| | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ | ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠤᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ ᠦᠷ᠎ᠡ | ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ | ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ᠃ ᠨᠠᠮᠤᠷ ᠤᠨ ᠠᠮᠤ ᠪᠤᠳᠠᠭᠠᠨ ᠤ | ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ ᠨᠠᠮᠤᠷ ᠤᠨ ᠬᠤᠷᠢᠶᠠᠯᠲᠠ ᠶᠢ | ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠨᠡᠮᠡᠭᠳᠡᠭᠦᠯᠬᠦ ᠲᠤᠬᠠᠢ ᠪᠠᠶᠢᠷᠢᠯᠠᠭᠤᠯᠪᠠ᠃ ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ | ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ᠃ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠤᠤᠷᠠᠭ︶︾ ᠢ ᠪᠠᠲᠤᠯᠠᠪᠠ᠃ ᠰᠢᠨᠬᠤᠸᠠ ᠬᠤᠷᠢᠶᠠᠨ ᠤ ᠪᠡᠭᠡᠵᠢᠩ ᠤᠨ 9 | ᠳ᠋ᠦ᠋ᠭᠡᠷ ᠰᠠᠷ᠎ᠠ ᠶᠢᠨ 27 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ | ᠴᠢᠶᠠᠩ 9 ᠳ᠋ᠦ᠋ᠭᠡᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ ᠪᠠᠲᠤᠯᠠᠭ᠎ᠠ ᠶᠢᠨ | ᠮᠥᠩᠭᠦ ᠶᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠣᠯᠠᠮ ᠨᠢᠭᠡ ᠠᠯᠬᠤᠮ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠪᠠᠷ ᠲᠣᠭᠲᠠᠪᠠ︔ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠬᠡᠪᠴᠢᠶ᠎ᠡ ᠶᠢ ᠥᠷᠭᠡᠳᠬᠡᠨ ᠦᠷ᠎ᠡ | ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ | ᠣᠯᠠᠨ ᠲᠦᠮᠡᠨ ᠤ ᠠᠮᠢᠳᠤᠷᠠᠯ ᠳᠤ ᠲᠥᠬᠦᠮ ᠦᠵᠡᠭᠦᠯᠬᠦ ᠲᠤᠬᠠᠢ ᠪᠠᠶᠢᠷᠢᠯᠠᠭᠤᠯᠪᠠ︔ ᠨᠠᠮᠤᠷ ᠤᠨ ᠠᠮᠤ ᠪᠤᠳᠠᠭᠠᠨ ᠤ | ᠬᠤᠷᠢᠶᠠᠯᠲᠠ ᠶᠢ ᠰᠠᠶᠢᠲᠤᠷ ᠠᠳᠬᠤᠬᠤ ᠪᠠ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠠᠳᠬᠤᠵᠤ᠂ ᠨᠠᠮᠤᠷ ᠤᠨ ᠬᠤᠷᠢᠶᠠᠯᠲᠠ ᠶᠢ | ᠬᠥᠮᠥᠷᠭᠡ ᠳᠤ ᠣᠷᠣᠭᠤᠯᠬᠤ ᠶᠢ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠴᠢᠳᠠᠪᠤᠷᠢ ᠶᠢ | ᠨᠡᠮᠡᠭᠳᠡᠭᠦᠯᠬᠦ ᠪᠠᠷ ᠪᠠᠶᠢᠷᠢᠯᠠᠭᠤᠯᠪᠠ︔ ᠲᠥᠷᠥ ᠶᠢᠨ ᠪᠣᠳᠣᠯᠭ᠎ᠠ ᠪᠠᠷ ᠳᠡᠮᠵᠢᠵᠦ ᠬᠤᠳᠠᠯᠳᠤᠭᠠᠴᠢᠯᠠᠨ ᠡᠵᠡᠩᠨᠡᠬᠦ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠪᠠᠷ ᠲᠣᠭᠲᠠᠭᠠᠵᠤ | ᠂ ᠣᠯᠠᠨ ᠶᠠᠩᠵᠤᠴᠢᠯᠠᠭᠰᠠᠨ ᠬᠡᠷᠡᠭᠴᠡᠭᠡ ᠶᠢ ᠬᠠᠩᠭᠠᠪᠠ︔ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠣᠣᠷᠠᠭ︶︾ ᠢ ᠪᠠᠲᠤᠯᠠᠪᠠ᠃ ᠬᠤᠷᠠᠯ ᠠᠴᠠ ᠵᠢᠭᠠᠬᠤ ᠳᠤ ᠪᠠᠨ᠂ ᠨᠡᠮᠡᠭᠳᠡᠯ ᠢ | ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠶᠢᠨ | ᠵᠠᠩᠭᠢᠯᠠᠭ᠎ᠠ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠪᠤᠢ᠃ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ | ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠦᠢᠯᠡᠳᠬᠡᠯ ᠤᠨ | ᠦᠢᠯᠡᠰ ᠤᠨ ᠬᠦᠴᠢᠷᠳᠡᠯ ᠶᠡᠭᠡ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠬᠦᠴᠢᠷᠳᠡᠯ ᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠠᠵᠤ ᠠᠬᠤᠢ ᠶᠢᠨ ᠳᠠᠬᠢᠨ ᠲᠣᠭᠲᠠᠭᠤᠨ ᠢᠶᠠᠷ ᠥᠭᠡᠳᠡᠯᠡᠨ ᠳᠠᠪᠰᠢᠬᠤ ᠶᠢ ᠠᠬᠢᠭᠤᠯᠬᠤ ᠬᠡᠷᠡᠭᠲᠡᠢ᠃ | ᠳᠥᠷᠪᠡᠳᠦᠭᠡᠷ ᠤᠯᠠᠷᠢᠯ ᠳᠤ ᠪᠠᠰᠠ ᠨᠢᠭᠡ ᠪᠦᠯᠦᠭ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ | ᠨᠢᠭᠡ ᠳᠤ᠂ ᠲᠠᠷᠢᠶᠠᠨ ᠭᠠᠵᠠᠷ ᠢ ᠬᠠᠭᠠᠯᠪᠤᠷᠢᠯᠠᠬᠤ ᠰᠦᠢᠳᠬᠡᠯ᠂ ᠪᠣᠬᠢᠷ ᠤᠰᠤ ᠪᠠ ᠠᠮᠢᠳᠤᠷᠠᠯ ᠤᠨ ᠬᠤᠭ ᠨᠣᠪᠰᠢ ᠶᠢ | ᠰᠢᠢᠳᠪᠦᠷᠢᠯᠡᠬᠦ ᠰᠦᠢᠳᠬᠡᠯ ᠵᠡᠷᠭᠡ 14 ᠵᠦᠢᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠢ | ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ 530 ᠭᠠᠷᠤᠢ ᠳ᠋ᠦᠩᠰᠢᠭᠤᠷ ᠲᠥᠭᠦᠷᠢᠭ ᠲᠤ | ᠬᠦᠷᠴᠦ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃ ᠡᠯ᠎ᠡ ᠭᠠᠵᠠᠷ ᠤᠨ ᠬᠢᠨ ᠤ | ᠣᠷᠣᠨ ᠨᠤᠲᠤᠭ ᠤᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ | ᠬᠤᠷᠢᠶᠠᠯᠲᠠ ᠶᠢ ᠬᠤᠶᠢᠰᠢᠯᠠᠭᠤᠯᠤᠨ ᠲᠤᠰᠢᠶᠠᠬᠤ ᠶᠢ ᠵᠣᠷᠢᠭᠵᠢᠭᠤᠯᠵᠤ᠂ ᠳᠤᠷ᠎ᠠ ᠪᠠᠷ ᠰᠦᠢᠳᠬᠡᠯ ᠬᠤᠷᠢᠶᠠᠬᠤ ᠶᠢ ᠴᠢᠩᠭ᠎ᠠ | ᠴᠠᠭᠠᠵᠠᠯᠠᠨ᠎ᠠ᠃ ᠬᠤᠶᠠᠷ ᠲᠤ᠂ ᠡᠯ᠎ᠡ ᠲᠥᠷᠥᠯ ᠤᠨ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠤᠨ ᠪᠠᠲᠤᠯᠠᠭ᠎ᠠ ᠶᠢᠨ | ᠮᠥᠩᠭᠦ ᠶᠢ ᠬᠤᠶᠢᠰᠢᠯᠠᠭᠤᠯᠤᠨ ᠲᠤᠰᠢᠶᠠᠨ᠎ᠠ᠂ ᠡᠭᠦᠨ ᠳᠤ ᠲᠤᠰᠢᠶᠠᠬᠤ ᠬᠡᠪᠴᠢᠶ᠎ᠡ ᠨᠢ ᠪᠠᠷᠤᠭ 630 ᠳ᠋ᠦᠩᠰᠢᠭᠤᠷ | ᠲᠥᠭᠦᠷᠢᠭ ᠪᠣᠯᠣᠨ᠎ᠠ᠃ ᠭᠤᠷᠪᠠ ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠡᠯᠡᠭᠰᠡᠨ ᠢᠶᠠᠨ ᠵᠠᠪᠠᠯ ᠭᠦᠢᠴᠡᠳᠬᠡᠵᠦ᠂ | ᠬᠢᠭᠰᠡᠨ ᠢᠶᠠᠨ ᠵᠠᠪᠠᠯ ᠦᠷ᠎ᠡ ᠳ᠋ᠦᠩ ᠲᠠᠢ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠰᠢᠭ ᠬᠦᠷᠳᠡᠬᠦ ᠶᠢ | ᠪᠠᠲᠤᠯᠠᠬᠤ ᠬᠡᠷᠡᠭᠲᠡᠢ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠮᠤᠵᠢ | ᠠᠯᠤᠰᠯᠠᠨ ᠨᠡᠶᠢᠳᠡᠮ ᠭᠦᠢᠴᠡᠳᠬᠡᠬᠦ︾ ᠪᠣᠯ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠠᠵᠢᠯ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ | ᠪᠠᠭᠤᠷᠠᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠣᠯᠠᠨ ᠲᠦᠮᠡᠨ ᠤ | ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ ᠦᠵᠡᠭᠦᠯᠬᠦ ᠳᠤ ᠠᠰᠢᠭᠲᠠᠢ ᠶᠤᠮ ᠭᠡᠵᠡᠢ᠃ ᠬᠤᠷᠠᠯ ᠠᠴᠠ᠂ | ᠨᠢᠭᠡ ᠳᠤ᠂ 187 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠶᠢ ᠨᠢᠭᠡᠨᠲᠡ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠷᠬᠤ ᠬᠡᠪᠴᠢᠶ᠎ᠡ ᠪᠠᠷ ᠥᠷᠭᠡᠨ᠂ ᠭᠦᠢᠴᠡᠳᠬᠡᠬᠦ ᠳᠠᠪᠲᠠᠮᠵᠢ | ᠥᠨᠳᠥᠷ 22 ᠵᠦᠢᠯ ᠤᠨ ᠲᠥᠷᠥᠯ ᠵᠦᠢᠯ ᠢ ᠰᠢᠨ᠎ᠡ ᠪᠠᠷ ᠨᠡᠮᠡᠨ᠎ᠡ᠃ ᠠᠵᠤ ᠠᠬᠤᠶᠢᠯᠠᠯ ᠳᠤ᠂ ᠡᠯᠧᠺᠳ᠋ᠷᠣᠨ ᠭᠠᠶᠢᠯᠢ | ᠲᠤᠰᠢᠶᠠᠬᠤ᠂ ᠭᠠᠶᠢᠯᠢ ᠲᠤᠰᠢᠶᠠᠭᠰᠠᠨ ᠭᠡᠷᠡᠴᠢ ᠪᠢᠴᠢᠵᠦ ᠥᠭᠬᠦ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠮᠡᠳᠡᠭᠦᠯᠬᠦ | ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ︔ ᠬᠤᠪᠢ ᠬᠥᠮᠥᠨ ᠳᠤ ᠠᠪᠴᠤ ᠬᠡᠯᠡᠪᠡᠯ᠂ | ᠲᠦᠷ ᠴᠠᠭ ᠤᠨ ᠪᠡᠶ᠎ᠡ ᠶᠢᠨ ᠦᠨᠡᠮᠯᠡᠯ ᠠᠪᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠳᠠᠩᠰᠠᠯᠠᠯᠲᠠ ᠪᠠ ᠬᠠᠷᠠᠭᠠᠯᠵᠠᠯ ᠭᠤᠶᠤᠴᠢᠯᠠᠬᠤ᠂ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠢ ᠣᠨᠴᠠᠭᠠᠢ ᠡᠪᠡᠳᠴᠢᠨ ᠤ ᠵᠠᠷᠤᠳᠠᠯ ᠢ ᠳ᠋ᠦᠩᠨᠡᠨ ᠪᠤᠳᠤᠬᠤ ᠵᠡᠷᠭᠡ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠶᠢ ᠪᠡᠶᠡᠯᠡᠭᠦᠯᠦᠨ᠎ᠡ᠃ ᠬᠤᠶᠠᠷ ᠲᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠳᠤ ᠪᠠᠨ | ᠬᠦᠷᠲᠡᠬᠦ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠢ ᠨᠢᠭᠡᠳᠬᠡᠵᠦ᠂ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾ ᠨᠠᠩ ᠣᠯᠠᠨ ᠲᠥᠷᠥᠯ ᠵᠦᠢᠯ ᠢ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠯᠡ ᠤᠳᠠᠭ᠎ᠠ ᠳᠤ | ᠭᠦᠢᠴᠡᠳᠬᠡᠬᠦ ᠶᠢ ᠠᠬᠢᠭᠤᠯᠤᠨ᠎ᠠ︔ ᠨᠠᠰᠤᠲᠠᠶᠢᠴᠤᠳ ᠤᠨ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠡᠷᠭᠡ ᠦᠢᠯᠡᠴᠢᠯᠡᠭᠡ ᠶᠢ | ᠬᠡᠷᠡᠭᠵᠢᠭᠦᠯᠦᠨ᠎ᠡ᠃ ᠭᠤᠷᠪᠠ ᠳᠤ᠂ ᠬᠤᠪᠢ ᠬᠥᠮᠥᠨ ᠤ ᠨᠢᠭᠤᠴᠠ ᠪᠠ ᠠᠵᠤ ᠠᠬᠤᠶᠢᠯᠠᠯ ᠤᠨ ᠬᠤᠳᠠᠯᠳᠤᠭᠠᠨ ᠤ | ᠨᠢᠭᠤᠴᠠ ᠶᠢ ᠬᠠᠤᠯᠢ ᠶᠣᠰᠣᠭᠠᠷ ᠬᠠᠮᠠᠭᠠᠯᠠᠨ᠎ᠠ ᠭᠡᠵᠦ ᠲᠣᠭᠲᠠᠭᠠᠪᠠ᠃ ᠬᠤᠷᠠᠯ ᠠᠴᠠ ᠵᠢᠭᠠᠬᠤ ᠳᠤ ᠪᠠᠨ᠂ ᠠᠷᠠᠳ ᠢᠷᠭᠡᠳ | ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠃ ᠨᠠᠮᠤᠷ ᠤᠨ ᠠᠮᠤ ᠪᠤᠳᠠᠭᠠᠨ ᠤ ᠪᠠᠶᠢᠳᠠᠯ ᠠᠴᠠ ᠦᠵᠡᠪᠡᠯ᠂ ᠪᠦᠬᠦ | ᠵᠢᠯ ᠤᠨ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠬᠠᠷᠠᠯᠲᠠ ᠶᠢ | ᠪᠡᠶᠡᠯᠡᠭᠦᠯᠵᠦ ᠴᠢᠳᠠᠨ᠎ᠠ᠃ ᠲᠠᠷᠢᠶᠠᠯᠠᠩ ᠤᠨ ᠴᠠᠭ ᠢ ᠰᠠᠭᠠᠲᠠᠭᠠᠯ ᠦᠭᠡᠢ ᠨᠠᠮᠤᠷ ᠤᠨ ᠠᠮᠤ ᠪᠤᠳᠠᠭ᠎ᠠ ᠶᠢ ᠵᠠᠪᠳᠤᠨ ᠬᠤᠷᠢᠶᠠᠵᠤ | ᠂ ᠡᠯᠪᠡᠭ ᠬᠤᠷᠢᠶᠠᠯᠲᠠ ᠣᠯᠵᠤ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠨᠠᠮᠤᠷ ᠡᠪᠦᠯ ᠤᠨ | ᠲᠠᠷᠢᠶᠠᠯᠠᠭ᠎ᠠ ᠶᠢᠨ ᠲᠠᠯᠠᠪᠠᠢ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠭᠡ | ᠪᠦᠯᠦᠭ ᠰᠢᠨ᠎ᠡ ᠲᠥᠷᠥᠯ ᠵᠦᠢᠯ ᠤᠨ ᠠᠵᠢᠯ ᠢ ᠡᠬᠢᠯᠡᠭᠦᠯᠦᠨ᠂ ᠵᠢᠯ ᠤᠨ ᠳᠣᠲᠣᠷ᠎ᠠ 3000 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠬᠥᠭᠵᠢᠯᠲᠡ ᠶᠢᠨ | ᠲᠦᠷᠦ ᠶᠢᠨ ᠪᠣᠳᠣᠯᠭ᠎ᠠ ᠪᠠᠷ ᠳᠡᠮᠵᠢᠬᠦ᠂ ᠬᠤᠳᠠᠯᠳᠤᠭᠠᠴᠢᠯᠠᠨ ᠡᠵᠡᠩᠨᠡᠬᠦ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠪᠣᠯ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠥᠬᠦᠪᠦᠷᠢ ᠪᠣᠯᠣᠨ᠎ᠠ᠂ ᠡᠨᠡ ᠨᠢ ᠤᠯᠠᠨ | ᠲᠦᠮᠡᠨ ᠤ ᠤᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠪᠠᠲᠤᠯᠠᠪᠤᠷᠢ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠠᠰᠢᠭᠲᠠᠢ ᠶᠤᠮ ᠭᠡᠵᠡᠢ᠃ ᠬᠤᠷᠠᠯ ᠠᠴᠠ᠂ ᠲᠥᠷᠥ ᠶᠢᠨ ᠪᠣᠳᠣᠯᠭ᠎ᠠ ᠪᠠᠷ ᠳᠡᠮᠵᠢᠵᠦ ᠪᠠᠶᠢᠭ᠎ᠠ᠂ | ᠬᠤᠳᠠᠯᠳᠤᠭᠠᠴᠢᠯᠠᠨ ᠡᠵᠡᠩᠨᠡᠵᠦ ᠪᠠᠶᠢᠭ᠎ᠠ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠬᠤᠪᠢ ᠬᠥᠮᠥᠨ ᠤ | ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠦᠵᠡᠭᠦᠯᠦᠨ᠎ᠡ᠄ ᠳᠠᠷᠤᠢ ᠵᠠᠷᠤᠳᠠᠯ ᠲᠤᠰᠢᠶᠠᠭᠴᠢ ᠠᠴᠠ ᠵᠢᠯ ᠪᠦᠷᠢ | 12000 ᠲᠥᠭᠦᠷᠢᠭ ᠤᠨ ᠬᠢᠵᠠᠭᠠᠷ ᠲᠤᠭ᠎ᠠ ᠪᠠᠷ ᠭᠠᠶᠢᠯᠢ ᠲᠤᠰᠢᠶᠠᠬᠤ ᠠᠴᠠ ᠡᠮᠦᠨ᠎ᠡ ᠰᠠᠭᠤᠳᠬᠠᠨ ᠠᠪᠴᠤ᠂ ᠪᠡᠯᠡ | ᠣᠷᠣᠭᠤᠯᠤᠯᠲᠠ ᠶᠢᠨ ᠠᠰᠢᠭ ᠣᠷᠣᠯᠭ᠎ᠠ ᠠᠴᠠ ᠲᠦᠷ ᠭᠠᠶᠢᠯᠢ ᠲᠠᠲᠠᠪᠤᠷᠢᠯᠠᠬᠤ ᠦᠭᠡᠢ᠂ ᠣᠷᠣᠯᠭ᠎ᠠ ᠣᠯᠬᠤ ᠪᠣᠳᠠᠲᠠᠢ | ᠭᠠᠶᠢᠯᠢ ᠶᠢᠨ ᠡᠭᠦᠷᠭᠡᠯᠡᠯ ᠢ 7.5% ᠪᠠᠶᠢᠭᠰᠠᠨ ᠠᠴᠠ 3% ᠪᠣᠯᠭᠠᠨ ᠪᠠᠭᠤᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠪᠣᠯᠲᠠᠯ᠎ᠠ ᠮᠥᠷᠳᠡᠨ ᠬᠤᠶᠢᠰᠢᠯᠠᠭᠤᠯᠤᠨ᠎ᠠ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠮᠠᠨ ᠤ ᠤᠯᠤᠰ ᠲᠤ ᠵᠠᠬ᠎ᠠ ᠳᠡᠯᠭᠡᠭᠦᠷ ᠤᠨ ᠭᠤᠣᠯ ᠴᠣᠭᠴᠠ 1.6 ᠳ᠋ᠦᠩᠰᠢᠭᠤᠷ ᠡᠷᠦᠬᠡ | ᠪᠠᠶᠢᠵᠤ᠂ ᠡᠭᠦᠨ ᠤ ᠳᠣᠲᠣᠷ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 1.1 ᠳ᠋ᠦᠩᠰᠢᠭᠤᠷ ᠡᠷᠦᠬᠡ ᠪᠠᠶᠢᠨ᠎ᠠ᠃ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠠᠵᠢᠯ ᠣᠯᠭᠤᠯᠲᠠ ᠶᠢ ᠠᠬᠢᠭᠤᠯᠵᠤ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠬᠡᠷᠡᠭᠴᠡᠭᠡ ᠶᠢ ᠥᠷᠭᠡᠳᠬᠡᠵᠦ᠂ ᠠᠵᠤ ᠠᠬᠤᠢ ᠶᠢᠨ ᠪᠢᠴᠢᠯ ᠡᠷᠭᠢᠯᠲᠡ ᠶᠢ ᠰᠠᠭᠠᠳ ᠦᠭᠡᠢ | ᠨᠡᠪᠲᠡᠷᠡᠭᠦᠯᠬᠦ ᠳᠤ ᠥᠪᠡᠷᠮᠢᠴᠡ ᠪᠥᠭᠡᠳ ᠴᠢᠬᠤᠯᠠ ᠦᠢᠯᠡᠳᠦᠯ ᠲᠠᠢ ᠪᠠᠶᠢᠳᠠᠭ ᠪᠣᠯᠬᠤᠷ ᠬᠠᠤᠯᠢ ᠪᠠᠷ ᠵᠠᠰᠠᠬᠤ ᠪᠠᠲᠤᠯᠠᠭ᠎ᠠ ᠶᠢ | ᠴᠢᠩᠭᠠᠳᠬᠠᠬᠤ ᠬᠡᠷᠡᠭᠲᠡᠢ ᠭᠡᠵᠡᠢ᠃ ᠬᠤᠷᠠᠯ ᠠᠴᠠ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ | ᠬᠥᠭᠵᠢᠯᠲᠡ ᠶᠢ ᠠᠬᠢᠭᠤᠯᠬᠤ ᠳᠦᠷᠢᠮ ︵ᠡᠬᠡ ᠨᠣᠣᠷᠠᠭ︶︾ ᠢ ᠪᠠᠲᠤᠯᠠᠵᠤ᠂ ᠡᠷᠬᠡ ᠲᠡᠭᠰᠢ ᠪᠠᠷ ᠵᠥᠪᠰᠢᠶᠡᠷᠡᠨ | ᠣᠷᠣᠭᠤᠯᠬᠤ᠂ ᠡᠷᠬᠡ ᠲᠡᠭᠰᠢ ᠬᠠᠷᠠᠭᠠᠯᠵᠠᠯ ᠦᠵᠡᠭᠦᠯᠬᠦ ᠶᠢ ᠬᠡᠷᠡᠭᠵᠢᠭᠦᠯᠵᠦ᠂ ᠡᠳ᠋ ᠬᠥᠷᠥᠩᠭᠡ ᠶᠢᠨ ᠡᠷᠬᠡ᠂ | ᠡᠵᠡᠩᠨᠡᠯᠲᠡ ᠶᠢᠨ ᠡᠵᠡᠨ ᠮᠡᠳᠡᠬᠦ ᠡᠷᠬᠡ ᠶᠢ ᠬᠠᠤᠯᠢ ᠶᠣᠰᠣᠭᠠᠷ ᠬᠠᠮᠠᠭᠠᠯᠠᠬᠤ ᠶᠢ ᠲᠣᠳᠣᠷᠬᠠᠶᠢᠯᠠᠵᠤ᠂ ᠳᠠᠩᠰᠠᠯᠠᠬᠤ ᠪᠠ ᠭᠠᠶᠢᠯᠢ | ᠰᠦᠢᠳᠬᠡᠯ ᠤᠨ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠪᠦᠲᠦᠮᠵᠢᠲᠡᠢ ᠠᠷᠭ᠎ᠠ ᠬᠢᠳᠡᠯ ᠢ ᠬᠠᠤᠯᠢ ᠲᠣᠭᠲᠠᠭᠠᠯ | ᠪᠣᠯᠭᠠᠨ ᠳᠡᠭᠡᠭᠰᠢᠯᠡᠭᠦᠯᠦᠨ᠎ᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠬᠠᠤᠯᠢ ᠶᠣᠰᠣᠭᠠᠷ ᠦᠨᠡᠨᠴᠢ | ᠢᠲᠡᠭᠡᠮᠵᠢᠲᠡᠢ ᠪᠠᠷ ᠡᠵᠡᠩᠨᠡᠬᠦ ᠬᠡᠷᠡᠭᠲᠡᠢ᠂ ᠶᠠᠮᠠᠷᠪᠠ ᠨᠢᠭᠡᠴᠢ ᠪᠠ ᠬᠤᠪᠢ ᠬᠥᠮᠥᠨ ᠲᠡᠭᠦᠨ ᠤ ᠬᠠᠤᠯᠢ ᠶᠣᠰᠣᠨ ᠤ ᠡᠷᠬᠡ | ᠠᠰᠢᠭ ᠲᠤ ᠬᠠᠯᠳᠠᠵᠤ ᠪᠣᠯᠬᠤ ᠦᠭᠡᠢ ᠭᠡᠵᠡᠢ᠃ ᠬᠤᠷᠠᠯ ᠠᠴᠠ ᠪᠤᠰᠤᠳ ᠵᠦᠢᠯ ᠢ ᠰᠤᠳᠤᠯᠪᠠ᠃ | | | | | | |