| | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠢᠨᠳᠤᠨᠧᠰᠢᠶ᠎ᠠ ᠶᠢᠨ ᠪᠠᠯᠢ ᠠᠷᠠᠯ ᠳᠤ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ | ᠠᠭᠤᠯᠵᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠠᠰᠠᠭᠤᠳᠠᠯ ᠵᠢᠴᠢ ᠳᠡᠯᠡᠬᠡᠢ ᠶᠢᠨ ᠪᠠ ᠭᠠᠵᠠᠷ ᠣᠷᠣᠨ ᠤ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ | ᠦᠵᠡᠯᠲᠡ ᠪᠠᠨ ᠴᠢᠩ ᠦᠨᠡᠨᠴᠢ ᠪᠠᠷ ᠭᠦᠨᠵᠡᠭᠡᠢ ᠰᠣᠯᠢᠯᠴᠠᠪᠠ᠃ ᠰᠢ ᠶᠢᠨ ᠫᠢᠩ᠂ ᠣᠳᠣᠬᠠᠨ ᠤ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠳᠤ ᠲᠤᠯᠭᠠᠷᠠᠵᠤ ᠪᠠᠶᠢᠭ᠎ᠠ ᠪᠠᠶᠢᠳᠠᠯ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ | ᠦᠨᠳᠦᠰᠦᠨ ᠠᠰᠢᠭ ᠲᠤᠰᠠ ᠲᠠᠢ ᠨᠡᠶᠢᠴᠡᠭᠦ ᠦᠭᠡᠢ ᠪᠥᠭᠡᠳ ᠳᠡᠯᠡᠬᠡᠢ ᠨᠡᠶᠢᠭᠡᠮ ᠤᠨ ᠬᠦᠰᠡᠯ ᠡᠷᠡᠮᠡᠯᠵᠡᠯ ᠲᠠᠢ ᠴᠦ ᠨᠡᠶᠢᠴᠡᠭᠦ | ᠦᠭᠡᠢ ᠶᠤᠮ᠃ ᠳᠤᠮᠳᠠᠳᠤ ᠠᠮᠧᠷᠢᠺᠠ ᠬᠤᠶᠠᠷ ᠲᠠᠯ᠎ᠠ ᠪᠠᠷ ᠢᠶᠠᠨ ᠲᠡᠦᠬᠡ᠂ ᠳᠡᠯᠡᠬᠡᠢ ᠶᠢᠷᠲᠢᠨᠴᠦ᠂ ᠠᠷᠠᠳ ᠲᠦᠮᠡᠨ ᠳᠤ | ᠬᠠᠷᠢᠭᠤᠴᠠᠬᠤ ᠣᠪᠣᠷ ᠢᠶᠠᠷ᠂ ᠰᠢᠨ᠎ᠡ ᠴᠠᠭ ᠦᠶ᠎ᠡ ᠶᠢᠨ ᠬᠤᠶᠠᠷ ᠤᠯᠤᠰ ᠤᠨ ᠵᠥᠪ ᠢᠶᠠᠷ ᠬᠠᠷᠢᠯᠴᠠᠬᠤ ᠵᠠᠮ ᠢ | ᠰᠦᠪᠡᠭᠴᠢᠯᠡᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠵᠥᠪ ᠴᠢᠭᠯᠡᠯ ᠢ ᠣᠯᠵᠤ᠂ ᠳᠤᠮᠳᠠᠳᠤ | ᠠᠮᠧᠷᠢᠺᠠ ᠶᠢᠨ ᠬᠠᠷᠢᠯᠴᠠᠭᠠᠨ ᠤ ᠡᠷᠡᠭᠦᠯ ᠲᠣᠭᠲᠠᠭᠤᠨ ᠬᠥᠭᠵᠢᠯᠲᠡ ᠶᠢᠨ ᠵᠠᠮ ᠳᠤ ᠲᠠᠭᠢᠨ ᠣᠷᠣᠬᠤ ᠶᠢ ᠠᠬᠢᠭᠤᠯᠵᠤ᠂ | ᠬᠤᠶᠠᠷ ᠤᠯᠤᠰ ᠲᠤ ᠪᠤᠶᠠᠨ ᠦᠢᠯᠡᠳᠴᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠴᠢᠬᠤᠯᠠᠲᠠᠢ ᠭᠡᠵᠦ ᠵᠢᠭᠠᠵᠤ ᠭᠠᠷᠭᠠᠵᠠᠢ | ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠪᠠᠶᠢᠳᠠᠯ ᠪᠣᠯᠣᠨ ᠴᠢᠬᠤᠯᠠ ᠦᠷ᠎ᠡ ᠪᠦᠲᠦᠭᠡᠯ ᠢ ᠲᠠᠨᠢᠯᠴᠠᠭᠤᠯᠵᠤ᠂ | ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠤ ᠳᠣᠲᠣᠭᠠᠳᠤ ᠭᠠᠳᠠᠭᠠᠳᠤ ᠲᠦᠷᠦ ᠶᠢᠨ ᠪᠣᠳᠣᠯᠭ᠎ᠠ ᠢᠯᠡ | ᠲᠣᠳᠣ᠂ ᠪᠠᠶᠢᠯᠳᠤᠬᠤ ᠪᠣᠳᠣᠯᠭ᠎ᠠ ᠶᠢᠨ ᠵᠣᠷᠢᠯᠲᠠ ᠲᠥᠪ ᠴᠢᠬᠡᠴᠢ ᠪᠠᠶᠢᠵᠤ᠂ ᠳᠡᠭᠡᠳᠦ ᠬᠡᠮᠵᠢᠶᠡᠨ ᠤ ᠦᠷᠭᠦᠯᠵᠢᠯᠡᠬᠦ ᠴᠢᠨᠠᠷ | ᠪᠣᠯᠣᠨ ᠲᠣᠭᠲᠠᠭᠤᠨ ᠴᠢᠨᠠᠷ ᠢ ᠪᠠᠲᠤᠯᠠᠵᠤ ᠪᠠᠶᠢᠨ᠎ᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠪᠠᠷ ᠦᠷᠭᠦᠯᠵᠢᠯᠡᠨ ᠵᠣᠷᠢᠯᠲᠠ ᠪᠠᠨ | ᠪᠤᠯᠭᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠬᠢᠵᠦ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ | ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠭᠦ | ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠡᠷᠡᠰ ᠬᠡᠷᠡᠭᠵᠢᠭᠦᠯᠵᠦ᠂ ᠢᠮᠠᠭᠲᠠ | ᠬᠡᠷᠡᠭ ᠶᠠᠪᠤᠳᠠᠯ ᠤᠨ ᠲᠤᠰ ᠪᠡᠶ᠎ᠡ ᠶᠢᠨ ᠵᠥᠪ ᠪᠤᠷᠤᠭᠤ ᠦᠨᠡᠨ ᠬᠤᠳᠠᠯ ᠢ ᠦᠨᠳᠦᠰᠦᠯᠡᠨ ᠥᠪᠡᠷ ᠤᠨ ᠵᠣᠭᠰᠣᠯᠲᠠ ᠪᠠ | ᠣᠪᠣᠷ ᠢᠶᠠᠨ ᠲᠣᠭᠲᠠᠭᠠᠵᠤ᠂ ᠶᠠᠷᠢᠯᠴᠠᠭ᠎ᠠ ᠬᠢᠵᠦ ᠵᠥᠪᠳᠡᠯᠴᠡᠬᠦ᠂ ᠮᠠᠷᠭᠤᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ | ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ | ᠡᠩᠬᠡ ᠲᠠᠶᠢᠪᠤᠩ ᠬᠥᠭᠵᠢᠯᠲᠡ᠂ ᠨᠡᠭᠡᠭᠡᠯᠲᠡᠲᠤ ᠬᠥᠭᠵᠢᠯᠲᠡ᠂ ᠬᠠᠮᠲᠤ ᠪᠠᠷ ᠠᠰᠢᠭ ᠭᠦᠷᠳᠡᠭᠦ ᠬᠥᠭᠵᠢᠯᠲᠡ ᠶᠢ ᠪᠠᠷᠢᠮᠲᠠᠯᠠᠵᠤ᠂ | ᠪᠦᠭᠦ ᠪᠥᠮᠪᠥᠷᠴᠡᠭ ᠤᠨ ᠬᠥᠭᠵᠢᠯᠲᠡ ᠶᠢᠨ ᠣᠷᠣᠯᠴᠠᠭᠴᠢ᠂ ᠠᠬᠢᠭᠤᠯᠤᠭᠴᠢ ᠪᠣᠯᠵᠤ᠂ ᠡᠯ᠎ᠡ ᠤᠯᠤᠰ ᠲᠠᠢ ᠬᠠᠮᠲᠤ ᠪᠠᠷ | ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠭᠡᠵᠦ ᠵᠢᠭᠠᠵᠤ ᠭᠠᠷᠭᠠᠵᠠᠢ᠃ ᠰᠢ ᠶᠢᠨ ᠫᠢᠩ᠂ ᠳᠡᠯᠡᠬᠡᠢ ᠳ᠋ᠠᠬᠢᠨ ᠶᠠᠭ | ᠴᠢᠬᠤᠯᠠ ᠶᠡᠭᠡ ᠲᠡᠦᠬᠡ ᠶᠢᠨ ᠡᠷᠭᠢᠯᠲᠡ ᠶᠢᠨ ᠴᠡᠭ ᠲᠤ ᠣᠷᠣᠰᠢᠵᠤ ᠪᠠᠶᠢᠨ᠎ᠠ᠂ ᠡᠯ᠎ᠡ ᠤᠯᠤᠰ ᠤᠷᠢᠳ ᠡᠮᠦᠨ᠎ᠡ ᠪᠠᠶᠢᠭ᠎ᠠ | ᠦᠭᠡᠢ ᠥᠷᠢᠰᠦᠯᠳᠦᠭᠡᠨ ᠳᠤ ᠬᠠᠨᠳᠤᠬᠤ ᠮᠥᠷᠲᠡᠭᠡᠨ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠵᠠ ᠲᠣᠭᠢᠶᠠᠯ ᠢ | ᠠᠳᠬᠤᠬᠤ ᠴᠢᠬᠤᠯᠠᠲᠠᠢ᠃ ᠪᠢᠳᠠ ᠡᠨᠡ ᠬᠦ ᠥᠨᠳᠥᠷᠴᠡ ᠠᠴᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠬᠠᠨᠳᠤᠬᠤ ᠪᠠ | ᠡᠭᠦᠨ ᠢ ᠰᠢᠢᠳᠪᠦᠷᠢᠯᠡᠬᠦ ᠬᠡᠷᠡᠭᠲᠡᠢ᠃ ᠳᠤᠮᠳᠠᠳᠤ ᠠᠮᠧᠷᠢᠺᠠ ᠶᠢᠨ ᠬᠠᠷᠢᠯᠴᠠᠭ᠎ᠠ ᠨᠢ ᠴᠢ ᠢᠯᠠᠭᠳᠠᠪᠠᠯ ᠪᠢ ᠢᠯᠠᠬᠤ᠂ ᠴᠢ | ᠮᠠᠨᠳᠤᠪᠠᠯ ᠪᠢ ᠳᠣᠷᠦ᠋ᠢᠲᠠᠬᠤ ᠲᠡᠭ ᠨᠡᠶᠢᠯᠡᠪᠦᠷᠢ ᠶᠢᠨ ᠦᠵᠡᠯᠴᠡᠭᠡᠨ ᠪᠢᠰᠢ᠂ ᠳᠤᠮᠳᠠᠳᠤ ᠠᠮᠧᠷᠢᠺᠠ ᠲᠤᠰ ᠲᠤᠰ ᠲᠠᠭᠠᠨ | ᠠᠮᠵᠢᠯᠲᠠ ᠣᠯᠬᠤ ᠨᠢ ᠬᠠᠷᠢᠯᠴᠠᠨ ᠠᠵᠠ ᠲᠣᠭᠢᠶᠠᠯ ᠪᠤᠯᠬᠤ ᠠᠴᠠ ᠪᠢᠰᠢ ᠬᠠᠷᠢᠨ ᠥᠷᠢᠰᠦᠯᠳᠦᠭᠡᠨ ᠪᠤᠯᠬᠤ ᠦᠭᠡᠢ ᠶᠤᠮ᠃ | ᠥᠷᠭᠡᠨ ᠠᠭᠤᠳᠠᠮ ᠳᠡᠯᠡᠬᠡᠢ ᠶᠢᠨ ᠪᠥᠮᠪᠥᠷᠴᠡᠭ ᠨᠢ ᠳᠤᠮᠳᠠᠳᠤ ᠠᠮᠧᠷᠢᠺᠠ ᠶᠢᠨ ᠲᠤᠰ ᠲᠤᠰ ᠤᠨ ᠬᠥᠭᠵᠢᠯᠲᠡ᠂ ᠬᠠᠮᠲᠤ ᠶᠢᠨ | ᠴᠡᠴᠡᠭᠯᠡᠯ ᠢ ᠪᠦᠷᠢᠮᠦᠰᠦᠨ ᠪᠠᠭᠲᠠᠭᠠᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠳᠣᠲᠣᠭᠠᠳᠤ | ᠭᠠᠳᠠᠭᠠᠳᠤ ᠲᠦᠷᠦ ᠶᠢᠨ ᠪᠣᠳᠣᠯᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠳᠤ ᠵᠥᠪ ᠢᠶᠠᠷ ᠬᠠᠨᠳᠤᠵᠤ᠂ | ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠠᠴᠠ ᠪᠢᠰᠢ ᠲᠡᠭ | ᠨᠡᠶᠢᠯᠡᠪᠦᠷᠢ ᠶᠢᠨ ᠪᠤᠰᠤ ᠭᠦᠭ ᠠᠶᠠᠰ ᠢ ᠲᠣᠭᠲᠠᠭᠠᠪᠠᠯ ᠵᠣᠬᠢᠨ᠎ᠠ᠃ ᠪᠢ ᠶᠡᠷᠦᠩᠬᠡᠶᠢᠯᠡᠭᠴᠢ ᠠᠪᠤᠭᠠᠢ ᠶᠢᠨ ︽ᠳᠥᠷᠪᠡ ᠶᠢ | ᠡᠷᠢᠯᠬᠢᠯᠡᠬᠦ ᠦᠭᠡᠢ ᠨᠢᠭᠡ ᠰᠠᠨᠠᠭ᠎ᠠ ᠦᠭᠡᠢ︾ ᠣᠪᠣᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠮᠳᠠᠳᠤ | ᠤᠯᠤᠰ ᠶᠡᠷᠦ ᠠᠴᠠ ᠤᠳᠤ ᠶᠢᠨ ᠤᠯᠠᠨ ᠤᠯᠤᠰ ᠤᠨ ᠡᠮᠬᠢ ᠳᠢᠭᠯᠢᠮ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ | ᠠᠮᠧᠷᠢᠺᠠ ᠶᠢᠨ ᠳᠣᠲᠣᠭᠠᠳᠤ ᠶᠠᠪᠤᠳᠠᠯ ᠳᠤ ᠭᠠᠷ ᠲᠦᠷᠦᠭᠦ ᠦᠭᠡᠢ᠂ ᠠᠮᠧᠷᠢᠺᠠ ᠲᠠᠢ ᠥᠷᠢᠰᠦᠯᠳᠦᠬᠦ ᠪᠠ ᠠᠮᠧᠷᠢᠺᠠ ᠶᠢ | ᠣᠷᠣᠯᠠᠬᠤ ᠰᠠᠨᠠᠭ᠎ᠠ ᠦᠭᠡᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠵᠥᠪ ᠴᠢᠭᠯᠡᠯ ᠢᠶᠠᠷ ᠤᠷᠤᠭᠰᠢᠯᠠᠬᠤ ᠶᠢ ᠬᠠᠮᠲᠤ ᠪᠠᠷ ᠪᠠᠲᠤᠯᠠᠵᠤ᠂ ᠬᠡᠯᠪᠠᠶᠢᠬᠦ ᠦᠭᠡᠢ᠂ ᠬᠤᠷᠳᠤᠴᠠ ᠠᠯᠳᠠᠬᠤ ᠦᠭᠡᠢ᠂ ᠨᠡᠩ | ᠴᠤ ᠮᠥᠷᠭᠦᠯᠳᠦᠬᠦ ᠦᠭᠡᠢ ᠪᠠᠶᠢᠪᠠᠯ ᠵᠣᠬᠢᠨ᠎ᠠ᠃ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠪᠣᠯᠣᠨ | ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠵᠢᠷᠤᠮᠯᠠᠬᠤ ᠪᠣᠯ ᠬᠤᠶᠠᠷ ᠲᠠᠯ᠎ᠠ ᠪᠠᠷ ᠢᠶᠠᠨ | ᠵᠥᠷᠢᠴᠡᠯ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠬᠦ᠂ ᠮᠥᠷᠭᠦᠯᠳᠦᠭᠡᠨ ᠢ ᠰᠡᠷᠭᠡᠶᠢᠯᠡᠬᠦ ᠵᠠᠩᠭᠢᠯᠠᠭ᠎ᠠ ᠮᠥᠨ᠂ ᠪᠠᠰᠠ ᠴᠤ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠬᠠᠮᠤᠭ ᠤᠨ ᠴᠢᠬᠤᠯᠠ ᠰᠡᠷᠭᠡᠶᠢᠯᠡᠯᠲᠡ ᠪᠠ ᠠᠮᠤᠷ ᠲᠦᠪᠰᠢᠨ ᠤ ᠲᠣᠣᠷ ᠮᠥᠨ | ᠭᠡᠵᠦ ᠵᠢᠭᠠᠵᠤ ᠭᠠᠷᠭᠠᠪᠠ᠃ ᠰᠢ ᠶᠢᠨ ᠫᠢᠩ ᠲᠠᠶᠢᠸᠠᠨ ᠤ ᠠᠰᠠᠭᠤᠳᠠᠯ ᠤᠨ ᠢᠷᠡᠯᠲᠡ ᠵᠢᠴᠢ ᠳᠤᠮᠳᠠᠳᠤ ᠶᠢᠨ ᠲᠠᠯ᠎ᠠ ᠶᠢᠨ | ᠵᠠᠷᠴᠢᠮ ᠵᠣᠭᠰᠣᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ | ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠶᠢᠨ ᠳᠤᠮᠳᠠᠬᠢ ᠭᠤᠣᠯᠯᠠᠭᠴᠢ ᠮᠥᠨ᠂ ᠳᠤᠮᠳᠠᠳᠤ ᠠᠮᠧᠷᠢᠺᠠ ᠶᠢᠨ | ᠬᠠᠷᠢᠯᠴᠠᠭᠠᠨ ᠤ ᠤᠯᠤᠰ ᠲᠦᠷᠦ ᠶᠢᠨ ᠰᠠᠭᠤᠷᠢ ᠶᠢᠨ ᠳᠤᠮᠳᠠᠬᠢ ᠰᠠᠭᠤᠷᠢ ᠮᠥᠨ᠂ ᠳᠤᠮᠳᠠᠳᠤ ᠠᠮᠧᠷᠢᠺᠠ ᠶᠢᠨ | ᠬᠠᠷᠢᠯᠴᠠᠭᠠᠨ ᠤ ᠳᠠᠪᠠᠵᠤ ᠪᠣᠯᠣᠰᠢ ᠦᠭᠡᠢ ᠨᠢᠭᠡᠳᠦᠭᠡᠷ ᠤᠯᠠᠭᠠᠨ ᠱᠤᠭᠤᠮ ᠮᠥᠨ᠃ ᠲᠠᠶᠢᠸᠠᠨ ᠤ ᠠᠰᠠᠭᠤᠳᠠᠯ ᠢ | ᠰᠢᠢᠳᠪᠦᠷᠢᠯᠡᠬᠦ ᠪᠣᠯ ᠳᠤᠮᠳᠠᠳᠤᠴᠤᠳ ᠤᠨ ᠥᠪᠡᠷ ᠤᠨ ᠶᠠᠪᠤᠳᠠᠯ ᠮᠥᠨ᠂ ᠳᠤᠮᠳᠠᠳᠤ ᠤᠯᠤᠰ ᠤᠨ ᠳᠣᠲᠣᠭᠠᠳᠤ ᠶᠠᠪᠤᠳᠠᠯ | ᠮᠥᠨ᠃ ᠡᠬᠡ ᠤᠯᠤᠰ ᠤᠨ ᠨᠢᠭᠡᠳᠦᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠪᠣᠯ | ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ | ᠶᠠᠮᠠᠷᠪᠠ ᠬᠥᠮᠥᠨ ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠰᠠᠨᠠᠭᠠᠷᠬᠠᠬᠤ ᠨᠢ ᠳᠤᠮᠳᠠᠳᠤ | ᠤᠯᠤᠰ ᠤᠨ ᠦᠨᠳᠦᠰᠦᠲᠡᠨ ᠤ ᠶᠡᠭᠡ ᠵᠢᠷᠤᠮ ᠠᠴᠠ ᠲᠡᠷᠰᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠶᠠᠭᠠᠬᠢᠭᠰᠠᠨ ᠴᠤ | ᠵᠥᠪᠰᠢᠶᠡᠷᠡᠬᠦ ᠦᠭᠡᠢ ᠶᠤᠮ︕ ᠪᠢᠳᠡ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠬᠤ ᠶᠢ ᠭᠦᠰᠡᠭᠦ | ᠪᠥᠭᠡᠳ ᠢᠮᠠᠭᠲᠠ ᠪᠠᠲᠤᠯᠠᠬᠤ ᠪᠠᠷ ᠴᠢᠷᠮᠠᠶᠢᠵᠤ ᠪᠠᠶᠢᠨ᠎ᠠ᠂ ᠭᠡᠲᠡᠯ᠎ᠡ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠪᠣᠯᠣᠨ | ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠣᠯ ᠭᠠᠯ ᠤᠰᠤ ᠰᠢᠭ᠋ ᠬᠠᠷᠰᠢᠯᠳᠤᠬᠤ ᠶᠤᠮ᠃ ᠠᠮᠧᠷᠢᠺᠠ ᠶᠢᠨ | ᠲᠠᠯ᠎ᠠ ᠶᠢᠨ ᠬᠢᠨ ᠤ ᠬᠡᠯᠡᠵᠦ ᠬᠢᠬᠦ ᠨᠢ ᠨᠢᠭᠡᠳᠦᠯᠲᠡᠢ ᠪᠠᠶᠢᠵᠤ᠂ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠪᠠ | ᠳᠤᠮᠳᠠᠳᠤ ᠠᠮᠧᠷᠢᠺᠠ ᠶᠢᠨ ᠭᠤᠷᠪᠠᠨ ᠬᠠᠮᠲᠤᠷᠠᠭᠰᠠᠨ ᠠᠯᠪᠠᠨ ᠮᠡᠳᠡᠭᠡ ᠶᠢ ᠬᠢᠴᠢᠶᠡᠩᠭᠦ᠋ᠢᠯᠡᠨ ᠵᠢᠷᠤᠮᠯᠠᠬᠤ ᠶᠢ ᠬᠦᠰᠡᠵᠦ | ᠪᠠᠶᠢᠨ᠎ᠠ᠃ ᠶᠡᠷᠦᠩᠬᠡᠶᠢᠯᠡᠭᠴᠢ ᠠᠪᠤᠭᠠᠢ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ ᠦᠭᠡᠢ᠂ ᠲᠠᠶᠢᠸᠠᠨ ᠢ | ᠳᠤᠮᠳᠠᠳᠤ ᠤᠯᠤᠰ ᠲᠠᠢ ᠥᠷᠢᠰᠦᠯᠳᠦᠬᠦ ᠳᠠᠪᠠᠭᠤᠯᠢᠭ ᠪᠣᠯᠭᠠᠨ ᠡᠷᠢᠯᠬᠢᠯᠡᠬᠦ ᠪᠤᠶᠤ ᠳᠤᠮᠳᠠᠳᠤ ᠤᠯᠤᠰ ᠢ ᠬᠤᠷᠢᠭᠯᠠᠬᠤ ᠪᠠᠭᠠᠵᠢ | ᠪᠤᠯᠭᠠᠬᠤ ᠰᠠᠨᠠᠭ᠎ᠠ ᠦᠭᠡᠢ ᠭᠡᠵᠦ ᠤᠯᠠᠨ ᠤᠳᠠᠭ᠎ᠠ ᠬᠡᠯᠡᠵᠦ ᠥᠩᠭᠡᠷᠡᠪᠡ᠃ ᠠᠮᠧᠷᠢᠺᠠ ᠶᠢᠨ ᠬᠢᠨ ᠶᠡᠷᠦᠩᠬᠡᠶᠢᠯᠡᠭᠴᠢ | ᠠᠪᠤᠭᠠᠢ ᠶᠢᠨ ᠠᠮᠠᠯᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ ᠰᠢ ᠶᠢᠨ | ᠫᠢᠩ᠂ ᠡᠷᠬᠡ ᠴᠢᠯᠦᠭᠡ᠂ ᠠᠷᠠᠳᠴᠢᠯᠠᠯ᠂ ᠬᠥᠮᠥᠨ ᠤ ᠡᠷᠬᠡ ᠪᠣᠯ ᠬᠥᠮᠥᠨ ᠲᠥᠷᠥᠯᠬᠢᠲᠡᠨ ᠤ ᠬᠠᠮᠲᠤ ᠶᠢᠨ ᠬᠥᠭᠡᠭᠡᠴᠡᠯᠳᠦᠯ | ᠪᠤᠯᠬᠤ ᠪᠥᠭᠡᠳ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠶᠢᠨ ᠬᠥᠭᠡᠭᠡᠴᠡᠯᠳᠦᠯ ᠮᠥᠨ᠃ | ᠠᠮᠧᠷᠢᠺᠠ ᠳᠤ ᠠᠮᠧᠷᠢᠺᠠ ᠮᠠᠶ᠋ᠢᠭ ᠤᠨ ᠠᠷᠠᠳᠴᠢᠯᠠᠯ ᠲᠠᠢ᠂ ᠳᠤᠮᠳᠠᠳᠤ ᠤᠯᠤᠰ ᠲᠤ ᠳᠤᠮᠳᠠᠳᠤ ᠤᠯᠤᠰ ᠤᠨ ᠮᠠᠶ᠋ᠢᠭ ᠤᠨ | ᠠᠷᠠᠳᠴᠢᠯᠠᠯ ᠲᠠᠢ᠂ ᠪᠦᠷ ᠲᠤᠰ ᠲᠤᠰ ᠤᠨ ᠤᠯᠤᠰ ᠤᠨ ᠬᠢᠨᠢ ᠪᠠᠶᠢᠳᠠᠯ ᠳᠤ ᠨᠡᠶᠢᠴᠡᠨ᠎ᠡ᠃ ᠳᠤᠮᠳᠠᠳᠤ ᠤᠯᠤᠰ ᠤᠨ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠨᠢ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠠ ᠲᠡᠦᠬᠡ ᠰᠣᠶᠣᠯ ᠳᠤ | ᠰᠠᠭᠤᠷᠢᠯᠠᠵᠤ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠭᠰᠡᠨ ᠳᠤ ᠪᠢᠳᠡ ᠮᠥᠨ ᠠᠳᠠᠯᠢᠬᠠᠨ ᠣᠮᠣᠭᠰᠢᠵᠤ | ᠪᠠᠶᠢᠨ᠎ᠠ᠃ ᠶᠠᠮᠠᠷᠪᠠ ᠤᠯᠤᠰ ᠤᠨ ᠠᠷᠠᠳᠴᠢᠯᠠᠯ ᠤᠨ ᠳᠦᠷᠢᠮ ᠨᠢ ᠪᠦᠷ ᠬᠢᠵᠠᠭᠠᠯᠠᠰᠢ ᠦᠭᠡᠢ ᠪᠦᠷᠢᠨ ᠲᠡᠭᠦᠯᠳᠡᠷ ᠪᠠᠶᠢᠵᠤ | ᠴᠢᠳᠠᠬᠤ ᠦᠭᠡᠢ ᠶᠤᠮ᠂ ᠴᠥᠮ ᠲᠠᠰᠤᠷᠠᠯᠳᠠ ᠦᠭᠡᠢ ᠬᠥᠭᠵᠢᠭᠦᠯᠦᠨ ᠲᠡᠭᠦᠯᠳᠡᠷᠵᠢᠭᠦᠯᠬᠦ ᠴᠢᠬᠤᠯᠠᠲᠠᠢ ᠶᠤᠮ᠃ ᠬᠤᠶᠠᠷ | ᠲᠠᠯ᠎ᠠ ᠶᠢᠨ ᠬᠢᠨ ᠤ ᠳᠤᠮᠳᠠ ᠣᠷᠣᠰᠢᠵᠤ ᠪᠠᠶᠢᠭ᠎ᠠ ᠪᠣᠳᠠᠲᠠᠢ ᠵᠥᠷᠢᠯᠳᠦᠭᠡᠨ ᠢ ᠰᠤᠳᠤᠯᠤᠨ ᠶᠠᠷᠢᠯᠴᠠᠵᠤ ᠪᠣᠯᠣᠨ᠎ᠠ᠂ ᠡᠭᠦᠨ ᠤ | ᠤᠷᠢᠲᠠᠯ ᠪᠣᠯ ᠡᠷᠬᠡ ᠲᠡᠭᠰᠢ ᠪᠠᠷ ᠰᠠᠨᠠᠯ ᠢᠶᠠᠨ ᠰᠣᠯᠢᠯᠴᠠᠬᠤ ᠶᠠᠪᠤᠳᠠᠯ ᠪᠣᠯᠣᠨ᠎ᠠ᠃ ︽ᠠᠷᠠᠳᠴᠢᠯᠠᠯ ᠢᠶᠠᠷ ᠡᠷᠬᠡ ᠰᠦᠷ ᠢ | ᠡᠰᠡᠷᠭᠦᠴᠡᠬᠦ︾ ᠭᠡᠳᠡᠭ ᠨᠢ ᠣᠳᠣᠬᠠᠨ ᠤ ᠳᠡᠯᠡᠬᠡᠢ ᠳ᠋ᠠᠬᠢᠨ ᠤ ᠣᠨᠴᠠᠯᠢᠭ ᠪᠢᠰᠢ᠂ ᠴᠠᠭ ᠦᠶ᠎ᠡ ᠶᠢᠨ ᠬᠥᠭᠵᠢᠯᠲᠡ ᠶᠢᠨ | ᠤᠷᠤᠰᠬᠠᠯ ᠲᠠᠢ ᠨᠡᠩ ᠨᠡᠶᠢᠴᠡᠭᠦ ᠦᠭᠡᠢ ᠶᠤᠮ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠠᠮᠧᠷᠢᠺᠠ ᠬᠥᠷᠥᠩᠭᠡᠲᠦ | ᠶᠣᠰᠣ ᠶᠢ ᠬᠡᠷᠡᠭᠵᠢᠭᠦᠯᠵᠦ ᠪᠠᠶᠢᠨ᠎ᠠ᠂ ᠳᠤᠮᠳᠠᠳᠤ ᠤᠯᠤᠰ ᠨᠡᠶᠢᠭᠡᠮ ᠵᠢᠷᠤᠮ ᠢ ᠬᠡᠷᠡᠭᠵᠢᠭᠦᠯᠵᠦ ᠪᠠᠶᠢᠨ᠎ᠠ᠂ ᠬᠤᠶᠠᠷ | ᠲᠠᠯ᠎ᠠ ᠪᠠᠷ ᠢᠶᠠᠨ ᠠᠳᠠᠯᠢ ᠪᠤᠰᠤ ᠵᠠᠮ ᠢᠶᠠᠷ ᠵᠠᠮᠨᠠᠵᠤ ᠪᠠᠶᠢᠨ᠎ᠠ᠃ ᠡᠶᠢᠮᠦ ᠠᠳᠠᠯᠢ ᠪᠤᠰᠤ ᠪᠠᠶᠢᠳᠠᠯ ᠥᠨᠥᠳᠥᠷ ᠰᠠᠶ᠋ᠢ ᠣᠷᠣᠰᠢᠵᠤ | ᠪᠠᠶᠢᠭ᠎ᠠ ᠪᠢᠰᠢ᠂ ᠬᠤᠶᠢᠰᠢᠳᠠ ᠪᠠᠰᠠ ᠦᠷᠭᠦᠯᠵᠢᠯᠡᠨ ᠣᠷᠣᠰᠢᠬᠤ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠠ ᠳᠤᠮᠳᠠᠳᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ 14 ᠳ᠋ᠦᠩᠰᠢᠭᠤᠷ ᠠᠷᠠᠳ ᠲᠦᠮᠡᠨ ᠤ | ᠬᠦᠷᠢᠶᠡᠯᠡᠯ ᠪᠠ ᠳᠡᠮᠵᠢᠯᠭᠡ ᠶᠢ ᠣᠯᠣᠭᠰᠠᠨ ᠶᠠᠪᠤᠳᠠᠯ ᠪᠣᠯ ᠳᠤᠮᠳᠠᠳᠤ ᠤᠯᠤᠰ ᠤᠨ ᠬᠥᠭᠵᠢᠯᠲᠡ ᠪᠠ ᠲᠣᠭᠲᠠᠭᠤᠨ | ᠪᠠᠶᠢᠳᠠᠯ ᠤᠨ ᠦᠨᠳᠦᠰᠦᠨ ᠪᠠᠲᠤᠯᠠᠭ᠎ᠠ ᠮᠥᠨ᠃ ᠳᠤᠮᠳᠠᠳᠤ ᠠᠮᠧᠷᠢᠺᠠ ᠶᠢᠨ ᠬᠠᠷᠢᠯᠴᠠᠭᠠᠨ ᠳᠠᠬᠢ ᠮᠠᠰᠢ ᠴᠢᠬᠤᠯᠠ ᠨᠢᠭᠡ | ᠵᠤᠷᠪᠤᠰ ᠪᠣᠯ ᠳᠠᠷᠤᠢ ᠡᠨᠡ ᠬᠦ ᠠᠳᠠᠯᠢ ᠪᠤᠰᠤ ᠶᠢ ᠮᠡᠳᠡᠷᠡᠵᠦ᠂ ᠡᠨᠡ ᠬᠦ ᠠᠳᠠᠯᠢ ᠪᠤᠰᠤ ᠶᠢ ᠭᠦᠨᠳᠦᠳᠭᠡᠵᠤ᠂ ᠬᠠᠷᠢᠨ ᠨᠢᠭᠡ | ᠯᠡ ᠠᠳᠠᠯᠢ ᠪᠤᠯᠭᠠᠬᠤ ᠪᠠᠷ ᠠᠯᠪᠠᠳᠠᠵᠤ᠂ ᠴᠢᠨᠠᠭᠰᠢᠯᠠᠪᠠᠯ ᠨᠦᠭᠦᠭᠡ ᠡᠲᠡᠭᠡᠳ ᠤᠨ ᠢᠶᠠᠨ ᠪᠠᠶᠢᠭᠤᠯᠤᠯ ᠢ ᠬᠤᠪᠢᠷᠠᠭᠤᠯᠬᠤ ᠪᠤᠶᠤ | ᠨᠤᠷᠠᠭᠠᠬᠤ ᠪᠠᠷ ᠤᠷᠤᠯᠳᠤᠬᠤ ᠶᠠᠪᠤᠳᠠᠯ ᠪᠢᠰᠢ ᠶᠤᠮ᠃ ᠠᠮᠧᠷᠢᠺᠠ ᠶᠢᠨ ᠬᠢᠨ ᠬᠤᠯᠪᠣᠭᠳᠠᠯ ᠪᠦᠬᠦᠢ ᠠᠮᠠᠯᠠᠯᠲᠠ ᠪᠠᠨ ᠪᠣᠳᠠᠲᠠᠢ | ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠬᠠᠷᠢᠨ ᠭᠡᠯᠡᠭᠦ ᠨᠢ ᠨᠢᠭᠡ ᠶᠠᠩᠵᠤ ᠬᠢᠬᠦ ᠨᠢ ᠪᠠᠰᠠ ᠨᠢᠭᠡ ᠶᠠᠩᠵᠤ ᠪᠠᠶᠢᠵᠤ ᠪᠤᠯᠬᠤ | ᠦᠭᠡᠢ ᠶᠤᠮ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠠᠮᠧᠷᠢᠺᠠ ᠪᠣᠯ ᠲᠡᠦᠬᠡ ᠰᠣᠶᠣᠯ᠂ ᠨᠡᠶᠢᠭᠡᠮ ᠤᠨ | ᠪᠠᠶᠢᠭᠤᠯᠤᠯ᠂ ᠬᠥᠭᠵᠢᠯᠲᠡ ᠶᠢᠨ ᠵᠠᠮ ᠠᠳᠠᠯᠢ ᠪᠤᠰᠤ ᠬᠤᠶᠠᠷ ᠲᠣᠮᠣ ᠤᠯᠤᠰ ᠪᠣᠯᠣᠨ᠎ᠠ᠂ ᠥᠩᠭᠡᠷᠡᠭᠰᠡᠨ ᠪᠠ ᠤᠳᠤ ᠵᠥᠷᠢᠶ᠎ᠡ | ᠪᠠ ᠵᠥᠷᠢᠯᠳᠦᠭᠡᠨ ᠲᠠᠢ᠂ ᠬᠤᠶᠢᠰᠢᠳᠠ ᠪᠠᠰᠠ ᠪᠠᠶᠢᠬᠤ ᠶᠤᠮ᠂ ᠭᠡᠪᠡᠴᠦ ᠡᠨᠡ ᠨᠢ ᠳᠤᠮᠳᠠᠳᠤ ᠠᠮᠧᠷᠢᠺᠠ ᠶᠢᠨ ᠬᠠᠷᠢᠯᠴᠠᠭᠠᠨ ᠤ | ᠬᠥᠭᠵᠢᠯᠲᠡ ᠶᠢᠨ ᠬᠠᠷᠰᠢ ᠰᠠᠭᠠᠳ ᠪᠤᠯᠬᠤ ᠦᠭᠡᠢ ᠪᠠᠶᠢᠪᠠᠯ ᠵᠣᠬᠢᠨ᠎ᠠ᠃ ᠬᠡᠵᠢᠶ᠎ᠡ ᠴᠦ ᠭᠡᠰᠡᠨ ᠳᠡᠯᠡᠬᠡᠢ ᠶᠢᠷᠲᠢᠨᠴᠦ ᠪᠦᠷ | ᠥᠷᠢᠰᠦᠯᠳᠦᠭᠡᠨ ᠲᠠᠢ᠂ ᠭᠡᠪᠡᠴᠦ ᠥᠷᠢᠰᠦᠯᠳᠦᠭᠡᠨ ᠨᠢ ᠬᠠᠷᠢᠯᠴᠠᠨ ᠲᠣᠯᠢᠯᠠᠵᠤ᠂ ᠴᠢᠷᠮᠠᠶᠢᠨ ᠥᠷᠢᠰᠦᠯᠳᠦᠵᠦ᠂ ᠬᠠᠮᠲᠤ ᠪᠠᠷ | ᠳᠠᠪᠰᠢᠬᠤ ᠠᠴᠠ ᠪᠢᠰᠢ᠂ ᠬᠠᠷᠢᠨ ᠴᠢ ᠢᠯᠠᠭᠳᠠᠪᠠᠯ ᠪᠢ ᠢᠯᠠᠵᠤ᠂ ᠦᠬᠦᠵᠦ ᠰᠡᠭᠡᠭᠦ ᠪᠠᠨ ᠦᠵᠡᠯᠴᠡᠬᠦ ᠶᠠᠪᠤᠳᠠᠯ ᠪᠢᠰᠢ | ᠪᠠᠶᠢᠪᠠᠯ ᠵᠣᠬᠢᠨ᠎ᠠ᠃ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠢᠷᠠᠭᠤ ᠠᠯᠳᠠᠷᠲᠤ ᠤᠯᠠᠮᠵᠢᠯᠠᠯ ᠲᠠᠢ᠂ | ᠠᠯᠢᠪᠠ ᠳᠠᠷᠤᠯᠲᠠ ᠪᠠ ᠬᠤᠷᠢᠭᠯᠠᠯ ᠨᠢ ᠳᠤᠮᠳᠠᠳᠤ ᠤᠯᠤᠰ ᠤᠨ ᠠᠷᠠᠳ ᠲᠦᠮᠡᠨ ᠤ ᠬᠦᠰᠡᠯ ᠵᠣᠷᠢᠭ ᠪᠠ ᠬᠠᠯᠠᠭᠤᠨ | ᠰᠡᠳᠬᠢᠯᠭᠡ ᠶᠢ ᠬᠥᠭᠵᠢᠭᠡᠳᠡᠭ ᠶᠤᠮ᠃ ᠠᠷᠠᠯᠵᠢᠶᠠᠨ ᠤ ᠲᠠᠶᠢᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠠᠶᠢᠨ | ᠬᠢᠵᠦ᠂ ᠵᠣᠷᠢᠭᠤᠳᠠ ︽ᠬᠡᠷᠡᠮ ᠪᠣᠰᠬᠠᠨ ᠪᠠᠬᠢᠯᠡᠯᠲᠡ ᠪᠠᠶᠢᠭᠤᠯᠵᠤ︾᠂ ᠠᠯᠪᠠ ᠪᠠᠷ ︽ᠬᠠᠷᠢᠴᠠᠭ᠎ᠠ ᠪᠠᠨ ᠲᠠᠰᠤᠯᠵᠤ | ᠬᠡᠯᠬᠢᠶ᠎ᠡ ᠪᠠᠨ ᠲᠠᠰᠤᠯᠬᠤ︾ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠠᠷᠴᠢᠮ ᠢ ᠪᠦᠷᠢᠮᠦᠰᠦᠨ ᠵᠥᠷᠢᠴᠡᠵᠦ᠂ ᠤᠯᠠᠨ | ᠤᠯᠤᠰ ᠤᠨ ᠠᠷᠠᠯᠵᠢᠶᠠᠨ ᠤ ᠳᠦᠷᠢᠮ ᠢ ᠡᠪᠳᠡᠵᠦ᠂ ᠪᠤᠰᠤᠳ ᠢ ᠬᠤᠬᠢᠷᠠᠭᠤᠯᠵᠤ ᠥᠪᠡᠷ ᠢ ᠪᠠᠨ ᠬᠤᠬᠢᠷᠠᠭᠤᠯᠬᠤ ᠯᠠ ᠲᠡᠳᠦᠢ | ᠶᠤᠮ᠃ ᠪᠢᠳᠡ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠣᠯᠢᠯᠴᠠᠭ᠎ᠠ ᠶᠢ ᠤᠯᠤᠰ | ᠲᠥᠷᠥᠴᠢᠯᠡᠬᠦ᠂ ᠵᠡᠪᠰᠡᠭᠵᠢᠭᠦᠯᠬᠦ ᠶᠢ ᠡᠰᠡᠷᠭᠦᠴᠡᠨ᠎ᠡ᠃ ᠣᠳᠣᠬᠠᠨ ᠤ ᠪᠠᠶᠢᠳᠠᠯ ᠳᠣᠣᠷ᠎ᠠ᠂ ᠳᠤᠮᠳᠠᠳᠤ ᠠᠮᠧᠷᠢᠺᠠ ᠬᠤᠶᠠᠷ | ᠤᠯᠤᠰ ᠤᠨ ᠬᠠᠮᠲᠤ ᠶᠢᠨ ᠠᠰᠢᠭ ᠲᠤᠰᠠ ᠪᠠᠭᠠᠰᠤᠭᠰᠠᠨ ᠪᠢᠰᠢ᠂ ᠬᠠᠷᠢᠨ ᠨᠡᠩ ᠤᠯᠠᠨ ᠪᠣᠯᠪᠠ᠃ ᠳᠤᠮᠳᠠᠳᠤ ᠠᠮᠧᠷᠢᠺᠠ | ᠮᠥᠷᠭᠦᠯᠳᠦᠬᠦ ᠦᠭᠡᠢ᠂ ᠡᠰᠡᠷᠭᠦᠴᠡᠯᠳᠦᠬᠦ ᠦᠭᠡᠢ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠪᠣᠯ ᠬᠤᠶᠠᠷ ᠤᠯᠤᠰ ᠤᠨ | ᠬᠠᠮᠤᠭ ᠤᠨ ᠦᠨᠳᠦᠰᠦᠨ ᠬᠠᠮᠲᠤ ᠶᠢᠨ ᠠᠰᠢᠭ ᠲᠤᠰᠠ ᠪᠣᠯᠣᠨ᠎ᠠ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ | ᠠᠬᠤᠢ ᠭᠦᠨᠵᠡᠭᠡᠢ ᠠᠭᠤᠰᠤᠯᠴᠠᠵᠤ᠂ ᠰᠢᠨ᠎ᠡ ᠬᠥᠭᠵᠢᠯᠲᠡ ᠶᠢᠨ ᠡᠭᠦᠷᠭᠡ ᠳᠤ ᠲᠤᠯᠭᠠᠷᠠᠵᠤ᠂ ᠨᠦᠭᠦᠭᠡ ᠡᠲᠡᠭᠡᠳ ᠤᠨ ᠢᠶᠠᠨ | ᠬᠥᠭᠵᠢᠯᠲᠡ ᠠᠴᠠ ᠠᠰᠢᠭ ᠭᠦᠷᠳᠡᠭᠦ ᠴᠢᠬᠤᠯᠠᠲᠠᠢ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ ᠪᠣᠯᠣᠨ᠎ᠠ᠃ ᠪᠦᠭᠦ | ᠪᠥᠮᠪᠥᠷᠴᠡᠭ ᠤᠨ ᠠᠵᠤ ᠠᠬᠤᠢ ᠶᠢᠨ ᠬᠢᠵᠢᠭ ᠤᠨ ᠳᠠᠷᠠᠭᠠᠬᠢ ᠰᠡᠷᠭᠦᠯᠲᠡ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠳᠤ ᠴᠦ ᠳᠤᠮᠳᠠᠳᠤ ᠠᠮᠧᠷᠢᠺᠠ ᠶᠢᠨ | ᠵᠣᠬᠢᠴᠠᠭᠤᠯᠭ᠎ᠠ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠂ ᠡᠨᠡ ᠨᠢ ᠮᠥᠨ ᠴᠦ ᠬᠠᠮᠲᠤ ᠶᠢᠨ ᠠᠰᠢᠭ ᠲᠤᠰᠠ | ᠪᠤᠯᠬᠤ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠬᠠᠷᠢᠯᠴᠠᠨ ᠠᠰᠢᠭ ᠬᠦᠷᠲᠡᠭᠡᠵᠦ ᠬᠠᠷᠢᠯᠴᠠᠨ | ᠠᠰᠢᠭ ᠬᠦᠷᠲᠡᠵᠦ᠂ ᠶᠡᠭᠡ ᠲᠠᠯ᠎ᠠ ᠶᠢ ᠪᠣᠳᠣᠯᠬᠢᠯᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠰᠠᠶᠢᠨ ᠰᠠᠶᠢᠬᠠᠨ ᠠᠭᠤᠷ | ᠠᠮᠢᠰᠬᠤᠯ ᠪᠣᠯᠣᠨ ᠲᠣᠭᠲᠠᠭᠤᠨ ᠬᠠᠷᠢᠴᠠᠭ᠎ᠠ ᠬᠠᠩᠭᠠᠪᠠᠯ ᠵᠣᠬᠢᠨ᠎ᠠ ᠭᠡᠵᠦ ᠴᠢᠬᠤᠯᠠᠴᠢᠯᠠᠪᠠ᠃ ᠪᠠᠶᠢᠳᠧᠨ᠂ ᠪᠢ ᠲᠡᠷᠢᠭᠦᠯᠡᠭᠴᠢ | ᠰᠢ ᠶᠢᠨ ᠫᠢᠩ ᠲᠠᠢ ᠲᠠᠨᠢᠯᠴᠠᠭᠠᠳ ᠤᠯᠠᠨ ᠵᠢᠯ ᠪᠣᠯᠵᠤ ᠪᠠᠶᠢᠨ᠎ᠠ᠂ ᠪᠠᠶᠢᠩᠭᠤ ᠶᠢᠨ ᠴᠢᠨᠠᠷᠲᠠᠢ ᠣᠯᠣᠯᠴᠠᠭ᠎ᠠ ᠪᠠᠨ ᠪᠠᠲᠤᠯᠠᠵᠤ | ᠪᠠᠶᠢᠨ᠎ᠠ᠂ ᠭᠡᠪᠡᠴᠦ ᠶᠠᠭᠠᠬᠢᠭᠰᠠᠨ ᠴᠤ ᠨᠢᠭᠤᠷᠳᠠᠭᠰᠠᠨ ᠠᠭᠤᠯᠵᠠᠯᠲᠠ ᠶᠢ ᠣᠷᠣᠯᠠᠵᠤ ᠴᠢᠳᠠᠬᠤ ᠦᠭᠡᠢ ᠶᠤᠮ᠃ ᠲᠠᠨ ᠤ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠪᠠᠷ ᠳᠠᠬᠢᠨᠲᠠ ᠰᠣᠩᠭᠤᠭᠳᠠᠭᠰᠠᠨ ᠳᠤ | ᠴᠢᠨᠢ ᠪᠠᠶᠠᠷ ᠬᠦᠷᠭᠡᠵᠦ ᠪᠠᠶᠢᠨ᠎ᠠ᠃ ᠠᠮᠧᠷᠢᠺᠠ ᠳᠤᠮᠳᠠᠳᠤ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ ᠪᠦᠲᠦᠭᠡᠯᠴᠢ | ᠴᠢᠨᠠᠷᠲᠠᠢ ᠬᠠᠷᠢᠯᠴᠠᠭ᠎ᠠ ᠪᠠᠨ ᠪᠠᠲᠤᠯᠠᠬᠤ ᠬᠠᠷᠢᠭᠤᠴᠠᠯᠭ᠎ᠠ ᠲᠠᠢ ᠶᠤᠮ᠃ ᠠᠮᠧᠷᠢᠺᠠ ᠶᠢᠨ ᠬᠢᠨ ᠬᠤᠶᠠᠷ ᠤᠯᠤᠰ ᠤᠨ ᠲᠡᠷᠢᠭᠦᠨ | ᠵᠢᠴᠢ ᠵᠠᠰᠠᠭ ᠤᠨ ᠣᠷᠳᠣᠨ ᠤ ᠡᠯ᠎ᠡ ᠲᠡᠰ ᠳᠠᠪᠬᠤᠷᠭ᠎ᠠ ᠶᠢᠨ ᠣᠯᠣᠯᠴᠠᠭ᠎ᠠ ᠶᠢᠨ ᠵᠠᠮ ᠢ ᠰᠠᠭᠠᠳ ᠦᠭᠡᠢ ᠨᠡᠪᠲᠡᠷᠡᠭᠦᠯᠬᠦ ᠪᠠᠷ | ᠴᠢᠷᠮᠠᠶᠢᠵᠤ᠂ ᠬᠤᠶᠠᠷ ᠲᠠᠯ᠎ᠠ ᠶᠢᠨ ᠵᠥᠷᠢᠯᠳᠦᠭᠡᠨ ᠲᠠᠢ ᠪᠠᠶᠢᠬᠤ ᠠᠰᠠᠭᠤᠳᠠᠯ ᠤᠨ ᠲᠤᠬᠠᠢ ᠦᠨᠡᠨᠴᠢ ᠪᠠᠷ ᠶᠠᠷᠢᠯᠴᠠᠵᠤ᠂ | ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠴᠢᠬᠤᠯᠠ ᠪᠦᠭᠦ ᠪᠥᠮᠪᠥᠷᠴᠡᠭ ᠤᠨ | ᠴᠢᠨᠠᠷᠲᠠᠢ ᠥᠷᠢᠰᠦᠯᠳᠦᠭᠡᠨ ᠢ ᠠᠷᠭᠠᠴᠠᠭᠠᠬᠤ ᠳᠤ ᠴᠢᠬᠤᠯᠠ ᠪᠦᠬᠦᠢ ᠬᠠᠮᠲᠤᠷᠠᠯᠴᠠᠭ᠎ᠠ ᠪᠠᠨ ᠴᠢᠩᠭᠠᠳᠬᠠᠵᠤ᠂ | ᠵᠠᠩᠭᠢᠯᠠᠭ᠎ᠠ ᠶᠢᠨ ᠦᠢᠯᠡᠳᠦᠯ ᠦᠵᠡᠭᠦᠯᠭᠦ ᠴᠢᠬᠤᠯᠠᠲᠠᠢ ᠪᠠᠶᠢᠨ᠎ᠠ᠃ ᠡᠨᠡ ᠨᠢ ᠠᠮᠧᠷᠢᠺᠠ ᠳᠤᠮᠳᠠᠳᠤ ᠬᠤᠶᠠᠷ ᠤᠯᠤᠰ ᠪᠣᠯᠣᠨ | ᠬᠤᠶᠠᠷ ᠤᠯᠤᠰ ᠤᠨ ᠠᠷᠠᠳ ᠲᠦᠮᠡᠨ ᠳᠤ ᠲᠦᠢᠯ ᠤᠨ ᠴᠢᠬᠤᠯᠠ ᠪᠥᠭᠡᠳ ᠪᠦᠭᠦ ᠳᠡᠯᠡᠬᠡᠢ ᠳᠤ ᠴᠦ ᠲᠦᠢᠯ ᠤᠨ ᠴᠢᠬᠤᠯᠠ | ᠶᠤᠮ᠃ ᠨᠢᠭᠡᠨ ᠲᠣᠭᠲᠠᠭᠤᠨ ᠪᠥᠭᠡᠳ ᠬᠥᠭᠵᠢᠭᠰᠡᠨ ᠳᠤᠮᠳᠠᠳᠤ ᠤᠯᠤᠰ ᠨᠢ ᠠᠮᠧᠷᠢᠺᠠ ᠪᠣᠯᠣᠨ ᠳᠡᠯᠡᠬᠡᠢ ᠶᠢᠨ ᠠᠰᠢᠭ | ᠲᠤᠰᠠ ᠳᠤ ᠨᠡᠶᠢᠴᠡᠭᠦ ᠶᠢ ᠪᠢ ᠳᠤᠷᠠᠲᠠᠶ᠎ᠠ ᠳᠠᠬᠢᠨᠲᠠ ᠢᠯᠡᠷᠬᠡᠶᠢᠯᠡᠶ᠎ᠡ᠃ ᠠᠮᠧᠷᠢᠺᠠ ᠳᠤᠮᠳᠠᠳᠤ ᠤᠯᠤᠰ ᠤᠨ ᠪᠠᠶᠢᠭᠤᠯᠤᠮᠵᠢ ᠶᠢ | ᠭᠦᠨᠳᠦᠳᠭᠡᠵᠦ᠂ ᠳᠤᠮᠳᠠᠳᠤ ᠤᠯᠤᠰ ᠤᠨ ᠪᠠᠶᠢᠭᠤᠯᠤᠯ ᠢ ᠬᠤᠪᠢᠷᠠᠭᠤᠯᠬᠤ ᠶᠢ ᠡᠷᠢᠯᠬᠢᠯᠡᠬᠦ ᠦᠭᠡᠢ᠂ ︽ᠰᠢᠨ᠎ᠡ ᠬᠦᠢᠲᠡᠨ | ᠲᠠᠶᠢᠨ︾ ᠢ ᠡᠷᠢᠯᠬᠢᠯᠡᠬᠦ ᠦᠭᠡᠢ᠂ ᠬᠤᠯᠪᠣᠭᠠᠨ ᠤ ᠬᠠᠨᠢᠲᠠᠨ ᠤ ᠬᠠᠷᠢᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ | ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠳᠡᠮᠵᠢᠭᠦ | ᠦᠭᠡᠢ᠂ ︽ᠬᠤᠶᠠᠷ ᠳᠤᠮᠳᠠᠳᠤ ᠤᠯᠤᠰ︾᠂ ︽ᠨᠢᠭᠡ ᠳᠤᠮᠳᠠᠳᠤ ᠤᠯᠤᠰ ᠨᠢᠭᠡ ᠲᠠᠶᠢᠸᠠᠨ︾ ᠢ ᠴᠤ ᠳᠡᠮᠵᠢᠭᠦ ᠦᠭᠡᠢ᠂ | ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠭᠦ ᠰᠠᠨᠠᠭ᠎ᠠ ᠦᠭᠡᠢ᠃ ᠠᠮᠧᠷᠢᠺᠠ ᠶᠢᠨ ᠬᠢᠨ ᠴᠦ ᠳᠤᠮᠳᠠᠳᠤ ᠤᠯᠤᠰ ᠲᠠᠢ ︽ | ᠬᠠᠷᠢᠯᠴᠠᠭ᠎ᠠ ᠪᠠᠨ ᠲᠠᠰᠤᠯᠬᠤ︾ ᠰᠠᠨᠠᠭ᠎ᠠ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠠᠷᠰᠢᠯᠠᠬᠤ | ᠰᠠᠨᠠᠭ᠎ᠠ ᠦᠭᠡᠢ᠂ ᠳᠤᠮᠳᠠᠳᠤ ᠤᠯᠤᠰ ᠢ ᠪᠦᠰᠡᠯᠡᠵᠦ ᠬᠤᠷᠢᠭᠯᠠᠬᠤ ᠰᠠᠨᠠᠭ᠎ᠠ ᠦᠭᠡᠢ ᠭᠡᠵᠦ ᠢᠯᠡᠳᠬᠡᠪᠡ᠃ ᠪᠠᠶᠢᠳᠧᠨ᠂ | ᠠᠮᠧᠷᠢᠺᠠ ᠳᠤᠮᠳᠠᠳᠤ ᠶᠢᠨ ᠬᠠᠷᠢᠯᠴᠠᠭ᠎ᠠ ᠬᠡᠷᠬᠢᠨ ᠭᠦᠭᠵᠢᠭᠦ ᠨᠢ ᠢᠷᠡᠭᠡᠳᠦᠢ ᠶᠢᠨ ᠳᠡᠯᠡᠬᠡᠢ ᠳ᠋ᠠᠬᠢᠨ ᠳᠤ ᠲᠦᠢᠯ ᠤᠨ ᠴᠢᠬᠤᠯᠠ | ᠶᠤᠮ᠃ ᠠᠮᠧᠷᠢᠺᠠ ᠳᠤᠮᠳᠠᠳᠤ ᠬᠤᠶᠠᠷ ᠲᠠᠯ᠎ᠠ ᠪᠠᠷ ᠢᠶᠠᠨ᠂ ᠠᠮᠧᠷᠢᠺᠠ ᠳᠤᠮᠳᠠᠳᠤ ᠵᠥᠷᠢᠯᠳᠦᠭᠡᠨ ᠢᠶᠠᠨ ᠬᠠᠮᠢᠶᠠᠷᠤᠨ | ᠡᠵᠡᠮᠳᠡᠵᠦ᠂ ᠪᠤᠷᠤᠭᠤ ᠣᠶᠢᠯᠠᠭᠠᠯᠲᠠ ᠪᠤᠷᠤᠭᠤ ᠮᠠᠭᠠᠳᠯᠠᠯᠲᠠ ᠪᠤᠶᠤ ᠬᠤᠷᠴᠠ ᠰᠢᠷᠦᠭᠦᠨ ᠥᠷᠢᠰᠦᠯᠳᠦᠭᠡᠨ ᠠᠴᠠ ᠪᠣᠯᠵᠤ | ᠡᠰᠡᠷᠭᠦᠴᠡᠯᠳᠦᠬᠦ ᠴᠢᠨᠠᠭᠰᠢᠯᠠᠪᠠᠯ ᠮᠥᠷᠭᠦᠯᠳᠦᠭᠡᠨ ᠭᠠᠷᠬᠤ ᠠᠴᠠ ᠵᠠᠶᠢᠯᠠᠰᠬᠢᠬᠦ ᠪᠠ ᠰᠡᠷᠭᠡᠶᠢᠯᠡᠵᠦ ᠴᠢᠳᠠᠬᠤ ᠶᠢ ᠳᠡᠯᠡᠬᠡᠢ | ᠳ᠋ᠠᠬᠢᠨ ᠳᠤ ᠦᠵᠡᠭᠦᠯᠭᠦ ᠬᠠᠮᠲᠤ ᠶᠢᠨ ᠬᠠᠷᠢᠭᠤᠴᠠᠯᠭ᠎ᠠ ᠲᠠᠢ ᠶᠤᠮ᠃ ᠠᠮᠧᠷᠢᠺᠠ ᠶᠢᠨ ᠬᠢᠨ ᠠᠮᠧᠷᠢᠺᠠ ᠳᠤᠮᠳᠠᠳᠤ ᠶᠢᠨ | ᠬᠠᠷᠢᠯᠴᠠᠭ᠎ᠠ ᠶᠢ ᠵᠢᠯᠤᠭᠤᠳᠬᠤ ᠵᠠᠷᠴᠢᠮ ᠢ ᠲᠣᠭᠲᠠᠭᠠᠪᠠᠯ ᠵᠣᠬᠢᠬᠤ ᠶᠢ ᠵᠥᠪᠰᠢᠶᠡᠷᠡᠵᠦ ᠪᠠᠶᠢᠨ᠎ᠠ᠂ ᠬᠤᠶᠠᠷ ᠲᠠᠯ᠎ᠠ ᠶᠢᠨ | ᠪᠦᠯᠭᠦᠮ ᠤᠤᠯ ᠤᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ ᠦᠷᠭᠦᠯᠵᠢᠯᠡᠨ ᠶᠠᠷᠢᠯᠴᠠᠵᠤ᠂ ᠡᠷᠲᠡᠬᠡᠨ ᠰᠠᠨᠠᠯ | ᠨᠢᠭᠡᠳᠭᠦ ᠪᠠᠷ ᠴᠢᠷᠮᠠᠶᠢᠪᠠᠯ ᠵᠣᠬᠢᠨ᠎ᠠ᠃ ᠠᠮᠧᠷᠢᠺᠠ ᠶᠢᠨ ᠵᠠᠰᠠᠭ ᠤᠨ ᠣᠷᠳᠣᠨ ᠨᠢᠭᠡ ᠯᠡ ᠳᠤᠮᠳᠠᠳᠤ ᠤᠯᠤᠰ ᠪᠠᠶᠢᠬᠤ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠶᠢᠸᠠᠨ ᠤ ᠠᠰᠠᠭᠤᠳᠠᠯ ᠢᠶᠠᠷ ᠪᠠᠭᠠᠵᠢ ᠪᠣᠯᠭᠠᠨ ᠳᠤᠮᠳᠠᠳᠤ ᠤᠯᠤᠰ ᠢ | ᠬᠤᠷᠢᠭᠯᠠᠬᠤ ᠶᠢ ᠡᠷᠢᠯᠬᠢᠯᠡᠬᠦ ᠦᠭᠡᠢ᠂ ᠲᠠᠶᠢᠸᠠᠨ ᠬᠤᠭᠤᠯᠠᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠢ ᠣᠯᠵᠤ | ᠬᠠᠷᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ ᠬᠤᠶᠠᠷ ᠤᠯᠤᠰ ᠤᠨ ᠲᠡᠷᠢᠭᠦᠨ᠂ ᠬᠤᠶᠠᠷ ᠲᠠᠯ᠎ᠠ ᠶᠢᠨ ᠭᠠᠳᠠᠭᠠᠳᠤ | ᠬᠠᠷᠢᠯᠴᠠᠭᠠᠨ ᠤ ᠪᠦᠯᠭᠦᠮ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠪᠠᠶᠢᠩᠭᠤ ᠶᠢᠨ ᠴᠢᠨᠠᠷᠲᠠᠢ | ᠵᠥᠪᠳᠡᠯᠴᠡᠭᠡ ᠬᠢᠬᠦ ᠶᠢ ᠵᠥᠪᠰᠢᠶᠡᠷᠡᠪᠡ᠃ ᠬᠤᠶᠠᠷ ᠤᠯᠤᠰ ᠤᠨ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠪᠦᠯᠭᠦᠮ ᠤᠨ ᠬᠢᠨ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ᠂ ᠠᠵᠤ ᠠᠬᠤᠢ ᠠᠷᠠᠯᠵᠢᠶ᠎ᠠ ᠵᠡᠷᠭᠡ ᠠᠰᠠᠭᠤᠳᠠᠯ ᠤᠨ | ᠲᠤᠬᠠᠢ ᠶᠠᠷᠢᠯᠴᠠᠭ᠎ᠠ ᠵᠣᠬᠢᠴᠠᠭᠤᠯᠭ᠎ᠠ ᠬᠢᠬᠦ ᠶᠢ ᠵᠥᠪᠰᠢᠶᠡᠷᠡᠪᠡ᠃ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠳᠣᠯᠣᠳᠤᠭᠠᠷ ᠤᠳᠠᠭᠠᠨ ᠤ | ᠭᠡᠷᠡᠲᠦ ᠲᠠᠯ᠎ᠠ ᠶᠢᠨ ᠶᠡᠭᠡ ᠬᠤᠷᠠᠯ ᠤᠨ ᠠᠮᠵᠢᠯᠲᠠ ᠣᠯᠬᠤ ᠶᠢ ᠬᠠᠮᠲᠤ ᠪᠠᠷ ᠴᠢᠷᠮᠠᠶᠢᠨ ᠠᠬᠢᠭᠤᠯᠬᠤ ᠶᠢ ᠵᠥᠪᠰᠢᠶᠡᠷᠡᠪᠡ᠃ | ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠥᠳᠡᠭᠡ ᠠᠵᠤ ᠠᠬᠤᠢ ᠪᠣᠯᠣᠨ | ᠠᠮᠤ ᠪᠤᠳᠠᠭᠠᠨ ᠤ ᠠᠮᠤᠷ ᠲᠦᠪᠰᠢᠨ ᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠤᠬᠠᠢ ᠰᠠᠨᠠᠯ ᠨᠢᠭᠡᠳᠪᠡ᠃ ᠳᠤᠮᠳᠠᠳᠤ | ᠠᠮᠧᠷᠢᠺᠠ ᠶᠢᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠰᠠᠶᠢᠲᠤᠷ ᠬᠡᠷᠡᠭᠯᠡᠵᠦ᠂ ᠨᠡᠩ ᠤᠯᠠᠨ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠶᠢ ᠵᠥᠪᠰᠢᠶᠡᠷᠡᠪᠡ᠃ ᠳᠤᠮᠳᠠᠳᠤ ᠠᠮᠧᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ | ᠲᠦᠢᠯ ᠤᠨ ᠴᠢᠬᠤᠯᠠ ᠪᠠᠶᠢᠬᠤ ᠶᠢ ᠵᠥᠪᠰᠢᠶᠡᠷᠡᠵᠦ᠂ ᠬᠤᠶᠠᠷ ᠤᠯᠤᠰ ᠤᠨ ᠡᠯ᠎ᠡ ᠬᠦᠷᠢᠶᠡᠨ ᠤ ᠬᠥᠮᠥᠰ ᠤᠨ ᠶᠠᠪᠤᠯᠴᠠᠭ᠎ᠠ ᠶᠢ | ᠥᠷᠭᠡᠳᠬᠡᠬᠦ ᠶᠢ ᠵᠣᠷᠢᠭᠵᠢᠭᠤᠯᠪᠠ᠃ ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ ᠵᠡᠷᠭᠡ ᠠᠰᠠᠭᠤᠳᠠᠯ ᠤᠨ | ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠣᠳᠣᠬᠠᠨ ᠤ ᠦᠺᠷᠠᠶᠢᠨ ᠤ ᠪᠠᠶᠢᠳᠠᠯ ᠢ ᠳᠡᠭᠡᠳᠦ | ᠬᠡᠮᠵᠢᠶ᠎ᠡ ᠪᠠᠷ ᠠᠩᠬᠠᠷᠴᠤ ᠪᠠᠶᠢᠨ᠎ᠠ᠃ ᠬᠢᠮᠤᠷᠠᠯ ᠡᠭᠦᠰᠦᠭᠰᠡᠨ ᠤ ᠲᠠᠷᠠᠭ᠎ᠠ᠂ ᠪᠢ ︽ᠲᠦᠷᠪᠡᠨ ᠡᠷᠬᠡᠪᠰᠢ︾ ᠶᠢ ᠳᠤᠷᠠᠳᠤᠭᠰᠠᠨ | ᠪᠥᠭᠡᠳ ᠲᠦᠷᠦᠭᠦᠬᠡᠨ ᠪᠠᠰᠠ ︽ᠲᠦᠷᠪᠡᠨ ᠬᠠᠮᠲᠤ ᠪᠠᠷ︾ ᠢ ᠳᠤᠷᠠᠳᠤᠭᠰᠠᠨ ᠶᠤᠮ᠃ ᠦᠺᠷᠠᠶᠢᠨ ᠤ ᠬᠢᠮᠤᠷᠠᠯ ᠮᠡᠲᠦ ᠶᠢᠨ | ᠪᠦᠭᠦ ᠪᠥᠮᠪᠥᠷᠴᠡᠭ ᠤᠨ ᠴᠢᠨᠠᠷᠲᠠᠢ᠂ ᠨᠡᠶᠢᠯᠡᠮᠡᠯ ᠴᠢᠨᠠᠷᠲᠠᠢ ᠬᠢᠮᠤᠷᠠᠯ ᠤᠨ ᠡᠮᠦᠨ᠎ᠡ᠂ ᠡᠶᠢᠮᠦ ᠬᠡᠳᠦᠨ ᠵᠦᠢᠯ ᠢ ᠬᠢᠨᠠᠮᠠᠭᠠᠢ | ᠪᠣᠳᠣᠯᠬᠢᠯᠠᠭᠤᠰᠢᠲᠠᠢ ᠪᠠᠶᠢᠨ᠎ᠠ᠄ ᠨᠢᠭᠡ ᠳᠤ᠂ ᠮᠥᠷᠭᠦᠯᠳᠦᠭᠡᠨ ᠳᠠᠶᠢᠨ ᠳᠤ ᠢᠯᠠᠭᠴᠢ ᠦᠭᠡᠢ ᠶᠤᠮ ; ᠬᠤᠶᠠᠷ ᠲᠤ᠂ | ᠪᠤᠳᠤᠯᠢᠶᠠᠨᠲᠠᠢ ᠠᠰᠠᠭᠤᠳᠠᠯ ᠢ ᠰᠢᠢᠳᠪᠦᠷᠢᠯᠡᠬᠦ ᠳᠤ ᠳᠥᠭᠦᠮ ᠠᠷᠭ᠎ᠠ ᠪᠠᠶᠢᠬᠤ ᠦᠭᠡᠢ ; ᠭᠤᠷᠪᠠ ᠳᠤ᠂ ᠲᠣᠮᠣ | ᠤᠯᠤᠰ ᠤᠳ ᠤᠨ ᠡᠰᠡᠷᠭᠦᠴᠡᠯᠳᠦᠯ ᠡᠭᠦᠰᠭᠦ ᠠᠴᠠ ᠡᠷᠬᠡᠪᠰᠢ ᠵᠠᠶᠢᠯᠠᠰᠬᠢᠬᠦ ᠬᠡᠷᠡᠭᠲᠡᠢ᠃ ᠳᠤᠮᠳᠠᠳᠤ ᠤᠯᠤᠰ ᠢᠮᠠᠭᠲᠠ ᠡᠩᠬᠡ | ᠲᠠᠶᠢᠪᠤᠩ ᠤᠨ ᠲᠠᠯ᠎ᠠ ᠳᠤ ᠵᠣᠭᠰᠣᠵᠤ᠂ ᠦᠷᠭᠦᠯᠵᠢᠯᠡᠨ ᠢᠳᠬᠠᠨ ᠡᠪᠰᠡᠭᠦᠯᠵᠦ ᠬᠡᠯᠡᠯᠴᠡᠭᠡ ᠶᠢ ᠠᠬᠢᠭᠤᠯᠤᠨ᠎ᠠ᠂ ᠤᠷᠤᠰ | ᠦᠺᠷᠠᠶᠢᠨ ᠬᠤᠶᠠᠷ ᠲᠠᠯ᠎ᠠ ᠶᠢᠨ ᠨᠠᠶᠢᠷᠠᠮᠳᠠᠯ ᠤᠨ ᠬᠡᠯᠡᠯᠴᠡᠭᠡ ᠪᠠᠨ ᠰᠡᠷᠭᠦᠭᠡᠬᠦ ᠶᠢ ᠳᠡᠮᠵᠢᠭᠦ ᠶᠢᠨ ᠬᠠᠮᠲᠤ ᠠᠮᠧᠷᠢᠺᠠ᠂ ᠤᠮᠠᠷᠠᠲᠤ | ᠠᠳ᠋ᠯᠠᠨᠲ ᠲᠠᠯᠠᠢ ᠶᠢᠨ ᠭᠡᠷ᠎ᠡ ᠶᠢᠨ ᠵᠣᠬᠢᠶᠠᠨ ᠪᠠᠶᠢᠭᠤᠯᠤᠯᠲᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ | ᠤᠷᠤᠰ ᠯᠤᠭ᠎ᠠ ᠪᠦᠭᠦ ᠲᠠᠯ᠎ᠠ ᠶᠢᠨ ᠶᠠᠷᠢᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠶᠠᠷ | ᠤᠯᠤᠰ ᠤᠨ ᠲᠡᠷᠢᠭᠦᠨ᠂ ᠠᠭᠤᠯᠵᠠᠯᠲᠠ ᠪᠣᠯ ᠭᠦᠨ ᠭᠦᠨᠵᠡᠭᠡᠢ ᠴᠢᠩ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠶᠤᠮ ᠭᠡᠵᠦ | ᠦᠵᠡᠵᠦ᠂ ᠬᠤᠶᠠᠷ ᠤᠯᠤᠰ ᠤᠨ ᠠᠵᠢᠯ ᠤᠨ ᠪᠦᠯᠭᠦᠮ ᠢ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ | ᠬᠠᠮᠲᠤ ᠶᠢᠨ ᠲᠠᠨᠢᠯᠲᠠ ᠶᠢ ᠴᠠᠭ ᠲᠤᠬᠠᠢ ᠳᠤᠨᠢ ᠲᠠᠭᠠᠨ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠠᠵᠢᠯᠯᠠᠭ᠎ᠠ ᠠᠪᠴᠤ᠂ | ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠲᠣᠭᠲᠠᠭᠤᠨ ᠬᠥᠭᠵᠢᠯᠲᠡ ᠶᠢᠨ ᠵᠠᠮ ᠳᠠᠭᠠᠨ ᠲᠠᠭᠢᠨ ᠪᠤᠴᠠᠬᠤ ᠶᠢ | ᠠᠬᠢᠭᠤᠯᠬᠤ ᠪᠠᠷ ᠱᠠᠭᠠᠷᠳᠠᠪᠠ᠃ ᠬᠤᠶᠠᠷ ᠤᠯᠤᠰ ᠤᠨ ᠲᠡᠷᠢᠭᠦᠨ ᠦᠷᠭᠦᠯᠵᠢᠯᠡᠨ ᠪᠠᠶᠢᠩᠭᠤ ᠶᠢᠨ ᠴᠢᠨᠠᠷᠲᠠᠢ ᠬᠠᠷᠢᠯᠴᠠᠭ᠎ᠠ ᠪᠠᠨ | ᠪᠠᠲᠤᠯᠠᠬᠤ ᠶᠢ ᠵᠥᠪᠰᠢᠶᠡᠷᠡᠪᠡ᠃ ᠳ᠋ᠢᠩ ᠰᠢᠤᠸᠠᠢ ᠰᠢᠶᠠᠩ᠂ ᠸᠠᠩ ᠢ᠂ ᠾᠧ ᠯᠢ ᠹᠧᠩ ᠨᠠᠷ ᠠᠭᠤᠯᠵᠠᠯᠲᠠ ᠳᠤ | ᠣᠷᠣᠯᠴᠠᠪᠠ᠃ | | | | | | |