠢᠶᠠᠬᠤ ᠶᠢ ᠪᠠᠲᠤᠯᠠᠬᠤ ᠠᠰᠠᠷ ᠤᠨ ᠲᠤᠰᠬᠠᠢ ᠵᠦᠢᠯ ᠤᠨ ᠵᠢᠭᠡᠯᠡᠯᠭᠡ ᠶᠢ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠮᠠᠰᠢᠨ | ᠲᠡᠷᠭᠡ ᠵᠡᠷᠭᠡ ᠥᠷᠭᠡᠨ ᠬᠡᠷᠡᠭᠴᠡᠭᠡᠨ ᠤ ᠵᠦᠢᠯᠡᠰ ᠤᠨ ᠬᠡᠷᠡᠭᠯᠡᠭᠡ ᠶᠢ ᠠᠬᠢᠭᠤᠯᠤᠨ᠎ᠠ᠃ ᠲᠤᠯᠤᠭ᠎ᠠ ᠳᠤ᠂ ᠲᠦᠷᠦ ᠶᠢᠨ | ᠶᠠᠪᠤᠳᠠᠯ ᠤᠨ ᠬᠤᠷᠢᠶ᠎ᠠ ᠠᠴᠠ ᠪᠠᠰᠠ ᠨᠢᠭᠡ ᠪᠦᠯᠦᠭ ᠬᠢᠨᠠᠨ ᠵᠢᠯᠤᠭᠤᠳᠬᠤ ᠪᠠ ᠦᠢᠯᠡᠴᠢᠯᠡᠬᠦ ᠠᠵᠢᠯ ᠤᠨ ᠳᠤᠭᠤᠶᠢᠯᠠᠩ ᠢ | ᠲᠣᠮᠢᠯᠠᠵᠤ᠂ ᠨᠡᠯᠢᠶᠡᠳ ᠣᠯᠠᠨ ᠮᠤᠵᠢ ᠳᠤ ᠬᠦᠷᠴᠦ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠤᠨ᠎ᠠ᠃ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ ᠬᠠᠷᠢᠭᠤ ᠰᠤᠷᠪᠤᠯᠵᠢᠯᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠭᠤᠷᠪᠠᠳᠤᠭᠠᠷ ᠤᠯᠠᠷᠢᠯ ᠤᠨ ᠪᠣᠳᠠᠲᠠᠢ ᠠᠵᠢᠯ ᠤᠨ ᠬᠡᠮᠵᠢᠶ᠎ᠡ ᠶᠢ ᠪᠡᠶᠡᠯᠡᠭᠦᠯᠦᠭᠰᠡᠨ᠂ ᠭᠠᠷ | ᠭᠦᠢᠴᠡᠳᠬᠡᠯ ᠢ ᠲᠡᠭᠦᠯᠳᠡᠷᠵᠢᠭᠦᠯᠦᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠨ᠎ᠠ᠃ ᠨᠠᠢᠮᠠ ᠳᠤ᠂ ᠡᠯ᠎ᠡ | ᠭᠠᠵᠠᠷ ᠤᠨ ᠬᠢᠨ ᠪᠠᠰᠠ ᠬᠢᠨᠠᠨ ᠵᠢᠯᠤᠭᠤᠳᠬᠤ ᠪᠠ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠷᠢᠭᠤ ᠮᠡᠳᠡᠭᠦᠯᠦᠯᠲᠡ ᠲᠠᠢ ᠪᠠᠶᠢᠯᠭᠠᠬᠤ᠂ ᠪᠡᠯᠡ | ᠮᠥᠩᠭᠦ ᠶᠢ ᠨᠡᠭᠦᠯᠭᠡᠨ ᠬᠡᠷᠡᠭᠯᠡᠬᠦ ᠦᠭᠡᠢ ᠪᠠᠶᠢᠬᠤ ᠶᠢ ᠪᠠᠲᠤᠯᠠᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠵᠠᠷᠴᠢᠮ | ᠶᠣᠰᠣᠭᠠᠷ ᠴᠠᠭ ᠲᠣᠬᠢᠶᠠᠯ ᠢ ᠠᠯᠳᠠᠯ ᠦᠭᠡᠢ ᠪᠠᠷ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠵᠢᠭᠠᠬᠤ ᠳᠤ ᠪᠠᠨ᠂ | ᠥᠭᠡᠷᠡᠴᠢᠯᠡᠯᠲᠡ ᠪᠣᠯ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠳᠣᠲᠣᠷᠠᠬᠢ ᠲᠦᠢᠯ ᠤᠨ ᠴᠢᠬᠤᠯᠠ ᠪᠠᠭᠠᠵᠢ | ᠮᠥᠨ᠂ ᠥᠭᠡᠷᠡᠴᠢᠯᠡᠯᠲᠡ ᠪᠠᠷ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ | ᠬᠡᠷᠡᠭᠲᠡᠢ᠃ ᠡᠭᠦᠨ ᠳᠤ ᠭᠤᠣᠯᠳᠠᠭᠤ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ | ᠬᠤᠷᠢᠶᠠᠬᠤ ᠶᠢ ᠭᠦᠨᠵᠡᠭᠡᠢ ᠴᠡᠭᠴᠡᠯᠡᠨ ᠵᠠᠰᠠᠬᠤ᠂ ᠡᠷᠬᠡ ᠶᠢᠨ ᠵᠠᠭᠠᠭ ᠬᠢᠵᠠᠭᠠᠷ ᠢ ᠴᠢᠩᠭ᠎ᠠ ᠵᠠᠭᠠᠭᠯᠠᠨ ᠲᠣᠭᠲᠠᠭᠠᠬᠤ᠂ | ᠳᠤᠷ᠎ᠠ ᠪᠠᠷ ᠵᠣᠭᠤᠰ ᠢᠶᠠᠷ ᠲᠣᠷᠭᠠᠬᠤ᠂ ᠭᠠᠶᠢᠯᠢ ᠶᠢᠨ ᠰᠦᠢᠳᠬᠡᠯ ᠢ ᠬᠡᠲᠦᠷᠡᠲᠡᠯ᠎ᠡ ᠬᠤᠷᠢᠶᠠᠬᠤ ᠵᠡᠷᠭᠡ ᠦᠶ᠋ᠯᠡ ᠠᠵᠢᠯᠯᠠᠭ᠎ᠠ ᠶᠢ | ᠴᠢᠩᠭ᠎ᠠ ᠪᠠᠶᠢᠴᠠᠭᠠᠨ ᠰᠢᠢᠳᠪᠦᠷᠢᠯᠡᠬᠦ ᠵᠡᠷᠭᠡ ᠪᠠᠭᠲᠠᠨ᠎ᠠ᠃ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠠᠳᠠᠯᠢ ᠲᠦᠷᠦᠯ | ᠬᠡᠯᠪᠡᠷᠢ ᠶᠢᠨ ᠦᠢᠯᠡᠳᠬᠦᠨ ᠢ ᠨᠢᠭᠡ ᠯᠡ ᠤᠳᠠᠭ᠎ᠠ ᠳᠤ ᠵᠥᠪᠰᠢᠶᠡᠷᠡᠬᠦ ᠶᠢ ᠬᠡᠷᠡᠭᠵᠢᠭᠦᠯᠦᠨ᠎ᠡ᠃ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠣᠯᠴᠢ | ᠥᠷᠢᠰᠦᠯᠳᠦᠭᠡᠨ ᠢ ᠬᠠᠮᠠᠭᠠᠯᠠᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠤᠨ ᠰᠦᠪᠡᠭᠴᠢ ᠶᠢ | ᠴᠤᠭᠯᠠᠭᠤᠯᠬᠤ ᠪᠠ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠎ᠡ ᠭᠡᠵᠡᠢ᠃ ᠬᠤᠷᠠᠯ ᠠᠴᠠ ᠪᠤᠰᠤᠳ ᠵᠦᠢᠯ ᠢ ᠰᠤᠳᠤᠯᠪᠠ | ᠃ | |