| | | | ᠲᠤᠬᠠᠢ ᠶᠢᠨ ᠭᠠᠵᠠᠷ ᠤᠨ ᠴᠠᠭ ᠢᠶᠠᠷ 11 ᠰᠠᠷ᠎ᠠ ᠶᠢᠨ 15 ᠤ ᠡᠳᠦᠷ᠂ ᠬᠤᠷᠢᠨ ᠤᠯᠤᠰ ᠤᠨ | ᠪᠦᠯᠦᠭᠯᠡᠯ ᠤᠨ ᠤᠳᠤᠷᠢᠳᠬᠤ ᠬᠥᠮᠥᠰ ᠤᠨ ᠠᠷᠪᠠᠨ ᠳᠣᠯᠣᠳᠤᠭᠠᠷ ᠤᠳᠠᠭ᠎ᠠ ᠶᠢᠨ ᠲᠦᠷᠦᠭᠦᠴᠦᠳ ᠤᠨ ᠬᠤᠷᠠᠯ | ᠢᠨᠳᠤᠨᠧᠰᠢᠶ᠎ᠠ ᠶᠢᠨ ᠪᠠᠯᠢ ᠠᠷᠠᠯ ᠳᠤ ᠶᠠᠪᠤᠭᠳᠠᠪᠠ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ | ᠪᠥᠭᠡᠳ ︽ᠴᠠᠭ ᠦᠶ᠎ᠡ ᠶᠢᠨ ᠥᠷᠢᠰᠦᠯᠳᠦᠭᠡᠨ ᠢ ᠬᠠᠮᠲᠤ ᠪᠠᠷ ᠤᠭᠲᠤᠵᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠶ᠎ᠠ︾ ᠭᠡᠬᠦ ᠰᠡᠳᠦᠪ ᠲᠠᠢ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠶᠠᠭ | ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠡᠨᠡ ᠪᠣᠯ ᠳᠡᠯᠡᠬᠡᠢ ᠶᠢᠨ | ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠪᠣᠯᠣᠨ᠎ᠠ᠃ ᠣᠳᠣᠬᠠᠨ ᠳᠤ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠠᠭᠢᠨ ᠳᠠᠪᠲᠠᠨ ᠦᠷᠪᠢᠰᠦᠨ ᠳᠡᠯᠭᠡᠷᠡᠵᠦ᠂ ᠳᠡᠯᠡᠬᠡᠢ ᠶᠢᠨ | ᠠᠵᠤ ᠠᠬᠤᠢ ᠶᠢᠨ ᠬᠡᠪᠡᠷᠡᠭ ᠴᠢᠨᠠᠷ ᠨᠠᠩ ᠲᠣᠪᠤᠶᠢᠮ᠎ᠠ ᠪᠣᠯᠵᠤ᠂ ᠭᠠᠵᠠᠷ ᠣᠷᠣᠨ ᠢᠶᠠᠷ ᠰᠢᠯᠲᠠᠭᠠᠯᠠᠭᠳᠠᠭᠰᠠᠨ ᠤᠯᠤᠰ | ᠲᠥᠷᠥ ᠶᠢᠨ ᠪᠠᠶᠢᠳᠠᠯ ᠪᠠᠴᠢᠮ ᠪᠣᠯᠵᠤ᠂ ᠪᠦᠭᠦ ᠪᠥᠮᠪᠥᠷᠴᠡᠭ ᠤᠨ ᠵᠠᠰᠠᠯᠲᠠ ᠬᠦᠨᠳᠦ ᠨᠣᠴᠢᠲᠠᠢ ᠲᠤᠲᠠᠭᠳᠠᠵᠤ᠂ ᠠᠮᠤ | ᠪᠤᠳᠠᠭ᠎ᠠ ᠪᠠ ᠡᠨᠧᠷᠭᠢ ᠵᠡᠷᠭᠡ ᠣᠯᠠᠨ ᠳᠠᠪᠬᠤᠷ ᠬᠢᠮᠤᠷᠠᠯ ᠳᠠᠪᠬᠤᠴᠠᠵᠤ᠂ ᠬᠥᠮᠥᠨ ᠲᠥᠷᠥᠯᠬᠢᠲᠡᠨ ᠤ ᠬᠥᠭᠵᠢᠯᠲᠡ ᠬᠦᠨᠳᠦ | ᠶᠡᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠡᠯ᠎ᠡ ᠤᠯᠤᠰ ᠤᠨ ᠬᠢᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠤᠯᠭᠠᠵᠤ᠂ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ | ᠬᠠᠮᠲᠤ ᠪᠠᠷ ᠠᠰᠢᠭ ᠭᠦᠷᠲᠡᠭᠦ ᠶᠢ ᠰᠠᠨᠠᠭᠠᠴᠢᠯᠠᠵᠤ᠂ ᠪᠦᠯᠬᠦᠮᠳᠡᠯ ᠢᠶᠠᠷ ᠬᠠᠭᠠᠴᠠᠯ ᠢ ᠣᠷᠣᠯᠠᠭᠤᠯᠵᠤ᠂ ᠬᠠᠮᠲᠤᠷᠠᠯᠴᠠᠭ᠎ᠠ ᠪᠠᠷ | ᠡᠰᠡᠷᠭᠦᠴᠡᠯᠳᠦᠯ ᠢ ᠣᠷᠣᠯᠠᠭᠤᠯᠵᠤ᠂ ᠪᠠᠭᠲᠠᠭᠠᠮᠵᠢ ᠪᠠᠷ ᠭᠠᠳᠠᠭᠤᠷᠴᠢᠯᠠᠯ ᠢ ᠣᠷᠣᠯᠠᠭᠤᠯᠵᠤ᠂ ︽ᠳᠡᠯᠡᠬᠡᠢ ᠶᠢᠷᠲᠢᠨᠴᠦ | ᠶᠠᠭᠠᠬᠢᠭᠰᠠᠨ ᠪᠤᠢ᠂ ᠪᠢᠳᠡ ᠶᠠᠭᠠᠬᠢᠪᠠᠯ ᠵᠣᠬᠢᠬᠤ ᠪᠤᠢ︾ ᠭᠡᠬᠦ ᠴᠠᠭ ᠦᠶ᠎ᠡ ᠶᠢᠨ ᠰᠡᠳᠦᠪ ᠢ ᠬᠠᠮᠲᠤ ᠪᠠᠷ ᠰᠢᠢᠳᠪᠦᠷᠢᠯᠡᠵᠦ᠂ | ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠢᠷᠡᠭᠡᠳᠦᠢ ᠪᠠᠨ ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ ᠪᠣᠯ ᠴᠥᠮ ᠳᠡᠯᠡᠬᠡᠢ ᠶᠢᠨ ᠪᠠ ᠭᠠᠵᠠᠷ ᠣᠷᠣᠨ ᠤ | ᠲᠣᠮᠣ ᠤᠯᠤᠰ ᠮᠥᠨ᠂ ᠲᠣᠮᠣ ᠤᠯᠤᠰ ᠤᠨ ᠡᠭᠦᠷᠭᠡᠯᠡᠯ ᠢ ᠢᠯᠡᠷᠡᠭᠦᠯᠵᠦ᠂ ᠦᠯᠢᠭᠡᠷ ᠳᠠᠭᠤᠷᠢᠶᠠᠯ ᠤᠨ ᠦᠢᠯᠡᠳᠦᠯ ᠢ | ᠪᠠᠳᠠᠷᠠᠭᠤᠯᠵᠤ᠂ ᠡᠯ᠎ᠡ ᠤᠯᠤᠰ ᠲᠤ ᠬᠥᠭᠵᠢᠯᠲᠡ ᠶᠢ ᠡᠷᠢᠯᠬᠢᠯᠡᠨ ᠥᠭᠴᠦ᠂ ᠬᠥᠮᠥᠨ ᠲᠥᠷᠥᠯᠬᠢᠲᠡᠨ ᠳᠤ ᠪᠤᠶᠠᠨ ᠦᠢᠯᠡᠳᠴᠦ | ᠂ ᠳᠡᠯᠡᠬᠡᠢ ᠳ᠋ᠠᠬᠢᠨ ᠳᠤ ᠲᠠᠪᠰᠢᠯᠳᠠ ᠣᠯᠭᠤᠪᠠᠯ ᠵᠣᠬᠢᠨ᠎ᠠ᠃ ᠪᠢᠳᠠ ᠨᠡᠩ ᠪᠠᠭᠲᠠᠭᠠᠮᠵᠢᠲᠠᠢ ᠪᠦᠭᠦ ᠪᠥᠮᠪᠥᠷᠴᠡᠭ ᠤᠨ | ᠬᠥᠭᠵᠢᠯᠲᠡ ᠶᠢ ᠠᠬᠢᠭᠤᠯᠤᠶ᠎ᠠ᠃ ᠪᠦᠯᠬᠦᠮᠳᠡᠯ ᠪᠣᠯ ᠬᠦᠴᠦᠨ ᠮᠥᠨ᠂ ᠬᠠᠭᠠᠴᠠᠪᠠᠯ ᠭᠠᠷᠬᠤ ᠵᠠᠮ ᠦᠭᠡᠢ᠃ ᠪᠢᠳᠡ ᠨᠢᠭᠡᠯᠬᠡᠨ | ᠪᠥᠮᠪᠥᠷᠴᠡᠭ ᠲᠣᠰᠬᠤᠨ ᠳᠤ ᠠᠮᠢᠳᠤᠷᠠᠵᠤ ᠪᠠᠶᠢᠨ᠎ᠠ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠤ ᠡᠮᠦᠨ᠎ᠡ᠂ | ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠪᠠᠯ ᠵᠣᠬᠢᠨ᠎ᠠ᠃ ᠦᠵᠡᠯ ᠤᠬᠠᠮᠰᠠᠷ ᠤᠨ ᠭᠡᠯᠪᠡᠷᠢ ᠪᠠᠷ ᠵᠠᠭᠠᠭ ᠱᠤᠭᠤᠮ | ᠪᠤᠯᠭᠠᠵᠤ᠂ ᠪᠦᠯᠦᠭᠯᠡᠯ ᠤᠨ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠢ ᠪᠤᠢ ᠪᠤᠯᠭᠠᠬᠤ ᠨᠢ ᠳᠡᠯᠡᠬᠡᠢ ᠳ᠋ᠠᠬᠢᠨ ᠢ | ᠲᠠᠰᠤᠳᠠᠨ ᠰᠠᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠶᠢ ᠬᠠᠷᠰᠢᠯᠠᠬᠤ | ᠪᠣᠯᠣᠨ᠎ᠠ᠃ ᠬᠥᠮᠥᠨ ᠲᠥᠷᠥᠯᠬᠢᠲᠡᠨ ᠤ ᠪᠣᠯᠪᠠᠰᠤᠨ ᠨᠢᠭᠡᠨᠲᠡ 21 ᠳ᠋ᠦ᠋ᠭᠡᠷ ᠵᠠᠭᠤᠨ ᠳᠤ ᠣᠷᠣᠵᠤ᠂ ᠬᠦᠢᠲᠡᠨ ᠲᠠᠶᠢᠨ ᠤ | ᠰᠡᠳᠬᠢᠬᠦᠢ ᠠᠯᠢ ᠡᠷᠲᠡ ᠴᠠᠭ ᠠᠴᠠ ᠥᠩᠭᠡᠷᠡᠵᠡᠢ᠃ ᠪᠢᠳᠡ ᠭᠠᠷ ᠬᠤᠯᠪᠣᠨ ᠴᠢᠷᠮᠠᠶᠢᠵᠤ᠂ ᠬᠠᠮᠲᠤᠷᠠᠯᠴᠠᠵᠤ ᠬᠠᠮᠲᠤ ᠪᠠᠷ | ᠠᠰᠢᠭ ᠭᠦᠷᠲᠡᠭᠦ ᠰᠢᠨ᠎ᠡ ᠠᠬᠤᠢ ᠪᠠᠶᠢᠳᠠᠯ ᠢ ᠨᠡᠭᠡᠭᠡᠪᠡᠯ ᠵᠣᠬᠢᠨ᠎ᠠ᠃ ᠡᠯ᠎ᠡ ᠤᠯᠤᠰ ᠬᠠᠷᠢᠯᠴᠠᠨ ᠭᠦᠨᠳᠦᠳᠭᠡᠵᠦ᠂ ᠠᠳᠠᠯᠢ | ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ ᠨᠡᠭᠡᠭᠡᠯᠲᠡᠲᠤ | ᠭᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠶᠢ ᠠᠬᠢᠭᠤᠯᠪᠠᠯ ᠵᠣᠬᠢᠨ᠎ᠠ᠂ ᠬᠥᠷᠰᠢ | ᠵᠡᠷᠭᠡᠯᠡᠳᠡᠭᠡ ᠲᠠᠢ ᠪᠠᠨ ᠳᠠᠶᠢᠰᠤᠩᠨᠠᠵᠤ᠂ ︽ᠵᠢᠵᠢᠭ ᠬᠦᠷᠢᠶ᠎ᠡ ᠥᠨᠳᠥᠷ ᠬᠡᠷᠡᠮ︾ ᠪᠠᠶᠢᠭᠤᠯᠵᠤ᠂ ᠪᠢᠲᠡᠭᠦᠮᠵᠢᠯᠡᠯ | ᠭᠠᠳᠠᠭᠤᠷᠴᠢᠯᠠᠯ ᠬᠢᠬᠦ ︽ᠵᠢᠵᠢᠭ ᠪᠦᠯᠭᠦᠮ︾ ᠪᠠᠶᠢᠭᠤᠯᠬᠤ ᠦᠭᠡᠢ ᠪᠣᠯ ᠵᠣᠬᠢᠨ᠎ᠠ᠃ ᠬᠤᠷᠢᠨ ᠤᠯᠤᠰ ᠤᠨ ᠪᠦᠯᠦᠭᠯᠡᠯ | ᠪᠦᠯᠬᠦᠮᠳᠡᠨ ᠬᠠᠮᠲᠤᠷᠠᠯᠴᠠᠬᠤ ᠤᠭ ᠰᠠᠨᠠᠭ᠎ᠠ ᠪᠠᠨ ᠪᠠᠲᠤ ᠰᠠᠬᠢᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠬᠤ ᠵᠣᠷᠢᠭ | ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ᠂ ᠵᠥᠪᠳᠡᠯᠴᠡᠨ ᠨᠢᠭᠡᠳᠭᠦ ᠵᠠᠷᠴᠢᠮ ᠢ ᠪᠠᠷᠢᠮᠲᠠᠯᠠᠶ᠎ᠠ᠃ ᠬᠠᠭᠠᠴᠠᠨ | ᠡᠰᠡᠷᠭᠦᠴᠡᠯᠳᠦᠬᠦ ᠨᠢ ᠠᠯᠢ ᠴᠤ ᠲᠠᠯ᠎ᠠ ᠶᠢᠨ ᠠᠰᠢᠭ ᠲᠤᠰᠠ ᠳᠤ ᠨᠡᠶᠢᠴᠡᠭᠦ ᠦᠭᠡᠢ ᠶᠤᠮ᠂ ᠪᠦᠯᠬᠦᠮᠳᠡᠨ ᠬᠠᠮᠲᠤ ᠣᠷᠣᠰᠢᠬᠤ | ᠪᠣᠯ ᠰᠠᠶ᠋ᠢ ᠵᠥᠪ ᠰᠣᠩᠭᠤᠯᠲᠠ ᠮᠥᠨ᠃ ᠪᠢᠳᠡ ᠨᠠᠩ ᠲᠦᠭᠡᠮᠡᠯ ᠠᠰᠢᠭ ᠬᠦᠷᠲᠡᠭᠡᠬᠦ ᠪᠦᠭᠦ ᠪᠥᠮᠪᠥᠷᠴᠡᠭ ᠤᠨ | ᠬᠥᠭᠵᠢᠯᠲᠡ ᠶᠢ ᠠᠬᠢᠭᠤᠯᠤᠶ᠎ᠠ᠃ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠪᠣᠯ ᠰᠠᠶ᠋ᠢ ᠵᠢᠩᠬᠢᠨᠢ ᠬᠥᠭᠵᠢᠯᠲᠡ ᠮᠥᠨ᠃ | ᠶᠠᠳᠠᠭᠤ ᠨᠢ ᠤᠯᠠᠮ ᠶᠠᠳᠠᠭᠤᠷᠠᠵᠤ᠂ ᠪᠠᠶᠠᠨ ᠨᠢ ᠤᠯᠠᠮ ᠪᠠᠶᠠᠵᠢᠭᠰᠠᠨ ᠰᠠᠭᠤᠷᠢᠨ ᠳᠡᠭᠡᠷ᠎ᠡ ᠳᠡᠯᠡᠬᠡᠢ ᠶᠢᠨ ᠴᠡᠴᠡᠭᠯᠡᠯ ᠬᠥᠭᠵᠢᠯ | ᠲᠣᠭᠲᠠᠭᠤᠨ ᠪᠠᠶᠢᠳᠠᠯ ᠪᠤᠢ ᠪᠤᠯᠬᠤ ᠪᠣᠯᠣᠯᠴᠠᠭ᠎ᠠ ᠦᠭᠡᠢ ᠶᠤᠮ᠃ ᠤᠯᠤᠰ ᠪᠣᠯᠭᠠᠨ ᠴᠥᠮ ᠰᠠᠶᠢᠨ ᠰᠠᠶᠢᠬᠠᠨ | ᠠᠮᠢᠳᠤᠷᠠᠬᠤ ᠶᠢ ᠬᠦᠰᠡᠵᠦ ᠪᠤᠢ᠂ ᠣᠳᠣᠬᠢᠴᠢᠯᠠᠯᠲᠠ ᠨᠢ ᠠᠯᠢ ᠨᠢᠭᠡᠨ ᠤᠯᠤᠰ ᠤᠨ ᠣᠨᠴᠠ ᠡᠷᠬᠡ ᠪᠢᠰᠢ ᠶᠤᠮ᠃ | ᠡᠮᠦᠨ᠎ᠡ ᠨᠢ ᠬᠤᠰᠢᠭᠤᠷᠠᠵᠤ ᠪᠠᠶᠢᠭ᠎ᠠ ᠤᠯᠤᠰ ᠤᠳ ᠪᠤᠰᠤᠳ ᠤᠯᠤᠰ ᠤᠨ ᠬᠥᠭᠵᠢᠯᠲᠡ ᠶᠢ ᠦᠨᠡᠨ ᠰᠡᠳᠬᠢᠯ ᠠᠴᠠ ᠪᠠᠨ | ᠬᠠᠪᠰᠤᠷᠴᠤ᠂ ᠪᠦᠭᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠢ ᠨᠡᠩ ᠤᠯᠠᠨ ᠬᠠᠩᠭᠠᠪᠠᠯ ᠵᠣᠬᠢᠨ᠎ᠠ᠃ ᠲᠣᠮᠣ | ᠤᠯᠤᠰ ᠨᠢ ᠲᠣᠮᠣ ᠤᠯᠤᠰ ᠤᠨ ᠡᠭᠦᠷᠭᠡᠯᠡᠯ ᠢ ᠡᠭᠦᠷᠭᠡᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠲᠤ | ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠪᠡᠯ ᠵᠣᠬᠢᠨ᠎ᠠ᠃ ᠳᠤᠮᠳᠠᠳᠤ ᠤᠯᠤᠰ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠡᠮᠦᠨᠡᠳᠡᠬᠢ ᠨᠢ | ᠡᠮᠦᠨᠡᠳᠡᠬᠢ ᠲᠠᠢ ᠪᠠᠨ ᠬᠠᠮᠲᠤᠷᠠᠯᠴᠠᠬᠤ ᠰᠠᠭᠤᠷᠢ ᠮᠥᠩᠭᠦ ᠶᠢ ᠪᠠᠶᠢᠭᠤᠯᠵᠤ᠂ ᠳᠤᠮᠳᠠᠳᠤ ᠤᠯᠤᠰ — ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠰᠠᠭᠤᠷᠢ ᠮᠥᠩᠭᠦ ᠳᠠᠬᠢ ᠣᠷᠣᠭᠤᠯᠤᠯᠲᠠ ᠪᠠᠨ | ᠨᠡᠮᠡᠭᠳᠡᠭᠦᠯᠵᠦ᠂ 100 ᠭᠠᠷᠤᠢ ᠤᠯᠤᠰ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ᠡᠨᠡ ᠬᠦ | ᠰᠠᠨᠠᠭᠠᠴᠢᠯᠠᠭ᠎ᠠ ᠶᠢ ᠠᠬᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠭᠦ ᠵᠦᠢᠯ ᠢ ᠨᠠᠶᠢᠳᠠᠪᠤᠷᠢᠵᠢᠭᠤᠯᠬᠤ ᠳᠤ ᠰᠢᠨ᠎ᠡ ᠬᠦᠴᠦᠨ ᠨᠡᠮᠡᠷᠢᠯᠡᠪᠡ᠃ ᠪᠢᠳᠡ ᠨᠡᠩ ᠤᠶᠠᠨ | ᠬᠠᠳᠠᠨ ᠴᠢᠨᠠᠷᠲᠠᠢ ᠪᠦᠭᠦ ᠪᠥᠮᠪᠥᠷᠴᠡᠭ ᠤᠨ ᠬᠥᠭᠵᠢᠯᠲᠡ ᠶᠢ ᠠᠬᠢᠭᠤᠯᠤᠶ᠎ᠠ᠃ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ | ᠰᠠᠯᠬᠢ ᠳᠤ ᠤᠴᠠᠷᠠᠵᠤ᠂ ᠳᠡᠯᠡᠬᠡᠢ ᠶᠢᠨ ᠠᠵᠤ ᠠᠬᠤᠢ ᠪᠠᠭᠤᠷᠠᠯᠲᠠ ᠶᠢᠨ ᠠᠶᠤᠯ ᠲᠦᠭᠰᠢᠭᠦᠷᠢ ᠳᠤ ᠲᠤᠯᠭᠠᠷᠠᠪᠠᠯ ᠤᠯᠠᠨ ᠤ | ᠠᠮᠢᠳᠤᠷᠠᠯ ᠴᠥᠮ ᠬᠦᠴᠢᠷᠲᠡᠢ ᠪᠣᠯᠵᠤ᠂ ᠬᠥᠭᠵᠢᠵᠦ ᠪᠠᠶᠢᠭ᠎ᠠ ᠤᠯᠤᠰ ᠡᠩ ᠲᠡᠷᠢᠭᠦᠨ ᠳᠤ ᠲᠠᠭᠠᠷᠢᠬᠳᠠᠬᠤ ᠪᠣᠯᠣᠨ᠎ᠠ᠃ | ᠪᠢᠳᠡ ᠬᠥᠭᠵᠢᠯᠲᠡ ᠶᠢᠨ ᠠᠰᠠᠭᠤᠳᠠᠯ ᠢ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠴᠢᠬᠤᠯᠠᠴᠢᠯᠠᠶ᠎ᠠ᠃ ᠪᠦᠭᠦ | ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠬᠥᠭᠵᠢᠯᠲᠡ ᠶᠢ | ᠲᠡᠷᠢᠭᠦᠨ ᠳᠤ ᠲᠠᠯᠪᠢᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠢᠮᠠᠭᠲᠠ ᠬᠥᠭᠵᠢᠵᠦ ᠪᠠᠶᠢᠭ᠎ᠠ | ᠤᠯᠤᠰ ᠤᠳ ᠤᠨ ᠬᠦᠴᠢᠷᠳᠡᠯ ᠢ ᠪᠣᠳᠣᠯᠬᠢᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠠᠩᠬᠠᠷᠴᠤ ᠪᠠᠶᠢᠭ᠎ᠠ ᠠᠰᠠᠭᠤᠳᠠᠯ ᠢ | ᠬᠠᠷᠠᠭᠠᠯᠵᠠᠶᠠ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠤᠷᠢᠨ ᠤᠯᠤᠰ ᠤᠨ | ᠪᠦᠯᠦᠭᠯᠡᠯ ᠳᠤ ᠣᠷᠤᠯᠴᠠᠬᠤ ᠶᠢ ᠳᠡᠮᠵᠢᠨ᠎ᠠ᠃ ᠡᠯ᠎ᠡ ᠲᠠᠯ᠎ᠠ ᠶᠢᠨ ᠬᠢᠨ ᠬᠢᠵᠢᠭ ᠲᠠᠢ ᠲᠡᠮᠡᠴᠡᠬᠦ ᠣᠯᠠᠨ ᠤᠯᠤᠰ ᠤᠨ | ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ ᠶᠢ ᠬᠤᠷᠢᠭᠯᠠᠵᠤ᠂ | ᠰᠢᠰᠲ᠋ᠧᠮ ᠤᠨ ᠴᠢᠨᠠᠷᠲᠠᠢ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠠᠷᠢᠯᠭᠠᠵᠤ᠂ ᠢᠯᠠᠩᠭᠤᠶ᠎ᠠ | ᠬᠥᠭᠵᠢᠭᠰᠡᠨ ᠠᠵᠤ ᠠᠬᠤᠢ ᠶᠢᠨ ᠴᠣᠭᠴᠠ ᠶᠢᠨ ᠬᠢᠨ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢᠨ | ᠨᠠᠵᠠᠭᠠᠢ ᠲᠠᠯ᠎ᠠ ᠶᠢᠨ ᠭᠠᠳᠠᠭᠰᠢ ᠨᠥᠯᠥᠭᠡᠯᠡᠬᠦ ᠦᠢᠯᠡᠳᠦᠯ ᠢᠶᠠᠨ ᠪᠠᠭᠠᠰᠬᠠᠶ᠎ᠠ᠃ ᠤᠯᠠᠨ ᠤᠯᠤᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠪᠠ ᠬᠤᠳᠠᠯᠳᠤᠭᠠᠨ ᠤ ᠠᠪᠴᠠᠭᠠᠲᠠᠨ ᠨᠢ ᠬᠥᠭᠵᠢᠵᠦ ᠪᠠᠶᠢᠭ᠎ᠠ ᠤᠯᠤᠰ ᠤᠨ ᠭᠤᠣᠯ ᠠᠪᠴᠠᠭᠠᠨ ᠤ ᠲᠠᠯ᠎ᠠ | ᠪᠣᠯᠤᠭᠰᠠᠨ ᠤ ᠬᠤᠪᠢ ᠳᠤ᠂ ᠬᠥᠭᠵᠢᠵᠦ ᠪᠠᠶᠢᠭ᠎ᠠ ᠤᠯᠤᠰ ᠤᠨ ᠥᠷᠢ ᠥᠭᠴᠡᠭᠡ ᠶᠢ ᠬᠥᠩᠭᠡᠷᠡᠭᠦᠯᠵᠦ ᠬᠤᠶᠢᠰᠢᠯᠠᠭᠤᠯᠬᠤ | ᠠᠵᠢᠯᠯᠠᠭ᠎ᠠ ᠳᠤ ᠣᠷᠣᠯᠴᠠᠪᠠᠯ ᠵᠣᠬᠢᠨ᠎ᠠ᠃ ᠳᠤᠮᠳᠠᠳᠤ ᠤᠯᠤᠰ ᠬᠤᠷᠢᠨ ᠤᠯᠤᠰ ᠤᠨ ᠪᠦᠯᠦᠭᠯᠡᠯ ᠤᠨ ᠥᠷᠢ ᠰᠢᠷᠢ ᠶᠢ | ᠬᠤᠶᠢᠰᠢᠯᠠᠭᠤᠯᠬᠤ ᠰᠠᠨᠠᠭᠠᠴᠢᠯᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠷᠢ ᠰᠢᠷᠢ ᠶᠢ ᠬᠤᠶᠢᠰᠢᠯᠠᠭᠤᠯᠬᠤ | ᠶᠡᠷᠦᠩᠬᠡᠢ ᠲᠤᠭ᠎ᠠ ᠨᠢ ᠬᠤᠷᠢᠨ ᠤᠯᠤᠰ ᠤᠨ ᠪᠦᠯᠦᠭᠯᠡᠯ ᠤᠨ ᠪᠦᠷᠢᠯᠳᠦᠭᠦᠨ ᠤ ᠳᠣᠲᠣᠷ᠎ᠠ ᠬᠠᠮᠤᠭ ᠤᠨ ᠶᠡᠭᠡ ᠪᠠᠶᠢᠵᠤ᠂ | ᠬᠤᠯᠪᠣᠭᠳᠠᠯ ᠪᠦᠬᠦᠢ ᠬᠥᠭᠵᠢᠵᠦ ᠪᠠᠶᠢᠭ᠎ᠠ ᠤᠯᠤᠰ ᠤᠨ ᠬᠦᠴᠢᠷ ᠢ ᠲᠤᠭᠤᠯᠬᠤ ᠳᠤ ᠳᠡᠮᠵᠢᠯᠭᠡ ᠬᠠᠩᠭᠠᠪᠠ᠃ ᠪᠢᠳᠠ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠤᠯᠠᠨ ᠲᠠᠯᠠᠲᠤ ᠠᠷᠠᠯᠵᠢᠶᠠᠨ ᠤ | ᠪᠠᠶᠢᠭᠤᠯᠤᠮᠵᠢ ᠶᠢ ᠦᠷᠭᠦᠯᠵᠢᠯᠡᠨ ᠬᠠᠮᠠᠭᠠᠯᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ | ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ | ᠳᠥᠭᠦᠮᠴᠢᠯᠡᠯᠲᠡ ᠶᠢ ᠠᠬᠢᠭᠤᠯᠤᠶ᠎ᠠ᠃ ᠳᠤᠮᠳᠠᠳᠤ ᠤᠯᠤᠰ ᠲᠣᠭᠠᠴᠢᠯᠠᠭᠰᠠᠨ ᠰᠢᠨ᠎ᠡ ᠶᠢ ᠡᠭᠦᠳᠭᠦ ᠬᠠᠮᠲᠤᠷᠠᠯᠴᠠᠭᠠᠨ ᠤ | ᠠᠵᠢᠯᠯᠠᠭᠠᠨ ᠤ ᠲᠥᠯᠥᠪᠯᠡᠭᠡ ᠶᠢ ᠳᠤᠷᠠᠳᠴᠤ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠨᠡᠭᠡᠭᠡᠯᠲᠡᠲᠤ᠂ ᠡᠷᠬᠡ ᠲᠡᠭᠰᠢ᠂ | ᠭᠠᠳᠠᠭᠤᠷᠴᠢᠯᠠᠯ ᠦᠭᠡᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠢ ᠪᠤᠢ ᠪᠤᠯᠭᠠᠵᠤ᠂ ᠡᠮᠦᠨᠡᠲᠦ | ᠤᠮᠠᠷᠠᠲᠤ ᠶᠢᠨ ᠤᠯᠤᠰ ᠤᠳ ᠤᠨ ᠬᠤᠭᠤᠷᠣᠨᠳᠣᠭᠢ ᠲᠣᠭᠠᠴᠢᠯᠠᠭᠰᠠᠨ ᠵᠥᠷᠢᠶ᠎ᠡ ᠶᠢ ᠪᠠᠭᠠᠰᠬᠠᠬᠤ ᠶᠢ ᠬᠦᠰᠡᠨ ᠡᠷᠡᠮᠡᠯᠵᠡᠵᠦ | ᠪᠠᠶᠢᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢᠨ ᠰᠢᠯᠭᠠᠯᠲᠠ ᠶᠢ ᠠᠷᠭᠠᠴᠠᠭᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠡᠷᠬᠡᠪᠰᠢ ᠬᠠᠮᠲᠤ ᠶᠢᠨ ᠪᠤᠯᠪᠠᠴᠤ | ᠢᠯᠭᠠᠭ᠎ᠠ ᠲᠠᠢ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠡᠯᠡ ᠮᠥᠩᠭᠦ᠂ ᠮᠡᠷᠭᠡᠵᠢᠯ᠂ ᠴᠢᠳᠠᠪᠤᠷᠢ ᠶᠢᠨ | ᠪᠠᠶᠢᠭᠤᠯᠤᠯᠲᠠ ᠵᠡᠷᠭᠡ ᠲᠠᠯ᠎ᠠ ᠪᠠᠷ ᠬᠥᠭᠵᠢᠵᠦ ᠪᠠᠶᠢᠭ᠎ᠠ ᠤᠯᠤᠰ ᠲᠤ ᠳᠡᠮᠵᠢᠯᠭᠡ ᠬᠠᠩᠭᠠᠬᠤ ᠬᠡᠷᠡᠭᠲᠡᠢ᠃ ᠢᠯᠵᠠᠷᠠᠯ ᠢ | ᠥᠴᠥᠬᠡᠨ ᠴᠦ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ᠭᠠᠳᠠᠭᠠᠳᠤ ᠳᠤ ᠳᠤᠲᠠᠭᠠᠭᠰᠠᠨ ᠣᠷᠭᠤᠳᠠᠭᠤᠯ | ᠬᠡᠷᠡᠭᠲᠡᠨ ᠢ ᠨᠡᠬᠡᠮᠵᠢᠯᠡᠬᠦ ᠪᠠ ᠪᠤᠵᠠᠷ ᠵᠣᠭᠤᠰ ᠪᠤᠵᠠᠷ ᠡᠳ᠋ ᠪᠣᠳᠠᠰ ᠢ ᠨᠡᠬᠡᠮᠵᠢᠯᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ | ᠴᠢᠩᠭᠠᠳᠬᠠᠶ᠎ᠠ ᠭᠡᠵᠦ ᠴᠢᠬᠤᠯᠠᠴᠢᠯᠠᠪᠠ᠃ ᠰᠢ ᠶᠢᠨ ᠫᠢᠩ᠂ ᠠᠮᠤ ᠪᠤᠳᠠᠭ᠎ᠠ᠂ ᠡᠨᠧᠷᠭᠢ ᠶᠢᠨ ᠠᠮᠤᠷ ᠲᠦᠪᠰᠢᠨ ᠪᠣᠯ ᠪᠦᠭᠦ | ᠪᠥᠮᠪᠥᠷᠴᠡᠭ ᠤᠨ ᠬᠥᠭᠵᠢᠯᠲᠡ ᠶᠢᠨ ᠬᠦᠷᠢᠶᠡᠨ ᠳᠠᠬᠢ ᠬᠠᠮᠤᠭ ᠤᠨ ᠲᠤᠯᠭᠠᠮ ᠥᠷᠢᠰᠦᠯᠳᠦᠭᠡᠨ ᠪᠣᠯᠣᠨ᠎ᠠ᠃ ᠣᠳᠣᠬᠠᠨ ᠤ | ᠬᠢᠮᠤᠷᠠᠯ ᠤᠨ ᠦᠨᠳᠦᠰᠦ ᠰᠤᠷᠪᠤᠯᠵᠢ ᠪᠣᠯ ᠦᠢᠯᠡᠳᠪᠦᠷᠢᠯᠡᠯ ᠪᠠ ᠬᠡᠷᠡᠭᠴᠡᠭᠡᠨ ᠤ ᠠᠰᠠᠭᠤᠳᠠᠯ ᠪᠢᠰᠢ᠂ ᠬᠠᠷᠢᠨ | ᠬᠠᠩᠭᠠᠯᠭ᠎ᠠ ᠶᠢᠨ ᠬᠡᠯᠬᠢᠶ᠎ᠡ ᠳᠤ ᠠᠰᠠᠭᠤᠳᠠᠯ ᠭᠠᠷᠴᠤ᠂ ᠤᠯᠠᠨ ᠤᠯᠤᠰ ᠤᠨ ᠬᠠᠮᠲᠤᠷᠠᠯᠴᠠᠭ᠎ᠠ ᠬᠠᠷᠰᠢᠯᠠᠯ ᠳᠤ ᠤᠴᠠᠷᠠᠭᠰᠠᠨ | ᠶᠠᠪᠤᠳᠠᠯ ᠪᠣᠯᠣᠨ᠎ᠠ᠃ ᠰᠢᠢᠳᠪᠦᠷᠢᠯᠡᠬᠦ ᠠᠷᠭ᠎ᠠ ᠵᠠᠮ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠠᠮᠲᠤᠷᠠᠯᠴᠠᠭ᠎ᠠ ᠶᠢ ᠴᠢᠩᠭᠠᠳᠬᠠᠵᠤ᠂ ᠪᠥᠭᠡᠮ ᠲᠠᠸᠠᠷ ᠤᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ | ᠨᠡᠭᠡᠭᠡᠯᠲᠡᠲᠡᠢ᠂ ᠲᠣᠭᠲᠠᠭᠤᠨ᠂ ᠦᠷᠭᠦᠯᠵᠢᠯᠡᠬᠦ ᠪᠥᠭᠡᠮ ᠲᠠᠸᠠᠷ ᠤᠨ ᠵᠠᠬ᠎ᠠ ᠳᠡᠯᠭᠡᠭᠦᠷ ᠢ ᠪᠠᠶᠢᠭᠤᠯᠵᠤ᠂ ᠬᠠᠩᠭᠠᠯᠭ᠎ᠠ ᠶᠢᠨ | ᠬᠡᠯᠬᠢᠶ᠎ᠡ ᠶᠢ ᠬᠠᠮᠲᠤ ᠪᠠᠷ ᠰᠢᠯᠤᠭᠤᠳᠬᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠳᠤ ᠪᠤᠢ᠃ | ᠠᠮᠤ ᠪᠤᠳᠠᠭ᠎ᠠ᠂ ᠡᠨᠧᠷᠭᠢ ᠶᠢᠨ ᠠᠰᠠᠭᠤᠳᠠᠯ ᠢ ᠤᠯᠤᠰ ᠲᠥᠷᠥᠴᠢᠯᠡᠬᠦ᠂ ᠪᠠᠭᠠᠵᠢ ᠬᠡᠷᠡᠭᠯᠡᠭᠦᠷ ᠪᠤᠯᠭᠠᠬᠤ᠂ ᠵᠡᠪᠰᠡᠭᠵᠢᠭᠦᠯᠬᠦ ᠶᠢ | ᠡᠷᠡᠰ ᠡᠰᠡᠷᠭᠦᠴᠡᠵᠦ᠂ ᠭᠠᠭᠴᠠ ᠲᠠᠯᠠᠲᠤ ᠵᠠᠯᠬᠠᠭᠠᠯ ᠤᠨ ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠵᠤ᠂ ᠬᠤᠯᠪᠣᠭᠳᠠᠯ | ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢᠨ ᠬᠢᠵᠠᠭᠠᠷᠯᠠᠯ ᠢ ᠬᠦᠴᠦᠨ ᠦᠭᠡᠢ ᠪᠣᠯᠭᠠᠶ᠎ᠠ᠃ | ᠬᠤᠷᠢᠨ ᠤᠯᠤᠰ ᠤᠨ ᠪᠦᠯᠦᠭᠯᠡᠯ ᠦᠢᠯᠡᠳᠪᠦᠷᠢᠯᠡᠯ᠂ ᠬᠤᠷᠢᠶᠠᠵᠤ ᠨᠥᠭᠡᠴᠡᠯᠡᠬᠦ᠂ ᠪᠡᠯᠡ ᠮᠥᠩᠭᠦ᠂ ᠮᠡᠷᠭᠡᠵᠢᠯ ᠵᠡᠷᠭᠡ | ᠲᠠᠯ᠎ᠠ ᠪᠠᠷ ᠬᠥᠭᠵᠢᠵᠦ ᠪᠠᠶᠢᠭ᠎ᠠ ᠤᠯᠤᠰ ᠲᠤ ᠴᠢᠬᠤᠯᠠ ᠪᠦᠬᠦᠢ ᠳᠡᠮᠵᠢᠯᠭᠡ ᠦᠵᠡᠭᠦᠯᠪᠡᠯ ᠵᠣᠬᠢᠨ᠎ᠠ᠃ ᠳᠤᠮᠳᠠᠳᠤ ᠤᠯᠤᠰ | ᠬᠤᠷᠢᠨ ᠤᠯᠤᠰ ᠤᠨ ᠪᠦᠯᠦᠭᠯᠡᠯ ᠳᠤ ᠤᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠬᠠᠮᠲᠤᠷᠠᠯᠴᠠᠭᠠᠨ ᠤ | ᠰᠠᠨᠠᠭᠠᠴᠢᠯᠠᠭ᠎ᠠ ᠳᠤᠷᠠᠳᠴᠤ᠂ ᠡᠯ᠎ᠡ ᠲᠠᠯ᠎ᠠ ᠶᠢᠨ ᠬᠢᠨ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ | ᠭᠡᠵᠦ ᠴᠢᠬᠤᠯᠠᠴᠢᠯᠠᠪᠠ᠃ ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠣᠶᠢᠷ᠎ᠠ ᠶᠢᠨ | ᠬᠤᠭᠤᠴᠠᠭᠠᠨ ᠳᠤ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ | ᠬᠤᠷᠠᠯᠳᠤᠭᠤᠯᠵᠤ᠂ ᠳᠤᠮᠳᠠᠳᠤ ᠤᠯᠤᠰ ᠤᠨ ᠢᠷᠡᠭᠡᠳᠦᠢ ᠶᠢᠨ 5 ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠨᠠᠮ | ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠪᠣᠯᠣᠨ ᠦᠨᠳᠦᠰᠦᠨ ᠪᠣᠳᠣᠯᠭ᠎ᠠ | ᠴᠢᠭᠯᠡᠯᠲᠡ ᠶᠢ ᠲᠥᠯᠥᠪᠵᠢᠭᠦᠯᠪᠡ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ | ᠵᠠᠮᠨᠠᠵᠤ᠂ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠦᠭᠦ ᠲᠠᠯ᠎ᠠ ᠪᠠᠷ ᠭᠤᠶᠢᠪᠢᠰᠢ ᠦᠭᠡᠢ ᠠᠬᠢᠭᠤᠯᠤᠨ᠎ᠠ᠃ ᠲᠠᠰᠤᠷᠠᠯᠳᠠ ᠦᠭᠡᠢ ᠣᠳᠣᠬᠢᠴᠢᠯᠠᠭᠰᠠᠨ ᠳᠤᠮᠳᠠᠳᠤ ᠤᠯᠤᠰ ᠯᠠᠪᠲᠠᠢ | ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ ᠬᠠᠩᠭᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠳᠤ ᠨᠡᠩ | ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠵᠦ᠂ ᠪᠦᠭᠦ ᠬᠥᠮᠥᠨ ᠲᠥᠷᠥᠯᠬᠢᠲᠡᠨ ᠤ ᠲᠠᠪᠰᠢᠯᠳᠠ ᠳᠤ ᠨᠡᠩ ᠶᠡᠭᠡ ᠬᠤᠪᠢ | ᠨᠡᠮᠡᠷᠢ ᠦᠵᠡᠭᠦᠯᠭᠦ ᠪᠣᠯᠣᠨ᠎ᠠ︕ ᠭᠡᠵᠦ ᠴᠢᠬᠤᠯᠠᠴᠢᠯᠠᠪᠠ᠃ ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ | ᠣᠷᠣᠯᠴᠠᠵᠠᠢ᠃ | | | | |