| | ᠰᠢᠨᠬᠤᠸᠠ ᠬᠤᠷᠢᠶᠠᠨ ᠤ ᠫᠨᠤᠮ ᠪᠧᠩ ᠤᠨ 11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ | ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ ᠲᠣᠮᠣ ᠠᠰᠠᠷ ᠲᠤ | ᠺᠠᠮᠪᠤᠵᠠ ᠶᠢᠨ ᠲᠡᠷᠢᠭᠦᠨ ᠰᠠᠶᠢᠳᠡᠾᠦ᠋ᠨᠰᠧᠨ ᠲᠠᠢ ᠬᠡᠯᠡᠯᠴᠡᠭᠡ ᠬᠢᠪᠡ᠃ ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ | ᠺᠠᠮᠪᠤᠵᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ | ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ᠃ ᠲᠡᠷᠢᠭᠦᠯᠡᠭᠴᠢ | ᠰᠢ ᠶᠢᠨ ᠫᠢᠩ 2016 ᠣᠨ ᠳᠤ ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ᠂ 2020 ᠣᠨ ᠳᠤ ᠮᠦᠨᠢᠯᠢᠶᠧ | ᠲᠠᠶᠢᠬᠡᠦ ᠳᠤ ︽ᠨᠥᠬᠦᠷᠯᠡᠯ ᠤᠨ ᠭᠠᠪᠢᠶᠠᠨ ᠲᠡᠮᠳᠡᠭ︾ ᠣᠯᠭᠤᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ | ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ | ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ | ᠭᠦᠨ ᠰᠠᠭᠤᠭᠳᠠᠯ ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ᠂ ᠪᠢ ᠠᠩᠬ᠎ᠠ | ᠤᠳᠠᠭ᠎ᠠ ᠫᠨᠣᠮ ᠪᠧᠩ ᠳᠤ ᠬᠦᠷᠴᠦ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ | ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠣᠯᠣᠭᠰᠠᠨ ᠳᠤ ᠪᠠᠨ ᠮᠠᠰᠢ | ᠪᠠᠶᠠᠷ ᠲᠠᠢ ᠪᠠᠶᠢᠨ᠎ᠠ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ ᠪᠣᠯᠤᠭᠰᠠᠨ ᠳ᠋ᠤᠲ᠋ᠤᠮᠳᠠᠳᠤ ᠤᠯᠤᠰ | ᠪᠠᠶᠠᠷ ᠬᠦᠷᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ ᠤᠯᠤᠰ ᠭᠡᠰᠡᠨ ᠦᠭᠡᠢ ᠴᠥᠮ | ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠪᠦᠷ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ ᠬᠢᠨ ᠤ ᠲᠤᠰ ᠤᠯᠤᠰ ᠤᠨ ᠢᠶᠠᠨ | ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠺᠠᠮᠪᠤᠵᠠ ᠶᠢᠨ ᠳᠡᠯᠡᠬᠡᠢ ᠶᠢᠨ ᠪᠠ ᠭᠠᠵᠠᠷ | ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠳᠡᠮᠵᠢᠵᠦ᠂ ᠳᠤᠷᠠᠲᠠᠶ᠎ᠠ ᠺᠠᠮᠪᠤᠵᠠ ᠶᠢᠨ | ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠢᠶᠠᠨ | ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ | ᠳᠡᠮᠵᠢᠯᠴᠡᠵᠦ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ | ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ | ᠰᠠᠶᠢᠨ ᠪᠤᠶᠠᠨ ᠦᠢᠯᠡᠳᠦᠨ᠎ᠡ ᠭᠡᠵᠡᠢ᠃ ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ | ᠺᠠᠮᠪᠤᠵᠠ ᠶᠢᠨ ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ | ᠤᠢ ᠪᠠᠷ ᠠᠵᠠ ᠲᠣᠬᠢᠶᠠᠯ ᠪᠣᠯᠭᠠᠨ᠂ ︽ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ︾ ᠤ ᠰᠢᠷᠢᠰ ᠠᠵᠢᠯᠯᠠᠭ᠎ᠠ ᠶᠢ | ᠰᠠᠶᠢᠲᠤᠷ ᠡᠷᠬᠢᠯᠡᠨ᠎ᠡ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠶᠢᠯᠡᠰᠵᠢᠯᠲᠡ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠺᠠᠮᠪᠤᠵᠠ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ ᠮᠢᠨ᠎ᠠ | ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠺᠠᠮᠪᠤᠵᠠ ᠶᠢ ᠲᠤᠰᠠᠯᠠᠬᠤ ᠵᠠᠮ᠂ ᠡᠮ ᠡᠮᠨᠡᠯᠭᠡ᠂ ᠤᠰᠤ ᠬᠠᠩᠭᠠᠬᠤ ᠵᠡᠷᠭᠡ | ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ | ᠬᠥᠮᠦᠵᠢᠯ᠂ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠰᠢᠭᠤᠳ ᠬᠦᠷᠬᠦ | ᠡᠭᠡᠯᠵᠢ ᠶᠢᠨ ᠨᠢᠰᠬᠡᠯ ᠢ ᠨᠡᠮᠡᠭᠳᠡᠭᠦᠯᠵᠦ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ | ᠰᠤᠷᠤᠯᠴᠠᠬᠤ ᠶᠢ ᠪᠠᠶᠠᠷᠯᠠᠨ ᠤᠭᠲᠤᠨ᠎ᠠ ᠭᠡᠵᠡᠢ᠃ ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ᠂ | ᠬᠥᠭᠵᠢᠭᠰᠡᠨ᠂ ᠴᠡᠴᠡᠭᠯᠡᠭᠰᠡᠨ ᠺᠠᠮᠪᠤᠵᠠ ᠨᠢ ᠭᠠᠵᠠᠷ ᠣᠷᠣᠨ ᠤ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ᠂ ᠳᠤᠮᠳᠠᠳᠤ | ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ | ᠤᠯᠤᠰ ᠪᠣᠯᠤᠭᠰᠠᠨ ᠤ ᠬᠤᠪᠢ ᠳᠤ ᠺᠠᠮᠪᠤᠵᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ | ᠤᠳᠤᠷᠢᠳᠬᠤ ᠬᠥᠮᠥᠰ ᠤᠨ ᠰᠢᠷᠢᠰ ᠬᠤᠷᠠᠯ ᠢ ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ | ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠭᠤᠣᠯᠯᠠᠬᠤ ᠪᠠᠶᠢᠷᠢ | ᠰᠠᠭᠤᠷᠢ ᠶᠢ ᠡᠷᠡᠰ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ | ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠣᠯᠠᠨ | ᠤᠯᠤᠰ ᠤᠨ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠦᠢᠯᠡᠳᠦᠯ | ᠦᠵᠡᠭᠦᠯᠬᠦ ᠶᠢ ᠳᠡᠮᠵᠢᠨ᠎ᠡ ᠭᠡᠵᠡᠢ᠃ ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ | ᠳᠣᠲᠣᠨᠣᠰᠤᠭ ᠬᠠᠷᠢᠴᠠᠭ᠎ᠠ ᠲᠠᠢ ᠨᠠᠶᠢᠵᠠ ᠶᠤᠮ᠂ ᠺᠠᠮᠪᠤᠵᠠ ᠳᠤᠮᠳᠠᠳᠤ ᠶᠢᠨ ᠨᠥᠬᠦᠷᠯᠡᠯ ᠨᠢ ᠺᠠᠮᠪᠤᠵᠠ ᠶᠢᠨ ᠠᠷᠠᠳ | ᠲᠦᠮᠡᠨ ᠤ ᠬᠦᠷᠢᠶᠡᠯᠡᠯ ᠳᠡᠮᠵᠢᠯᠭᠡ ᠶᠢ ᠣᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠮᠠᠰᠢ ᠶᠡᠭᠡ ᠬᠦᠰᠡᠯ | ᠡᠷᠡᠮᠡᠯᠵᠡᠯ ᠲᠠᠢ ᠪᠠᠶᠢᠨ᠎ᠠ᠃ ᠺᠠᠮᠪᠤᠵᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ | ᠡᠷᠡᠰ ᠬᠡᠷᠡᠭᠵᠢᠭᠦᠯᠵᠦ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠬᠤ ᠶᠢ ᠳᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠢᠷᠡᠬᠦ ᠵᠢᠯ ᠤᠨ ᠬᠤᠶᠠᠷ | ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ | ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠡᠨᠧᠷᠭᠢ᠂ ᠰᠠᠭᠤᠷᠢ ᠲᠥᠬᠦᠭᠡᠷᠦᠮᠵᠢ᠂ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠣᠯᠣᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ | ᠠᠬᠢᠭᠤᠯᠤᠨ᠎ᠠ᠃ ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠳᠠᠬᠢ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ | ᠵᠠᠷᠴᠢᠮ ᠢ ᠬᠦᠨᠳᠦᠳᠬᠡᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ | ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ | ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ ᠬᠠᠮᠠᠭᠠᠯᠠᠨ᠎ᠠ ᠭᠡᠵᠡᠢ᠃ ᠬᠤᠶᠠᠷ ᠲᠠᠯ᠎ᠠ ᠪᠠᠷ ᠢᠶᠠᠨ ᠪᠠᠰᠠ | ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ | ᠰᠣᠯᠢᠯᠴᠠᠵᠠᠢ᠃ ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ | ᠲᠡᠷᠢᠭᠦᠨ ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠰᠤᠷᠭᠠᠨ | ᠬᠥᠮᠦᠵᠢᠯ᠂ ᠬᠢᠲᠠᠳ ᠡᠮ ᠡᠮᠨᠡᠯᠭᠡ᠂ ᠪᠣᠭᠤᠮᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠭᠤᠷ ᠠᠮᠢᠰᠬᠤᠯ ᠤᠨ | ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠤ ᠠᠷᠪᠠᠨ ᠬᠡᠳᠦᠨ ᠵᠦᠢᠯ ᠤᠨ | ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠫᠨᠣᠮ ᠪᠧᠩ ᠠᠴᠠ ᠰᠢᠾᠠᠨᠦ᠋ᠺ | ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ ᠪᠦᠷᠢᠳᠦᠭᠰᠡᠨ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ ᠣᠷᠣᠯᠴᠠᠪᠠ᠃ ᠳᠤᠮᠳᠠᠳᠤ | ᠺᠠᠮᠪᠤᠵᠠ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃ ᠬᠡᠯᠡᠯᠴᠡᠭᠡ ᠬᠢᠬᠦ ᠠᠴᠠ ᠡᠮᠦᠨ᠎ᠡ | ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ | ᠯᠢ ᠺᠧ ᠴᠢᠶᠠᠩ ᠶᠡᠷᠦᠩᠬᠡᠢ ᠰᠠᠶᠢᠳ ᠪᠤᠯᠤᠨ ᠡᠾᠦ᠋ᠨᠰᠧᠨ ᠲᠡᠷᠢᠭᠦᠨ ᠰᠠᠶᠢᠳ ᠰᠢᠯᠭᠠᠨ ᠦᠵᠡᠬᠦ ᠲᠠᠶᠢᠰᠠᠨ ᠳᠤ ᠭᠠᠷᠴᠤ᠂ | ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ | ᠃ ᠯᠢ ᠺᠧ ᠴᠢᠶᠠᠩᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃ ᠲᠤᠰ | ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ ᠳᠤᠷᠠᠰᠬᠠᠯ ᠤᠨ ᠬᠥᠰᠢᠶ᠎ᠡ | ᠪᠣᠯᠣᠨ ᠤᠯᠤᠰ ᠤᠨ ᠸᠠᠩ ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃ ᠰᠢᠶᠣᠣ ᠵᠢᠶᠧ ᠳᠡᠭᠡᠷᠡᠬᠢ | ᠠᠵᠢᠯᠯᠠᠭ᠎ᠠ ᠳᠤ ᠣᠷᠣᠯᠴᠠᠪᠠ᠃ | |