| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠠᠴᠠ 11 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠢᠵᠢᠭ ᠤᠨ | ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠶ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠂ ᠬᠠᠮᠲᠤ ᠪᠠᠷ ᠠᠩᠬᠠᠷᠴᠠᠭᠠᠶ᠎ᠠ︕ ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ | ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ ᠤᠷᠳᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ | ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠲᠦᠢᠯ ᠤᠨ ᠶᠡᠭᠡ ᠪᠠᠷ ᠨᠥᠯᠥᠭᠡᠯᠡᠬᠦ ᠪᠠᠷ ᠪᠠᠷᠠᠬᠤ | ᠦᠭᠡᠢ ᠠᠮᠠᠷᠬᠠᠨ ᠪᠤᠬᠢᠨᠢᠳᠤᠬᠤ ᠰᠡᠳᠬᠢᠯᠭᠡ ᠶᠢ ᠡᠭᠦᠰᠬᠡᠵᠦ᠂ ᠠᠮᠢᠳᠤᠷᠠᠯ ᠤᠨ ᠬᠦᠴᠢᠷᠳᠡᠯ ᠢ ᠪᠤᠢ ᠪᠣᠯᠭᠠᠳᠠᠭ᠃ ᠡᠶᠢᠮᠦᠷᠬᠦᠦ | ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ᠃ ᠡᠶᠢᠮᠦ ᠠᠴᠠ᠂ ᠡᠯ᠎ᠡ ᠭᠠᠵᠠᠷ ᠤᠨ ᠬᠢᠨ ᠥᠨᠳᠥᠷ ᠳᠣᠣᠷ᠎ᠠ | ᠳᠡᠰ ᠤᠨ ᠲᠦᠭᠰᠢᠭᠦᠷᠢᠲᠦ ᠣᠷᠣᠨ ᠢ ᠬᠤᠪᠢᠶᠠᠷᠢᠯᠠᠬᠤ ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ ᠨᠢᠭᠡ ᠠᠯᠬᠤᠮ | ᠴᠢᠩᠭᠠᠳᠬᠠᠵᠤ᠂ ᠲᠦᠭᠰᠢᠭᠦᠷᠢᠲᠦ ᠣᠷᠣᠨ ᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ ᠶᠢ ᠵᠣᠬᠢᠶᠠᠨ ᠪᠠᠶᠢᠭᠤᠯᠤᠨ | ᠰᠠᠶᠢᠲᠤᠷ ᠬᠢᠵᠦ᠂ ᠵᠠᠷᠴᠢᠮ ᠳᠡᠭᠡᠷ᠎ᠡ ᠪᠠᠨ ᠥᠨᠳᠥᠷ ᠳᠡᠰ ᠤᠨ ᠲᠦᠭᠰᠢᠭᠦᠷᠢᠲᠦ ᠣᠷᠣᠨ ᠢ ᠡᠩ ᠤᠨ ᠪᠠᠶᠢᠳᠠᠯ ᠳᠤ ᠣᠷᠣᠴᠠ᠂ | ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ ᠬᠡᠷᠡᠭᠲᠡᠢ᠂ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃ | ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠲᠣᠳᠣᠷᠬᠠᠢ ᠦᠭᠡᠢ ᠪᠤᠶᠤ ᠨᠡᠶᠢᠭᠡᠮ ᠲᠣᠭᠤᠷᠢᠭ ᠲᠤ | ᠥᠷᠭᠡᠨ ᠢᠶᠠᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠶᠢᠭ᠎ᠠ ᠪᠠᠶᠢᠳᠠᠯ ᠳᠣᠣᠷ᠎ᠠ᠂ ᠥᠨᠳᠥᠷ ᠳᠡᠰ ᠤᠨ ᠲᠦᠭᠰᠢᠭᠦᠷᠢᠲᠦ | ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ ᠪᠣᠯᠣᠨ᠎ᠠ᠂ ᠭᠡᠬᠦ ᠳᠤ ᠪᠠᠨ ᠴᠠᠭ | ᠲᠤᠬᠠᠢ ᠳᠤ ᠨᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ | ᠳᠠᠮᠵᠢᠭᠤᠯᠤᠨ᠂ ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ ᠬᠡᠷᠡᠭᠲᠡᠢ᠃ ᠲᠦᠭᠰᠢᠭᠦᠷᠢᠲᠦ ᠬᠥᠮᠥᠰ ᠢ ᠮᠠᠭᠠᠳᠯᠠᠨ | ᠲᠣᠭᠲᠠᠭᠠᠬᠤ ᠳᠤ ᠪᠠᠨ ᠲᠤᠬᠠᠢ ᠶᠢᠨ ᠲᠠᠯᠠᠪᠤᠷ ᠤᠨ ᠬᠠᠯᠳᠠᠪᠤᠷᠢᠲᠦ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ | ᠪᠣᠯᠭᠠᠬᠤ ᠬᠡᠷᠡᠭᠲᠡᠢ᠂ ᠴᠠᠭ ᠬᠤᠭᠤᠴᠠᠭ᠎ᠠ ᠪᠠ ᠣᠷᠣᠨ ᠵᠠᠢ ᠶᠢᠨ ᠳᠠᠭᠠᠯᠲᠠ ᠪᠠᠷ ᠳᠠᠮᠵᠢᠭᠤᠯᠤᠨ ᠬᠡᠪᠴᠢᠶ᠎ᠡ ᠶᠢ ᠨᠢ | ᠥᠷᠭᠡᠳᠬᠡᠵᠦ᠂ ᠶᠡᠭᠡ ᠬᠡᠪᠴᠢᠶ᠎ᠡ ᠪᠠᠷ ︽ᠠᠳᠡᠭᠦᠷᠡᠨ ᠪᠢᠲᠡᠭᠦᠮᠵᠢᠯᠡᠵᠦ︾ ᠪᠣᠯᠬᠤ ᠦᠭᠡᠢ᠃ ᠬᠢᠵᠢᠭ ᠤᠨ ᠪᠠᠶᠢᠳᠠᠯ ᠠᠴᠠ | ᠪᠣᠯᠵᠤ ᠣᠯᠠᠨ ᠲᠦᠮᠡᠨ ᠳᠤ ᠶᠠᠷᠰᠢᠭ ᠲᠦᠪᠡᠭ ᠤᠴᠠᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | ᠥᠨᠳᠥᠷ ᠳᠡᠰ ᠤᠨ ᠲᠦᠭᠰᠢᠭᠦᠷᠢᠲᠦ ᠣᠷᠣᠨ ᠢ ᠴᠢᠩᠭ᠎ᠠ ᠬᠠᠮᠢᠶᠠᠷᠤᠨ ᠡᠵᠡᠮᠳᠡᠵᠦ᠂ ︽ᠭᠡᠷ ᠠᠴᠠ ᠪᠠᠨ ᠭᠠᠷᠬᠤ ᠦᠭᠡᠢ︾ | ᠪᠠᠶᠢᠬᠤ ᠶᠢ ᠪᠡᠶᠡᠯᠡᠭᠦᠯᠬᠦ ᠪᠠᠷ ᠪᠠᠷᠠᠬᠤ ᠦᠭᠡᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠡᠭᠦᠨ ᠤ ᠵᠡᠷᠭᠡ ᠳᠤ᠂ ᠪᠢᠲᠡᠭᠦᠮᠵᠢᠯᠡᠨ ᠡᠵᠡᠮᠳᠡᠬᠦ ᠪᠠ ᠲᠤᠰᠠᠭᠠᠷᠯᠠᠬᠤ ᠬᠥᠮᠥᠰ ᠢ | ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ | ᠣᠨᠴᠠᠭᠠᠶ ᠬᠥᠮᠥᠰ ᠢ ᠬᠠᠯᠠᠮᠵᠢᠯᠠᠨ ᠬᠠᠪᠰᠤᠷᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠣᠯᠠᠨ ᠤ ᠪᠣᠳᠠᠲᠠᠢ ᠬᠦᠴᠢᠷᠳᠡᠯ ᠢ | ᠰᠠᠶᠢᠲᠤᠷ ᠰᠢᠢᠳᠪᠦᠷᠢᠯᠡᠬᠦ ᠬᠡᠷᠡᠭᠲᠡᠢ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶ᠋ᠯᠡ ᠠᠵᠢᠯᠯᠠᠭ᠎ᠠ ᠶᠢ | ᠵᠠᠷᠯᠠᠨ ᠨᠡᠶᠢᠲᠡᠯᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠣᠳᠣᠬᠠᠨ ᠳᠤ ᠪᠥᠬᠦ ᠤᠯᠤᠰ ᠤᠨ | ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠲᠦᠷᠭᠡᠨ ᠥᠷᠪᠢᠰᠬᠦ ᠬᠠᠨᠳᠤᠰᠢ ᠲᠠᠢ ᠪᠣᠯᠵᠤ᠂ ᠬᠢᠵᠢᠭ ᠤᠨ | ᠪᠠᠶᠢᠳᠠᠯ ᠤᠨ ᠬᠠᠮᠤᠷᠬᠤ ᠬᠡᠪᠴᠢᠶ᠎ᠡ ᠥᠷᠭᠡᠳᠴᠦ᠂ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ | ᠴᠢᠨᠠᠷᠲᠠᠢ ᠳᠠᠬᠢᠨ ᠨᠡᠮᠡᠭᠳᠡᠬᠦ ᠠᠶᠤᠯ ᠲᠦᠭᠰᠢᠭᠦᠷᠢ ᠢᠯᠡᠷᠡᠵᠦ᠂ ᠵᠠᠷᠢᠮ ᠭᠠᠵᠠᠷ ᠣᠷᠣᠨ ᠳᠤ ᠭᠤᠷᠪᠠᠨ ᠵᠢᠯ ᠤᠨ ᠲᠤᠷᠰᠢᠬᠢ | ᠬᠠᠮᠤᠭ ᠤᠨ ᠪᠤᠳᠤᠯᠢᠶᠠᠨᠲᠠᠢ᠂ ᠬᠠᠮᠤᠭ ᠤᠨ ᠬᠦᠨᠳᠦ ᠨᠣᠴᠢᠲᠠᠢ ᠪᠠᠶᠢᠳᠠᠯ ᠳᠤ ᠲᠤᠯᠭᠠᠷᠠᠵᠤ ᠪᠠᠶᠢᠨ᠎ᠠ᠃ ᠤᠯᠤᠰ ᠤᠨ ︽ | ᠶᠢᠰᠦ ᠶᠢ ᠥᠯᠥ ᠵᠥᠪᠰᠢᠶᠡᠷᠡᠬᠦ︾ ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢᠶᠠᠷ ᠳᠡᠮᠵᠢᠨ | ᠣᠶᠢᠯᠠᠭᠠᠭᠰᠠᠨ ᠢᠶᠠᠷ᠂ ᠣᠳᠣᠬᠠᠨ ᠳᠤ ᠣᠯᠠᠨ ᠲᠦᠮᠡᠨ ᠤ ᠲᠤᠰᠬᠠᠭᠰᠠᠨ ᠭᠤᠣᠯ ᠠᠰᠠᠭᠤᠳᠠᠯ ᠳᠤ ᠡᠨᠡ ᠬᠡᠳᠦᠨ ᠲᠠᠯ᠎ᠠ | ᠪᠠᠭᠲᠠᠨ᠎ᠠ᠄ ᠨᠢᠭᠡ ᠳᠤ᠂ ᠵᠠᠷᠢᠮ ᠭᠠᠵᠠᠷ ᠣᠷᠣᠨ ᠤ ᠠᠪᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠣᠨᠣᠪᠴᠢᠲᠠᠶ | ᠪᠢᠰᠢ ᠪᠠᠶᠢᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠬᠤ | ᠮᠥᠷᠲᠡᠭᠡᠨ ᠤᠯᠤᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ ᠪᠠᠶᠢᠨ᠎ᠠ︔ ᠬᠤᠶᠠᠷ ᠲᠤ᠂ ᠣᠨᠴᠠ ᠵᠠᠷᠢᠮ | ᠦᠨᠳᠦᠰᠦᠨ ᠱᠠᠲᠤᠨ ᠤ ᠠᠵᠢᠯᠲᠠᠨ ᠤ ᠠᠵᠢᠯᠯᠠᠬᠤ ᠠᠷᠭ᠎ᠠ ᠨᠢ ᠲᠠᠩ ᠴᠤᠯᠭᠤᠢ᠂ ᠣᠪᠣᠷ ᠨᠢ ᠮᠠᠭᠤ᠂ ᠬᠦᠯᠢᠴᠡᠩᠭᠦᠢ ᠪᠤᠰᠤ᠂ | ᠤᠯᠠᠨ ᠲᠦᠮᠡᠨ ᠲᠠᠢ ᠨᠡᠪᠲᠡᠷᠡᠯᠴᠡᠬᠦ ᠨᠢ ᠰᠢᠯᠤᠭᠤᠨ ᠪᠢᠰᠢ᠂ ᠵᠥᠷᠢᠴᠡᠯ ᠢ ᠠᠮᠠᠷᠬᠠᠨ ᠬᠤᠷᠴᠠᠳᠬᠠᠵᠤ ᠪᠠᠶᠢᠨ᠎ᠠ︔ | ᠭᠤᠷᠪᠠ ᠳᠤ᠂ ᠴᠥᠭᠡᠨ ᠲᠣᠭᠠᠨ ᠤ ᠭᠠᠵᠠᠷ ᠣᠷᠣᠨ ᠤ ᠬᠢᠵᠢᠭ ᠲᠤ ᠬᠤᠯᠪᠣᠭᠳᠠᠭᠰᠠᠨ ᠮᠡᠳᠡᠭᠡ ᠵᠠᠩᠭᠢ ᠶᠢ ᠴᠠᠭ | ᠲᠤᠬᠠᠢ ᠳᠤ ᠨᠢ ᠪᠦᠷᠢᠨ ᠭᠦᠢᠴᠡᠳ ᠨᠡᠶᠢᠲᠡᠯᠡᠭᠰᠡᠨ ᠦᠭᠡᠢ ᠠᠴᠠ ᠪᠣᠯᠵᠤ ᠤᠯᠠᠨ ᠲᠦᠮᠡᠨ ᠳᠤ ᠠᠮᠠᠷᠬᠠᠨ ᠡ᠊ᠨᠳᠡᠭᠦᠦ | ᠣᠶᠢᠯᠠᠭᠠᠯᠲᠠ ᠥᠭᠴᠦ ᠪᠠᠶᠢᠨ᠎ᠠ᠃ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠴᠡᠭᠴᠡᠯᠡᠨ ᠵᠠᠰᠠᠵᠤ᠂ ᠣᠷᠣᠨ ᠨᠤᠲᠤᠭ ᠤᠨ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠤᠯᠤᠰ ᠤᠨ ᠰᠡᠷᠭᠡᠶᠢᠯᠡᠨ ᠡᠵᠡᠮᠳᠡᠬᠦ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠳᠤᠷ᠎ᠠ ᠪᠠᠷ | ᠰᠤᠷᠭᠠᠭᠤᠯᠢ ᠶᠢ ᠪᠢᠲᠡᠭᠦᠮᠵᠢᠯᠡᠨ ᠬᠢᠴᠢᠶᠡᠯ ᠢ ᠵᠣᠭᠰᠤᠭᠠᠬᠤ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ᠂ | ᠪᠠᠰᠠ ᠵᠥᠪᠰᠢᠶᠡᠷᠡᠯ ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ᠂ ᠳᠤᠷ᠎ᠠ ᠪᠠᠷ ︽ᠲᠣᠭᠲᠠᠩᠭᠤᠢ︾ ᠬᠠᠮᠢᠶᠠᠷᠤᠯᠲᠠ | ᠶᠠᠪᠤᠭᠤᠯᠬᠤ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ᠂ ᠣᠷᠳᠣ ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ᠂ | ᠳᠤᠷ᠎ᠠ ᠪᠠᠷ ᠡᠮᠴᠢᠯᠡᠭᠡ ᠶᠢ ᠵᠣᠭᠰᠤᠭᠠᠬᠤ ᠵᠡᠷᠭᠡ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶ᠋ᠯᠡ | ᠠᠵᠢᠯᠯᠠᠭ᠎ᠠ ᠶᠢ ᠵᠠᠷᠯᠠᠨ ᠮᠡᠳᠡᠭᠳᠡᠬᠦ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠦᠨᠳᠦ ᠨᠣᠴᠢᠲᠠᠢ ᠦᠷ᠎ᠡ | ᠳ᠋ᠦᠩ ᠭᠠᠷᠭᠠᠭᠰᠠᠨ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠪᠥᠭᠡᠮ | ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ | ᠣᠨᠴᠠᠭᠠᠶᠢᠯᠠᠨ ᠠᠩᠬᠠᠷᠬᠤ ᠬᠡᠷᠡᠭᠲᠡᠢ ᠵᠠᠷᠢᠮ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ | ᠴᠤᠭᠯᠠᠭᠤᠯᠬᠤ ᠠᠵᠢᠯ ᠢ ᠥᠷᠨᠢᠭᠦᠯᠬᠦ ᠪᠠᠷ ᠲᠤᠷᠰᠢᠵᠤ ᠪᠠᠶᠢᠨ᠎ᠠ᠂ ᠭᠡᠪᠡᠴᠦ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ | ᠵᠢᠷᠤᠮᠵᠢᠭᠤᠨ ᠴᠢᠨᠠᠷ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠴᠤ᠂ ᠪᠦᠷᠢᠨ ᠲᠡᠭᠦᠯᠳᠡᠷ | ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ | ᠮᠡᠷᠭᠡᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ᠃ ᠤᠴᠢᠷ ᠨᠢ ᠦᠯᠢᠭᠡᠷ ᠠᠪᠬᠤ ᠶᠢᠨ ᠶᠠᠰᠤ ᠴᠢᠨᠠᠷ ᠤᠨ | ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ ᠲᠦᠢᠯ ᠤᠨ ᠴᠢᠬᠤᠯᠠ ᠶᠤᠮ᠂ ᠡᠶᠢᠮᠦ ᠠᠴᠠ ᠪᠥᠭᠡᠮ ᠬᠦᠴᠢᠯ ᠢ | ᠥᠪᠡᠰᠦᠪᠡᠨ ᠴᠤᠭᠯᠠᠭᠤᠯᠬᠤ ᠳᠤ ᠴᠤ ᠦᠯᠢᠭᠡᠷ ᠠᠪᠬᠤ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠣᠮᠢᠺᠷᠦᠨ | ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠬᠤᠪᠢᠰᠤᠭᠰᠠᠨ ᠰᠠᠯᠪᠤᠷᠢ ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ | ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ ᠪᠠᠭᠤᠷᠠᠵᠠᠢ | ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠭᠡᠷᠡᠴᠢᠯᠡᠭᠰᠡᠨ ᠢᠶᠠᠷ᠂ | ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠰᠠᠯᠪᠤᠷᠢᠯᠠᠨ ᠬᠤᠪᠢᠰᠤᠭᠰᠠᠨ BA.1᠂ BA.2᠂ BA.5᠂ | BF.7᠂ BQ.1 ᠪᠠ ᠳᠠᠬᠢᠨ ᠨᠡᠶᠢᠯᠡᠭᠰᠡᠨ ᠴᠣᠭᠴᠠ XBB ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ | ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ ᠪᠠᠭᠤᠷᠠᠭᠰᠠᠨ ᠪᠠᠶᠢᠨ᠎ᠠ | ᠃ ᠤᠯᠤᠰ ᠤᠨ ᠭᠠᠳᠠᠭᠠᠳᠤ ᠶᠢᠨ ᠰᠤᠳᠤᠯᠭᠠᠨ ᠠᠴᠠ ᠦᠵᠡᠪᠡᠯ᠂ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ | ᠬᠦᠨᠳᠦ ᠡᠪᠡᠳᠴᠢᠨ ᠳᠤ ᠨᠡᠷᠪᠡᠭᠳᠡᠬᠦ ᠪᠠ ᠦᠬᠦᠬᠦ ᠬᠠᠷᠢᠴᠠᠯ ᠨᠢ ᠠᠩᠬᠠᠨ ᠤ ᠸᠢᠷᠦ᠋ᠰ ᠪᠠ ᠠᠩᠬᠠᠷᠤᠯ ᠲᠠᠯᠪᠢᠵᠤ ᠪᠠᠶᠢᠭᠰᠠᠨ | ᠣᠨᠳᠣᠣᠰᠢᠭᠰᠠᠨ ᠸᠢᠷᠦ᠋ᠰ ᠠᠴᠠ ᠢᠯᠡᠳᠲᠡ ᠳᠣᠣᠷ᠎ᠠ ᠪᠠᠶᠢᠵᠤ᠂ ᠡᠨᠡ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ | ᠣᠨᠴᠠᠯᠢᠭ ᠪᠣᠯᠬᠤ ᠪᠠᠷ ᠪᠠᠷᠠᠬᠤ ᠦᠭᠡᠢ ᠸᠠᠺᠼᠢᠨ ᠤ ᠲᠠᠷᠢᠯᠭ᠎ᠠ ᠶᠢᠨ ᠬᠥᠮᠥᠰ ᠤᠨ ᠡᠭᠡᠯᠢᠯᠡᠭᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠭᠰᠡᠨ ᠪᠠ ᠴᠠᠭ ᠲᠤᠬᠠᠢ ᠳᠤ ᠨᠢ ᠡᠮᠴᠢᠯᠡᠭᠰᠡᠨ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ | ᠃ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠪᠣᠯᠤᠭᠰᠠᠨ ᠬᠦᠨᠳᠦ ᠡᠪᠡᠳᠴᠢᠨ ᠳᠤ | ᠨᠡᠷᠪᠡᠭᠳᠡᠭᠰᠡᠳ ᠵᠢᠴᠢ ᠲᠡᠭᠦᠨ ᠲᠠᠢ ᠬᠤᠯᠪᠣᠭᠳᠠᠬᠤ ᠦᠬᠦᠯ ᠤᠨ ᠨᠣᠷᠮ᠎ᠠ ᠨᠢ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ | ᠪᠠᠶᠢᠨ᠎ᠠ᠂ ᠡᠨᠡ ᠨᠢ ᠮᠠᠨ ᠤ ᠢᠳᠡᠪᠬᠢᠲᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠪᠠ ᠴᠢᠨᠠᠷ ᠰᠠᠶᠢᠲᠠᠢ ᠠᠪᠤᠷᠠᠨ | ᠵᠠᠰᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ ᠶᠤᠮ᠃ ᠬᠢᠲᠠᠳ ᠡᠮ ᠡᠮᠨᠡᠯᠭᠡ ᠨᠢ ᠪᠠᠰᠠ | ᠢᠳᠡᠪᠬᠢᠲᠡᠢ ᠦᠢᠯᠡᠳᠦᠯ ᠭᠠᠷᠭᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ ᠲᠠᠢ᠂ ᠥᠨᠳᠥᠷ ᠨᠠᠰᠤᠲᠠᠢ ᠡᠪᠡᠳᠴᠢᠲᠡᠨ | ᠪᠠ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠬᠡᠷᠪᠡ ᠣᠮᠢᠺᠷᠦᠨ ᠣᠨᠳᠣᠣᠰᠢᠭᠰᠠᠨ ᠸᠢᠷᠦ᠋ᠰ ᠲᠤ ᠨᠡᠷᠪᠡᠭᠳᠡᠭᠰᠡᠨ ᠤ | ᠳᠠᠷᠠᠭ᠎ᠠ ᠮᠥᠨ ᠬᠦ ᠵᠣᠬᠢᠬᠤ ᠬᠠᠷᠢᠴᠠᠯ ᠢᠶᠠᠷ ᠬᠦᠨᠳᠦ ᠡᠪᠡᠳᠴᠢᠨ ᠳᠤ ᠨᠡᠷᠪᠡᠭᠳᠡᠵᠦ ᠮᠡᠳᠡᠨ᠎ᠡ᠃ ᠭᠡᠪᠡᠴᠦ ᠣᠲᠣ ᠶᠢᠨ ᠪᠠᠶᠢᠭ᠎ᠠ | ᠸᠠᠺᠼᠢᠨ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ ᠡᠪᠡᠳᠴᠢᠨ ᠳᠤ | ᠨᠡᠷᠪᠡᠭᠳᠡᠭᠰᠡᠳ ᠪᠠ ᠦᠬᠦᠬᠦ ᠨᠤᠷᠮ᠎ᠠ ᠶᠢ ᠪᠠᠭᠠᠰᠬᠠᠬᠤ ᠳᠤ ᠮᠥᠨ ᠨᠡᠯᠢᠶᠡᠳ ᠰᠠᠶᠢᠨ ᠦᠢᠯᠡᠳᠦᠯ ᠲᠠᠢ ᠶᠤᠮ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠶᠢᠨ ᠦᠢᠯᠡᠳᠦᠯᠭᠡ ᠠᠴᠠ ᠦᠵᠡᠪᠡᠯ᠂ ᠭᠤᠷᠪᠠᠨ | ᠲᠥᠷᠥᠯ ᠤᠨ ᠬᠥᠮᠥᠰ ᠬᠦᠨᠳᠦ ᠡᠪᠡᠳᠴᠢᠨ ᠳᠤ ᠨᠡᠷᠪᠡᠭᠳᠡᠬᠦ ᠬᠠᠨᠳᠤᠰᠢ ᠲᠠᠢ ᠨᠢᠭᠡ ᠳᠤ᠂ ᠨᠠᠰᠤᠲᠠᠶᠢᠴᠤᠳ᠃ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ | ᠨᠢ ᠬᠦᠨᠳᠦᠷᠡᠬᠦ ᠠᠶᠤᠯᠲᠠᠢ ᠬᠥᠮᠥᠰ ᠪᠣᠯᠣᠨ᠎ᠠ᠃ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠨᠡᠩ ᠴᠤ | ᠡᠪᠡᠳᠴᠢᠨ ᠬᠦᠨᠳᠦᠷᠡᠬᠦ ᠠᠶᠤᠯ ᠶᠡᠬᠡᠲᠡᠢ ᠬᠥᠮᠥᠰ ᠪᠣᠯᠣᠨ᠎ᠠ᠃ ᠡᠶᠢᠮᠦ ᠠᠴᠠ ᠨᠠᠰᠤᠲᠠᠶᠢᠴᠤᠳ ᠲᠠᠢ ᠭᠡᠷ ᠪᠦᠯᠢ ᠪᠠ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠠᠯᠳᠠᠪᠤᠷᠢᠯᠠᠯ ᠤᠨ ᠲᠦᠭᠰᠢᠭᠦᠷᠢ ᠶᠢ ᠨᠠᠩ ᠢᠯᠡᠭᠦᠦ ᠰᠡᠷᠭᠡᠶᠢᠯᠡᠬᠦ ᠬᠡᠷᠡᠭᠲᠡᠢ | ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠬᠡᠷᠡᠭᠲᠡᠢ᠃ ᠡᠭᠦᠨ ᠤ ᠬᠠᠮᠲᠤ | ᠨᠠᠰᠤᠲᠠᠶᠢᠴᠤᠳ ᠪᠠᠰᠠ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ | ᠴᠤᠭᠯᠠᠷᠠᠬᠤ ᠦᠭᠡᠢ ᠵᠡᠷᠭᠡ ᠬᠤᠪᠢ ᠬᠥᠮᠥᠨ ᠤ ᠪᠦᠲᠦᠮᠵᠢᠲᠡᠶ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ | ᠬᠤᠶᠠᠷ ᠲᠤ᠂ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ᠃ ᠡᠮᠴᠢᠯᠡᠭᠡᠨ ᠤ ᠳᠤᠮᠳᠠ᠂ ᠰᠠᠭᠤᠷᠢ ᠴᠢᠨᠠᠷᠲᠠᠢ | ᠡᠪᠡᠳᠴᠢᠨ ᠲᠠᠢ᠂ ᠢᠯᠠᠩᠭᠤᠶ᠎ᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠠᠮᠢᠰᠬᠤᠯ ᠤᠨ ᠰᠢᠰᠲ᠋ᠧᠮ ᠤᠨ | ᠡᠪᠡᠳᠴᠢᠨ᠂ ᠬᠠᠪᠤᠳᠠᠷ᠂ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ ᠪᠤᠰᠤ ᠵᠡᠷᠭᠡ ᠰᠠᠭᠤᠷᠢ ᠴᠢᠨᠠᠷᠲᠠᠢ | ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠨᠢ ᠬᠦᠨᠳᠦᠷᠡᠬᠦ | ᠲᠦᠭᠰᠢᠭᠦᠷᠢ ᠨᠢ ᠨᠠᠩ ᠶᠡᠭᠡ ᠪᠠᠶᠢᠳᠠᠭ᠃ ᠭᠤᠷᠪᠠ ᠳᠤ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ᠃ ᠸᠠᠺᠼᠢᠨ ᠤ | ᠲᠠᠷᠢᠯᠭ᠎ᠠ ᠨᠢ ᠡᠪᠡᠳᠴᠢᠨ ᠬᠦᠨᠳᠦᠷᠡᠬᠦ ᠪᠠ ᠦᠬᠦᠯ ᠤᠨ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ ᠪᠣᠯᠣᠨ᠎ᠠ᠃ | ᠴᠡᠭᠡᠷᠯᠡᠬᠦ ᠡᠪᠡᠳᠴᠢᠨ ᠦᠭᠡᠢ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠥᠮᠥᠰ᠂ ᠢᠯᠠᠩᠭᠤᠶ᠎ᠠ ᠨᠠᠰᠤᠲᠠᠶᠢᠴᠤᠳ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠢ ᠲᠦᠷᠭᠡᠬᠡᠨ ᠳᠠᠷᠢᠵᠤ᠂ ᠪᠠᠲᠤᠳᠬᠠᠨ ᠲᠠᠷᠢᠬᠤ ᠨᠥᠬᠦᠴᠡᠯ ᠳᠤ ᠨᠡᠶᠢᠴᠡᠪᠡᠯ ᠳᠠᠷᠤᠢ | ᠲᠦᠷᠭᠡᠨ ᠪᠠᠲᠤᠳᠬᠠᠬᠤ ᠲᠠᠷᠢᠯᠭ᠎ᠠ ᠶᠢ ᠲᠠᠷᠢᠬᠤ ᠶᠢ ᠰᠠᠨᠠᠭᠤᠯᠬᠤ ᠬᠡᠷᠡᠭᠲᠡᠢ᠃ ᠬᠤᠪᠢ ᠬᠥᠮᠥᠨ ᠪᠥᠭᠡᠮ ᠬᠦᠴᠢᠯ ᠤᠨ | ᠪᠠᠶᠢᠴᠠᠭᠠᠯᠲᠠ ᠬᠢᠬᠦ ᠦᠶ᠎ᠡ ᠶᠢᠨ ᠬᠠᠯᠳᠠᠪᠤᠷᠢᠯᠠᠯ ᠤᠨ ᠲᠦᠭᠰᠢᠭᠦᠷᠢ ᠠᠴᠠ ᠬᠡᠷᠬᠢᠨ ᠵᠠᠶᠢᠯᠠᠰᠬᠢᠬᠦ ᠪᠣᠶ︖ ᠬᠤᠪᠢ ᠬᠥᠮᠥᠨ | ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠬᠦ ᠶᠢ ᠵᠢᠷᠤᠮᠵᠢᠭᠤᠯᠵᠤ᠂ ᠴᠤᠭᠯᠠᠷᠠᠬᠤ | ᠦᠭᠡᠢ ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ ᠬᠥᠮᠥᠰ ᠲᠠᠢ ᠪᠠᠨ ᠨᠢᠭᠡ ᠮᠧᠳ᠋ᠷ ᠠᠴᠠ ᠳᠡᠭᠡᠭᠰᠢ ᠵᠠᠢ ᠶᠢ ᠪᠠᠲᠤᠯᠠᠵᠤ᠂ | ᠲᠤᠬᠠᠢ ᠶᠢᠨ ᠲᠠᠯᠠᠪᠤᠷ ᠤᠨ ᠠᠵᠢᠯᠲᠠᠨ ᠤ ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠬᠤ ᠬᠡᠷᠡᠭᠲᠡᠢ᠃ ᠦᠯᠢᠭᠡᠷ ᠠᠪᠬᠤ | ᠶᠠᠪᠤᠴᠠ ᠳᠤ ᠡᠮᠦᠨᠡᠬᠢ ᠬᠥᠮᠥᠨ ᠶᠠᠪᠤᠭᠰᠠᠨ ᠤ ᠳᠠᠷᠠᠭ᠎ᠠ ᠦᠯᠢᠭᠡᠷ ᠠᠪᠤᠭᠴᠢ ᠭᠠᠷ ᠢᠶᠠᠨ ᠰᠠᠶᠢᠲᠤᠷ ᠠᠷᠢᠭᠤᠳᠬᠠᠭᠰᠠᠨ ᠤ | ᠳᠠᠷᠠᠭ᠎ᠠ ᠰᠠᠶ᠋ᠢ ᠤᠷᠤᠭᠰᠢ ᠪᠠᠨ ᠣᠴᠢᠵᠤ ᠥᠯᠢᠭᠡᠷ ᠠᠪᠤᠭᠤᠯᠬᠤ ᠬᠡᠷᠡᠭᠲᠡᠢ᠃ ᠡᠭᠦᠨ ᠤ ᠬᠠᠮᠲᠤ᠂ ᠦᠯᠢᠭᠡᠷ ᠠᠪᠬᠤ | ᠦᠶ᠎ᠡ ᠳᠤ᠂ ᠦᠯᠢᠭᠡᠷ ᠠᠪᠤᠭᠤᠯᠤᠭᠴᠢ ᠦᠯᠢᠭᠡᠷ ᠠᠪᠬᠤ ᠲᠠᠪᠴᠠᠩ ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ ᠪᠣᠯᠬᠤ | ᠦᠭᠡᠢ᠂ ᠦᠯᠢᠭᠡᠷ ᠠᠪᠤᠭᠤᠯᠤᠭᠰᠠᠨ ᠤ ᠳᠠᠷᠠᠭ᠎ᠠ ᠪᠠᠰᠠ ᠠᠮᠠᠪᠴᠢ ᠪᠠᠨ ᠲᠦᠷᠭᠡᠨ ᠵᠡᠭᠦᠵᠦ᠂ ᠦᠯᠢᠭᠡᠷ ᠠᠪᠬᠤ ᠲᠠᠯᠠᠪᠤᠷ ᠠᠴᠠ | ᠲᠦᠷᠭᠡᠨ ᠵᠠᠶᠢᠯᠠᠬᠤ ᠬᠡᠷᠡᠭᠲᠡᠢ᠃ ᠬᠤᠳᠠᠯ ᠬᠠᠭᠤᠷᠮᠠᠭ ᠪᠥᠭᠡᠮ ᠬᠦᠴᠢᠯ ᠤᠨ ᠪᠠᠶᠢᠴᠠᠭ᠋ᠯᠲᠡ ᠶᠢᠨ ᠮᠡᠳᠡᠭᠦᠯᠦᠯᠲᠡ ᠭᠠᠷᠭᠠᠭᠰᠠᠨ | ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ | ᠰᠢᠢᠳᠪᠦᠷᠢᠯᠡᠨ᠎ᠡ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠠᠯ᠎ᠠ ᠪᠠᠷ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠠᠴᠠ ᠶᠡᠷᠦ ᠠᠴᠠ ᠪᠠᠶᠢᠴᠠᠭᠠᠨ ᠰᠢᠯᠭᠠᠬᠤ ᠬᠢᠷᠢ ᠬᠡᠮ ᠤᠨ ᠵᠥᠪᠰᠢᠶᠡᠷᠡᠨ ᠣᠷᠣᠭᠤᠯᠬᠤ ᠪᠠ | ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ᠂ ᠮᠡᠷᠭᠡᠵᠢᠯ ᠤᠨ ᠵᠢᠷᠤᠮᠵᠢᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ ᠬᠠᠮᠲᠤ | ᠂ ᠭᠤᠷᠪᠠᠳᠠᠭᠴᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠠᠭᠲᠠᠭᠠᠭᠰᠠᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠭᠰᠠᠭᠠᠷ ᠢᠷᠡᠵᠡᠶ᠃ ᠡᠨᠡ ᠵᠢᠯ ᠠᠴᠠ | ᠨᠠᠭᠠᠰᠢ᠂ ᠪᠡᠭᠡᠵᠢᠩ᠂ ᠠᠨᠾᠦ᠋ᠢ ᠶᠢᠨ ᠾᠧᠹᠧᠢ᠂ ᠾᠧᠪᠧᠢ ᠶᠢᠨ ᠱᠢ ᠵᠢᠶᠠ ᠵᠤᠸᠠᠩ᠂ ᠾᠧᠨᠠᠨ ᠤ ᠰᠢᠦᠢ ᠴᠠᠩ᠂ ᠥᠪᠥᠷ | ᠮᠣᠩᠭᠤᠯ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠴᠥᠮ | ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤᠮᠳᠠ ᠪᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ | ᠬᠠᠤᠯᠢ ᠲᠣᠭᠲᠠᠭᠠᠯ ᠢ ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠥᠭᠡᠳ ᠴᠥᠮ | ᠴᠢᠩᠭ᠎ᠠ ᠰᠢᠢᠳᠬᠡᠯ ᠥᠭᠴᠦ᠂ ᠬᠠᠤᠯᠢ ᠶᠢ ᠵᠥᠷᠢᠴᠡᠭᠰᠡᠨ ᠵᠠᠷᠢᠮ ᠪᠠᠶᠢᠭᠤᠯᠤᠮᠵᠢ ᠪᠠ ᠬᠤᠪᠢ ᠬᠥᠮᠥᠨ ᠠᠴᠠ ᠪᠠᠰᠠ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠳᠠᠯ ᠬᠠᠭᠤᠷᠮᠠᠭ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ | ᠬᠠᠤᠯᠢ ᠶᠢ ᠵᠥᠷᠢᠴᠡᠭᠰᠡᠨ ᠬᠦᠨᠳᠦ ᠨᠣᠴᠢᠲᠠᠢ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ | ᠰᠢᠢᠳᠪᠦᠷᠢᠯᠡᠨ᠎ᠡ᠃ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠢ ᠬᠡᠷᠬᠢᠨ ᠬᠠᠮᠢᠶᠠᠷᠬᠤ ᠪᠣᠶ︖ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ ᠭᠡᠷ ᠲᠤ ᠪᠠᠨ | ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠮᠲᠤ ᠳᠤ ᠨᠢ ᠵᠢᠷᠤᠮᠯᠠᠬᠤ | ᠬᠡᠷᠡᠭᠲᠡᠢ᠃ ᠨᠢᠭᠡ ᠳᠤ᠂ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠠᠳᠠᠭᠰᠢ ᠭᠠᠷᠬᠤ ᠦᠭᠡᠢ ᠪᠠᠶᠢᠬᠤ ᠶᠢ ᠴᠢᠩᠭ᠎ᠠ | ᠪᠠᠷᠢᠮᠲᠠᠯᠠᠨ᠂ ᠠᠯᠢᠪᠠ ᠪᠣᠯᠭᠤᠭᠠᠨ ᠦᠵᠡᠬᠦ ᠶᠢ ᠲᠡᠪᠴᠢᠬᠦ ᠬᠡᠷᠡᠭᠲᠡᠢ︔ ᠡᠪᠡᠳᠴᠢᠨ ᠦᠵᠡᠭᠦᠯᠬᠦ ᠵᠡᠷᠭᠡ ᠠᠴᠠ ᠪᠣᠯᠣᠭᠠᠳ | ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠲᠤ᠂ ᠨᠡᠶᠢᠭᠡᠮ ᠲᠣᠭᠤᠷᠢᠭ ᠲᠤ ᠭᠤᠶᠤᠴᠢᠯᠠᠯ ᠳᠡᠪᠰᠢᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ᠂ ᠬᠤᠪᠢ ᠬᠥᠮᠥᠨ ᠤ | ᠬᠠᠮᠠᠭᠠᠯᠠᠯᠲᠠ ᠶᠢ ᠪᠥᠬᠦ ᠶᠠᠪᠤᠴᠠ ᠳᠤ ᠰᠠᠶᠢᠲᠤᠷ ᠬᠢᠵᠦ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ | ᠬᠡᠷᠡᠭᠲᠡᠢ᠃ ᠬᠤᠶᠠᠷ ᠲᠤ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠥᠷᠥᠭᠡᠨ ᠳᠤ ᠠᠯᠢ ᠴᠢᠳᠠᠬᠤ ᠪᠠᠷ ᠣᠷᠣᠵᠤ | ᠪᠣᠯᠬᠤ ᠦᠭᠡᠢ᠂ ᠵᠣᠷᠯᠣᠩ ᠪᠤᠶᠤ ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠠᠴᠠ ᠵᠠᠶᠢᠯᠠᠰᠬᠢᠨ᠎ᠡ᠃ ᠬᠡᠷᠪᠡ ᠶᠠᠮᠠᠷ | ᠨᠢᠭᠡᠨ ᠰᠢᠭᠤᠳ ᠬᠦᠷᠦᠯᠴᠡᠬᠦ ᠪᠣᠯᠣᠮᠵᠢ ᠪᠤᠶᠤ ᠪᠣᠬᠢᠷᠳᠤᠯ ᠪᠣᠳᠠᠰ ᠢ ᠰᠢᠢᠳᠪᠦᠷᠢᠯᠡᠬᠦ ᠦᠶ᠎ᠡ ᠳᠤ ᠡᠷᠬᠡᠪᠰᠢ ᠥᠪᠡᠷ ᠤᠨ | ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ᠂ ᠴᠠᠭ ᠲᠤᠬᠠᠢ ᠳᠤ ᠨᠢ ᠭᠠᠷ ᠢᠶᠠᠨ ᠴᠡᠪᠡᠷᠯᠡᠵᠦ ᠠᠷᠢᠭᠤᠳᠬᠠᠬᠤ ᠬᠡᠷᠡᠭᠲᠡᠢ᠃ | ᠭᠤᠷᠪᠠ ᠳᠤ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠪᠠ ᠨᠠᠰᠤᠲᠠᠶᠢᠴᠤᠳ ᠮᠡᠲᠦ ᠶᠢᠨ ᠬᠦᠨᠳᠦ ᠡᠪᠡᠳᠴᠢᠨ ᠳᠤ | ᠨᠡᠷᠪᠡᠭᠳᠡᠬᠦ ᠠᠶᠤᠯ ᠲᠦᠭᠰᠢᠭᠦᠷᠢ ᠲᠠᠢ ᠬᠥᠮᠥᠰ ᠢᠶᠠᠷ ᠭᠡᠷ ᠲᠤ ᠪᠠᠨ ᠲᠤᠰᠠᠭᠠᠷᠯᠠᠬᠤ ᠬᠥᠮᠥᠰ ᠤᠨ ᠠᠰᠠᠷᠠᠭᠴᠢ ᠪᠣᠯᠭᠠᠵᠤ | ᠪᠣᠯᠬᠤ ᠦᠭᠡᠢ᠃ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠭᠡᠷ ᠲᠤ ᠪᠠᠨ | ᠲᠤᠰᠠᠭᠠᠷᠯᠠᠬᠤ ᠬᠤᠭᠤᠴᠠᠭᠠᠨ ᠳᠤ ᠠᠷᠭ᠎ᠠ ᠴᠢᠨᠠᠷ ᠢ ᠪᠠᠶᠢᠴᠠᠭᠠᠵᠤ ᠭᠠᠷᠭᠠᠪᠠᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ | 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠢ ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠣᠭᠲᠠᠭᠠᠯ ᠢ | ᠦᠨᠳᠦᠰᠦᠯᠡᠪᠡᠯ᠂ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠲᠤ 7 ᠡᠳᠦᠷ ᠤᠨ | ᠭᠡᠷ ᠲᠤ ᠪᠠᠨ ᠲᠤᠰᠠᠭᠠᠷᠯᠠᠬᠤ ᠵᠠᠢ ᠬᠡᠷᠡᠭᠵᠢᠭᠦᠯᠵᠦ᠂ ᠡᠨᠡ ᠬᠤᠭᠤᠴᠠᠭᠠᠨ ᠳᠤ ᠺᠣᠳ᠋ ᠣᠯᠭᠤᠬᠤ ᠬᠠᠮᠢᠶᠠᠷᠤᠯᠲᠠ ᠶᠢ | ᠬᠡᠷᠡᠭᠵᠢᠭᠦᠯᠦᠨ᠂ ᠭᠠᠳᠠᠭᠰᠢ ᠭᠠᠷᠴᠤ ᠪᠣᠯᠬᠤ ᠦᠭᠡᠢ᠃ ᠭᠡᠷ ᠲᠤ ᠪᠠᠨ ᠲᠤᠰᠠᠭᠠᠷᠯᠠᠭᠰᠠᠨ ᠤ 1᠂ 3᠂ 5᠂ 7 ᠳ᠋ᠤᠭᠠᠷ | ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠠᠮᠢᠶ᠎ᠠ ᠪᠦᠬᠦᠢ ᠬᠥᠮᠥᠰ ᠨᠢ | ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠡᠷ ᠲᠤ ᠪᠠᠨ ᠲᠤᠰᠠᠭᠠᠷᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠢᠯᠡᠷᠡᠭᠦᠯᠬᠦ ᠳᠤ | ᠭᠦᠷᠪᠡᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ | ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠠᠵᠢᠭᠯᠠᠬᠤ ᠪᠠ ᠡᠮᠨᠡᠨ ᠵᠠᠰᠠᠭᠤᠯᠵᠤ | ᠂ ᠬᠠᠮᠲᠤ ᠰᠠᠭᠤᠭ᠎ᠠ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢ ᠱᠠᠭᠠᠷᠳᠠᠬᠤ ᠶᠢᠨ ᠬᠠᠮᠲᠤ ᠲᠦᠭᠰᠢᠭᠦᠷᠢ ᠶᠢ | ᠰᠤᠳᠤᠯᠤᠨ ᠮᠠᠭᠠᠳᠯᠠᠵᠤ᠂ ᠬᠠᠮᠢᠶ᠎ᠠ ᠪᠦᠬᠦᠢ ᠲᠦᠭᠰᠢᠭᠦᠷᠢᠲᠦ ᠬᠥᠮᠥᠰ ᠢ ᠮᠥᠷᠳᠡᠨ ᠬᠠᠮᠢᠶᠠᠷᠬᠤ ᠬᠡᠷᠡᠭᠲᠡᠢ᠃ ᠨᠠᠰᠤᠲᠠᠶᠢᠴᠤᠳ | ᠵᠡᠷᠭᠡ ᠪᠠᠭᠤᠷᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠠᠮᠠᠷᠬᠠᠨ ᠡᠪᠡᠳᠴᠢᠨ ᠨᠢ ᠬᠦᠨᠳᠦᠷᠡᠵᠦ | ᠂ ᠬᠦᠨᠳᠦ ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ᠂ ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠬᠢᠪᠡᠯ ᠬᠠᠮᠤᠭ ᠤᠨ ᠶᠡᠭᠡ ᠠᠰᠢᠭ ᠬᠦᠷᠲᠡᠵᠦ ᠪᠣᠯᠣᠨ᠎ᠠ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ 2.394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ᠂ 2.28165 ᠳ᠋ᠦᠩᠰᠢᠭᠤᠷ ᠬᠥᠮᠥᠨ ᠪᠥᠬᠦ | ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ | ᠬᠢᠭᠰᠡᠨ ᠬᠥᠮᠥᠨ ᠤ ᠲᠤᠭ᠎ᠠ ᠲᠣᠰ ᠲᠣᠰ ᠨᠠᠰᠤᠲᠠᠶᠢᠴᠤᠳ ᠤᠨ 90.68% ᠪᠠ 86.42% ᠢ ᠡᠵᠡᠯᠡᠨ᠂ 1.81511 | ᠳ᠋ᠦᠩᠰᠢᠭᠤᠷ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ ᠡᠭᠦᠨ ᠳᠤ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠲᠠᠷᠢᠯᠭ᠎ᠠ ᠬᠢᠭᠰᠡᠨ ᠬᠥᠮᠥᠨ ᠤ ᠲᠤᠭ᠎ᠠ 2742.6 ᠲᠦᠮᠡ ᠪᠠᠶᠢᠵᠤ᠂ 2356.3 ᠲᠦᠮᠡᠨ ᠬᠥᠮᠥᠨ | ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ | ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ 80 ᠨᠠᠰᠤᠨ ᠠᠴᠠ ᠳᠡᠭᠡᠭᠰᠢᠬᠢ ᠬᠥᠮᠥᠨ ᠠᠮᠠ ᠶᠢᠨ 76.6%᠂ 65. | 8% ᠶᠢ ᠡᠵᠡᠯᠡᠨ᠂ 1445.6 ᠲᠦᠮᠡᠨ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ᠃ ᠨᠠᠰᠤᠲᠠᠶᠢᠴᠤᠳ ᠤᠨ | ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ | ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ ᠴᠢᠩᠭᠠᠳᠬᠠᠬᠤ ᠠᠵᠢᠯ ᠤᠨ ᠲᠥᠰᠥᠯ ᠢ | ᠳᠠᠷᠤᠮᠠᠯᠯᠠᠨ ᠲᠠᠷᠬᠠᠭᠠᠵᠤ᠂ ᠲᠣᠭᠲᠠᠴᠠ ᠶᠢ ᠪᠦᠷᠢᠨᠰᠢᠭᠦᠯᠬᠦ᠂ ᠪᠠᠶᠢᠳᠠᠯ ᠢ ᠣᠶᠢᠯᠠᠭᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠂ ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ᠃ ᠲᠠᠷᠠᠭᠠᠴᠢ ᠶᠢᠨ ᠠᠯᠬᠤᠮ ᠳᠤ᠂ | ᠪᠢᠳᠡ ᠲᠥᠰᠥᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ | ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠰᠢᠨ᠎ᠡ | ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢ ᠴᠢᠩᠭᠠᠳᠬᠠᠬᠤ ᠪᠠ ᠨᠠᠰᠤᠲᠠᠶᠢᠴᠤᠳ ᠤᠨ | ᠲᠠᠷᠢᠯᠭ᠎ᠠ ᠶᠢᠨ ᠠᠵᠢᠯ ᠢ ᠰᠠᠶᠢᠲᠤᠷ ᠬᠢᠨ᠎ᠡ᠃ ᠪᠠᠰᠠ ᠨᠠᠰᠤᠲᠠᠶᠢᠴᠤᠳ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠵᠦ᠂ ᠬᠤᠪᠢ ᠬᠥᠮᠥᠨ ᠤ ᠡᠷᠡᠭᠦᠯ | ᠮᠡᠨᠳᠦ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ᠃ ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ | ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠬᠤ | ᠬᠡᠷᠡᠭᠲᠡᠢ ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ᠂ ᠣᠨᠴᠠᠭᠠᠶᠢᠯᠠᠨ ᠬᠠᠪᠤᠳᠠᠷ | ᠡᠪᠡᠳᠴᠢᠨ ᠢ ᠡᠮᠨᠡᠨ ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠬᠦᠨᠳᠦ ᠡᠪᠡᠳᠴᠢᠨ ᠳᠤ ᠠᠮᠠᠷᠬᠠᠨ | ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠥᠰ ᠲᠤ ᠲᠣᠭᠠᠴᠠᠭᠳᠠᠨ᠎ᠠ᠂ ᠡᠶᠢᠮᠦ ᠠᠴᠠ ᠡᠮᠨᠡᠨ ᠵᠠᠰᠠᠬᠤ ᠶᠠᠪᠤᠴᠠ ᠳᠤ | ᠣᠨᠴᠠᠭᠠᠶᠢᠯᠠᠨ ᠠᠩᠬᠠᠷᠬᠤ ᠬᠡᠷᠡᠭᠲᠡᠢ᠃ ᠡᠩ ᠲᠡᠷᠢᠭᠦᠨ ᠳᠤ ᠥᠨᠳᠥᠷ ᠨᠠᠰᠤᠲᠠᠢ ᠨᠠᠰᠤᠲᠠᠶᠢᠴᠤᠳ ᠲᠤ ᠠᠪᠴᠤ ᠬᠡᠯᠡᠪᠡᠯ᠂ | ᠪᠢᠳᠡᠨ ᠤ ᠮᠡᠳᠡᠬᠦ ᠪᠠᠷ ᠥᠨᠳᠥᠷ ᠨᠠᠰᠤᠲᠠᠢ ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ᠂ | ᠵᠠᠷᠢᠮ ᠰᠠᠭᠤᠷᠢ ᠴᠢᠨᠠᠷᠲᠠᠢ ᠡᠪᠡᠳᠴᠢᠨ ᠨᠢ ᠪᠠᠰᠠ ᠨᠡᠯᠢᠶᠡᠳ ᠬᠦᠨᠳᠦ ᠪᠠᠶᠢᠵᠤ᠂ ᠵᠠᠷᠢᠮ ᠨᠠᠰᠤᠲᠠᠨ ᠣᠯᠠᠨ ᠵᠦᠢᠯ ᠤᠨ | ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠬᠤᠷ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠪᠡᠯ᠂ ᠨᠢᠭᠡ | ᠲᠠᠯ᠎ᠠ ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ᠃ ᠬᠠᠪᠤᠳᠠᠷ ᠡᠪᠡᠳᠴᠢᠨ ᠢ ᠡᠮᠨᠡᠨ | ᠵᠠᠰᠠᠬᠤ ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ ᠠᠪᠴᠤ ᠬᠡᠯᠡᠪᠡᠯ᠂ ᠮᠡᠰᠡ ᠵᠠᠰᠠᠯ ᠪᠤᠶᠤ ᠰᠠᠴᠤᠷᠠᠭ ᠬᠢᠮᠢ ᠶᠢᠨ | ᠵᠠᠰᠠᠯ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠳᠠᠭ᠂ ᠡᠶᠢᠮᠦ ᠠᠴᠠ ᠮᠥᠨ ᠴᠦ ᠡᠪᠡᠳᠴᠢᠨ ᠨᠢ ᠬᠦᠨᠳᠦᠷᠡᠬᠦ | ᠠᠶᠤᠯ ᠲᠠᠢ ᠲᠦᠭᠰᠢᠭᠦᠷᠢᠲᠦ ᠬᠥᠮᠥᠰ ᠪᠣᠯᠣᠨ᠎ᠠ᠃ ᠪᠢᠳᠡᠨ ᠤ ᠮᠡᠳᠡᠭᠡᠵᠢ ᠪᠠᠷ᠂ ᠬᠠᠪᠤᠳᠠᠷ ᠡᠪᠡᠳᠴᠢᠨ ᠤ ᠵᠠᠰᠠᠯᠭ᠎ᠠ ᠶᠢᠨ | ᠬᠤᠭᠤᠴᠠᠭᠠᠨ ᠳᠠᠬᠢ ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ ᠲᠠᠰᠤᠯᠳᠠᠭᠤᠯᠵᠤ ᠪᠣᠯᠬᠤ ᠦᠭᠡᠢ᠂ ᠡᠨᠡ ᠨᠢ ᠮᠥᠨ ᠴᠦ | ᠪᠢᠳᠡᠨ ᠤ ᠪᠠᠷᠢᠮᠲᠠᠯᠠᠭᠰᠠᠭᠠᠷ ᠢᠷᠡᠭᠰᠡᠨ ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ | ᠵᠠᠪᠠᠯ ᠬᠠᠮᠲᠤ ᠳᠤ ᠨᠢ ᠵᠠᠰᠠᠬᠤ ᠵᠠᠷᠴᠢᠮ ᠪᠣᠯᠣᠨ᠎ᠠ᠃ ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ᠂ ᠡᠷᠬᠡᠪᠰᠢ ᠡᠶᠢᠮᠦᠷᠬᠦᠦ | ᠬᠠᠯᠳᠠᠪᠤᠷᠢᠯᠠᠭᠰᠠᠳ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠵᠤ᠂ ᠠᠪᠤᠷᠠᠨ ᠵᠠᠰᠠᠬᠤ ᠠᠵᠢᠯ ᠢ | ᠲᠣᠬᠢᠲᠠᠢ ᠰᠠᠶᠢᠲᠤᠷ ᠬᠢᠵᠦ᠂ ᠰᠠᠭᠤᠷᠢ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ᠂ ᠡᠪᠡᠳᠴᠢᠲᠡᠨ ᠤ ᠡᠷᠡᠭᠦᠯ | ᠮᠡᠨᠳᠦ ᠪᠠ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︽ᠬᠥᠮᠥᠨ ᠤ ᠠᠮᠢ ᠨᠠᠰᠤ ᠮᠢᠩᠭᠠᠨ ᠯᠠᠩ ᠠᠯᠲᠠ ᠮᠥᠩᠭᠦᠨ ᠠᠴᠠ | ᠴᠤ ᠴᠤᠬᠠᠭ︾ ᠭᠡᠳᠡᠭᠴᠢᠯᠡᠨ᠂ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ ᠳᠤᠮᠳᠠ ᠪᠠᠨ ᠪᠢᠳᠡ ︽ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠬᠥᠮᠥᠨ ᠢᠶᠠᠷ ᠦᠨᠳᠦᠰᠦ | ᠪᠣᠯᠭᠠᠬᠤ ᠵᠣᠷᠢᠯᠲᠠ ᠶᠢ ᠪᠠᠷᠢᠮᠲᠠᠯᠠᠵᠤ᠂ ᠥᠨᠳᠥᠷ ᠨᠠᠰᠤᠲᠠᠢ ᠨᠠᠰᠤᠲᠠᠶᠢᠴᠤᠳ᠂ ᠡᠪᠡᠳᠴᠢᠨ ᠳᠤ ᠨᠡᠷᠪᠡᠭᠳᠡᠭᠰᠡᠳ ᠵᠡᠷᠭᠡ | ᠭᠤᠣᠯᠳᠠᠯᠭ᠎ᠠ ᠲᠠᠢ ᠬᠥᠮᠥᠰ ᠤᠨ ᠡᠮᠴᠢᠯᠡᠭᠡᠨ ᠤ ᠠᠵᠢᠯ ᠢ ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ᠂ ᠡᠪᠡᠳᠴᠢᠲᠡᠨ ᠢ | ᠬᠠᠮᠤᠭ ᠤᠨ ᠰᠠᠶᠢᠨ ᠠᠪᠤᠷᠠᠨ ᠵᠠᠰᠠᠬᠤ ᠪᠠ ᠬᠠᠷᠠᠭᠠᠯᠵᠠᠨ ᠰᠤᠪᠢᠯᠠᠬᠤ ᠶᠢ ᠪᠠᠲᠤᠯᠠᠵᠤ᠂ ᠡᠪᠡᠳᠴᠢᠲᠡᠨ ᠤ ᠡᠷᠲᠡᠬᠡᠨ | ᠡᠷᠡᠭᠦᠯᠵᠢᠬᠦ ᠶᠢ ᠠᠬᠢᠭᠤᠯᠬᠤ ᠬᠡᠷᠡᠭᠲᠡᠢ᠃ | |