| | | | ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠤᠭᠤᠴᠠᠭᠠᠨ ᠳᠤ ᠬᠥᠮᠦᠰ ᠤᠨ | ᠶᠠᠪᠤᠵᠤ ᠰᠠᠭᠤᠬᠤ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠣᠯᠠᠰᠢᠷᠠᠬᠤ ᠪᠣᠯᠬᠤᠷ ᠬᠢᠵᠢᠭ ᠤᠨ ᠬᠠᠯᠳᠠᠪᠤᠷᠢᠯᠠᠬᠤ | ᠠᠶᠤᠯ ᠲᠦᠭᠰᠢᠭᠦᠷᠢ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠃ ᠬᠢᠵᠢᠭ ᠤᠨ ᠬᠠᠯᠳᠠᠪᠤᠷᠢᠯᠠᠨ ᠣᠷᠣᠵᠤ ᠢᠷᠡᠬᠦ ᠪᠠ | ᠨᠢᠭᠤᠴᠠᠬᠠᠢ ᠪᠠᠷ ᠲᠠᠷᠬᠠᠬᠤ ᠶᠢ ᠴᠢᠩᠭ᠎ᠠ ᠰᠡᠷᠭᠡᠶᠢᠯᠡᠨ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ | ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠪᠥᠲᠦᠮᠵᠢ ᠶᠢ ᠪᠠᠬᠢᠵᠢᠭᠦᠯᠬᠦ ᠶᠢᠨ ᠲᠤᠰᠠᠳᠠ᠂ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ︹2022︺ 56 ᠳ᠋ᠤᠭᠠᠷ ᠲᠣᠭᠠᠲᠤ ᠵᠠᠷᠯᠠᠯ ᠢ ᠴᠢᠩᠭ᠎ᠠ ᠬᠡᠷᠡᠭᠵᠢᠭᠦᠯᠦᠭᠰᠡᠨ | ᠰᠠᠭᠤᠷᠢᠨ ᠳᠡᠭᠡᠷ᠎ᠡ᠂ ᠡᠳᠦᠭᠡ ᠤᠯᠤᠰ ᠤᠨ ᠪᠠᠶᠠᠷ ᠤᠨ ᠠᠮᠠᠷᠠᠯᠲᠠ ᠵᠢᠴᠢ ᠡᠮᠦᠨ᠎ᠡ ᠬᠤᠶᠢᠨᠠᠬᠢ ᠬᠤᠭᠤᠴᠠᠭᠠᠨ ᠤ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ ᠨᠢᠭᠡ᠂ | ᠬᠤᠲᠠ ᠶᠢᠨ ᠳᠣᠲᠣᠨ᠎ᠠ ᠭᠠᠳᠠᠨᠠᠬᠢ ᠥᠷᠭᠡᠨ ᠣᠯᠠᠨ ᠬᠤᠲᠠ ᠶᠢᠨ ᠠᠷᠠᠳ ᠤᠨ ᠤᠯᠤᠰ ᠤᠨ ᠪᠠᠶᠠᠷ ᠤᠨ | ᠠᠮᠠᠷᠠᠯᠲᠠ ᠶᠢᠨ ᠬᠤᠭᠤᠴᠠᠭᠠᠨ ᠳᠤ ᠲᠤᠬᠠᠢ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ | ᠰᠠᠨᠠᠭᠠᠴᠢᠯᠠᠵᠤ᠂ ᠴᠢᠬᠤᠯᠠ ᠤᠴᠢᠷ ᠦᠭᠡᠢ ᠪᠣᠯ ᠤᠯᠠᠭᠠᠨᠬᠠᠳᠠ ᠠᠴᠠ ᠭᠠᠷᠬᠤ ᠦᠭᠡᠶ᠂ ᠤᠯᠠᠭᠠᠨᠬᠠᠳᠠ ᠳᠤ ᠪᠤᠴᠠᠬᠤ | ᠦᠭᠡᠶ ᠪᠠᠶᠢᠵᠤ᠂ ᠣᠷᠣᠨ ᠬᠤᠲᠠ ᠠᠯᠤᠰᠯᠠᠭᠰᠠᠨ ᠠᠶᠠᠯᠠᠯ ᠢ ᠪᠠᠭᠠᠰᠬᠠᠨ᠂ ᠬᠦᠮᠦᠰ ᠤᠨ ᠶᠠᠪᠤᠵᠤ ᠰᠠᠭᠤᠬᠤ ᠠᠴᠠ | ᠪᠣᠯᠵᠤ ᠬᠢᠵᠢᠭ ᠳᠡᠯᠭᠡᠷᠡᠬᠦ ᠲᠦᠭᠰᠢᠭᠦᠷᠢ ᠡᠭᠦᠰᠬᠦ ᠠᠴᠠ ᠵᠠᠶᠢᠯᠠᠰᠬᠢᠬᠦ ᠬᠡᠷᠡᠭᠲᠡᠶ᠃ ᠦᠨᠡᠬᠡᠷ ᠤᠯᠠᠭᠠᠨᠬᠠᠳᠠ ᠠᠴᠠ | ᠭᠠᠷᠬᠤ ᠴᠢᠬᠤᠯᠠ ᠲᠠᠢ ᠪᠣᠯ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ | ᠴᠢᠨᠠᠷ ᠤᠨ ᠭᠡᠷᠡᠴᠢ ᠠᠪᠴᠤ ᠶᠠᠪᠤᠬᠤ ᠬᠡᠷᠡᠭᠲᠡᠶ᠃ ᠬᠤᠶᠠᠷ᠂ ᠤᠯᠠᠭᠠᠨᠬᠠᠳᠠ ᠳᠤ ᠢᠷᠡᠬᠦ ︵ᠪᠤᠴᠠᠵᠤ ᠢᠷᠡᠬᠦ︶ ᠪᠤᠢ | ᠪᠦᠬᠦᠢ ᠬᠥᠮᠦᠰ 24 ᠴᠠᠭ ᠤᠨ ᠡᠮᠦᠨ᠎ᠡ ᠤᠷᠢᠳᠴᠢᠯᠠᠨ ︽ᠤᠯᠠᠭᠠᠨᠬᠠᠳᠠ ᠳᠤ ᠪᠤᠴᠠᠵᠤ ᠢᠷᠡᠬᠦ ᠬᠦᠮᠦᠰ ᠢ | ᠪᠦᠷᠢᠳᠬᠡᠨ ᠳᠠᠩᠰᠠᠯᠠᠬᠤ ᠰᠢᠰᠲ᠋ᠧᠮ︾ ᠳᠤ ᠳᠠᠩᠰᠠᠯᠠᠭᠤᠯᠬᠤ ᠶᠢᠨ ᠬᠠᠮᠲᠤ᠂ 48 ᠴᠠᠭ ᠤᠨ ᠳᠣᠲᠣᠷᠠᠬᠢ ᠪᠥᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ᠂ ᠤᠯᠠᠭᠠᠨᠬᠠᠳᠠ ᠳᠤ ᠬᠦᠷᠦᠭᠰᠡᠨ | ᠠᠩᠬᠠᠨ ᠤ ᠴᠡᠭ ᠲᠤ ︽ᠬᠦᠷᠴᠦ ᠰᠠᠭᠠᠲᠠᠭᠰᠠᠨ ᠭᠠᠵᠠᠷ ᠤᠨ ᠪᠠᠶᠢᠴᠠᠭᠠᠯᠲᠠ︾ ᠬᠢᠵᠦ᠂ 24~72 ᠴᠠᠭ ᠤᠨ | ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠯᠬᠡᠵᠦ᠂ ᠵᠣᠷᠢᠭᠰᠠᠨ ᠭᠠᠵᠠᠷ ᠲᠠᠭᠠᠨ | ᠬᠦᠷᠦᠭᠰᠡᠨ ᠤ ᠳᠠᠷᠠᠭ᠎ᠠ ᠬᠠᠮᠤᠭ ᠲᠡᠷᠢᠭᠦᠨ ᠳᠤ ᠨᠡᠶᠢᠭᠡᠮ ᠲᠣᠭᠤᠷᠢᠭ ︵ᠲᠣᠰᠬᠤᠨ ᠭᠠᠴᠠᠭ᠎ᠠ︶᠂ ᠪᠠᠶᠢᠭᠤᠯᠭ᠎ᠠ | ᠨᠢᠭᠡᠴᠡ ᠪᠤᠶᠤ ᠪᠠᠭᠤᠳᠠᠯ ᠳᠤ ᠪᠠᠨ ᠮᠡᠳᠡᠭᠦᠯᠦᠨ ᠳᠠᠩᠰᠠᠯᠠᠭᠤᠯᠤᠨ᠎ᠠ᠃ ᠭᠤᠷᠪᠠ᠂ ᠵᠠᠰᠠᠮᠠᠯ ᠵᠠᠮ ᠤᠨ ᠬᠢᠵᠢᠭ ᠤᠨ | ᠪᠠᠶᠢᠳᠠᠯ ᠤᠨ ᠦᠢᠯᠡᠴᠢᠯᠡᠭᠡᠨ ᠤ ᠥᠷᠲᠡᠭᠡ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠤ ᠥᠷᠲᠡᠭᠡ᠂ | ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠵᠡᠷᠭᠡ ᠲᠠᠯᠠᠪᠤᠷ ᠤᠳ ᠪᠡᠶ᠎ᠡ ᠶᠢᠨ ᠳᠤᠯᠠᠭᠠᠨ ᠢ ᠬᠡᠮᠵᠢᠬᠦ᠂ ᠪᠥᠭᠡᠮ | ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ ᠪᠠ | ︽ᠬᠦᠷᠴᠦ ᠰᠠᠭᠠᠲᠠᠭᠰᠠᠨ ᠭᠠᠵᠠᠷ ᠤᠨ ᠺᠣᠳ᠋︾ ᠢ ᠪᠠᠶᠢᠴᠠᠭᠠᠨ ᠦᠵᠡᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠦᠷᠴᠦ ᠰᠠᠭᠠᠲᠠᠭᠰᠠᠨ ᠭᠠᠵᠠᠷ︾ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠲᠦᠷᠭᠡᠨ ᠵᠠᠰᠠᠮᠠᠯ ᠵᠠᠮ ᠤᠨ ᠦᠢᠯᠡᠴᠢᠯᠡᠭᠡᠨ ᠤ ᠭᠠᠵᠠᠷ ᠨᠢ | ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠬᠢᠵᠢᠭ ᠢ ᠰᠡᠷᠭᠡᠶᠢᠯᠡᠬᠦ ᠲᠣᠭᠲᠠᠭᠠᠯ ᠢ ᠨᠠᠶᠢᠳᠠᠪᠤᠷᠢᠵᠢᠭᠤᠯᠬᠤ | ᠬᠡᠷᠡᠭᠲᠡᠶ᠃ ᠲᠦᠷᠪᠡ᠂ ᠴᠢᠬᠤᠯᠠ ᠤᠴᠢᠷ ᠦᠭᠡᠢ ᠪᠣᠯ ᠲᠤᠮᠤ ᠬᠡᠯᠪᠡᠷᠢ ᠶᠢᠨ ᠬᠤᠷᠠᠯ᠂ ᠪᠣᠯᠪᠠᠰᠤᠷᠠᠯ᠂ ᠦᠵᠡᠭᠦᠯᠭᠡ᠂ | ᠤᠷᠠᠨ ᠰᠠᠶᠢᠬᠠᠨ ᠤ ᠲᠣᠭᠯᠠᠯᠲᠠ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭᠠᠨ ᠢ ᠡᠷᠬᠢᠯᠡᠬᠦ ᠦᠭᠡᠢ᠃ ᠦᠨᠡᠨᠬᠦ | ᠡᠷᠭᠢᠯᠡᠬᠦ ᠴᠢᠬᠤᠯᠠᠲᠠᠶ ᠪᠣᠯ᠂ ᠬᠠᠷᠢᠶ᠎ᠠ ᠭᠠᠵᠠᠷ ᠤᠨ ᠵᠢᠯᠣᠭᠤᠳᠬᠤ ᠭᠠᠵᠠᠷ ᠠᠴᠠ ᠴᠢᠩᠭ᠎ᠠ ᠬᠢᠨᠠᠨ ᠵᠥᠪᠰᠢᠶᠡᠷᠡᠵᠦ᠂ | ᠬᠡᠪᠴᠢᠶ᠎ᠡ ᠶᠢ ᠨᠢ ᠪᠠᠭᠠᠰᠬᠠᠨ᠂ ᠬᠥᠮᠦᠨ ᠤ ᠲᠤᠭ᠎ᠠ ᠶᠢ ᠨᠢ ᠬᠢᠵᠠᠭᠠᠷᠯᠠᠵᠤ᠂ ᠰᠡᠷᠭᠡᠶᠢᠯᠡᠨ ᠡᠵᠡᠮᠳᠡᠬᠦ ᠲᠥᠰᠦᠯ | ᠲᠣᠭᠲᠠᠭᠠᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯᠯᠠᠭᠠᠨ ᠳᠤ | ᠣᠷᠣᠯᠴᠠᠭᠰᠠᠳ ᠢ ᠺᠣᠳ᠋ ᠰᠢᠷᠪᠢᠭᠦᠯᠦᠨ ᠳᠡᠩᠰᠡᠯᠡᠨ ᠲᠡᠮᠳᠡᠭᠯᠡᠵᠦ᠂ 48 ᠴᠠᠭ ᠤᠨ ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠨᠢ ᠪᠠᠶᠢᠴᠠᠭᠠᠬᠤ ᠬᠡᠷᠡᠭᠲᠡᠶ᠃ ᠬᠤᠷᠢᠮ ᠪᠡᠯᠪᠡᠰᠦᠷᠡᠯ ᠤᠨ | ᠠᠵᠢᠯᠯᠠᠭᠠᠨ ᠢ ᠳᠥᠭᠦᠮ ᠢᠶᠠᠷ ᠬᠢᠵᠦ᠂ ᠬᠥᠮᠦᠨ ᠤ ᠲᠤᠭ᠎ᠠ ᠶᠢ ᠠᠯᠢ ᠴᠢᠳᠠᠬᠤ ᠪᠠᠷ ᠪᠠᠭᠠᠰᠬᠠᠬᠤ ᠶᠢ ᠰᠠᠨᠠᠭᠠᠴᠢᠯᠠᠶ᠎ᠠ᠃ | ᠲᠠᠪᠤ᠂ ᠬᠤᠳᠠᠯᠳᠤᠭ᠎ᠠ ᠬᠡᠲᠦ ᠳᠡᠯᠭᠡᠭᠦᠷ᠂ ᠲᠠᠷᠢᠶᠠᠯᠠᠩ ᠤᠨ ᠪᠥᠲᠦᠭᠡᠭᠳᠡᠬᠦᠨ ᠤ ︵ᠴᠤᠭᠯᠠᠭ᠎ᠠ︶ ᠵᠠᠬ᠎ᠠ ᠳᠡᠯᠭᠡᠭᠦᠷ᠂ | ᠢᠳᠡᠭᠡᠨ ᠤᠮᠳᠠᠭᠠᠨ ᠤ ᠬᠤᠳᠠᠯᠳᠤᠭ᠎ᠠ᠂ ᠺᠢᠨᠣ᠋ ᠵᠦᠴᠦᠭᠡ ᠶᠢᠨ ᠲᠢᠶᠠᠳ᠋ᠷ᠂ ᠤᠬᠢᠶᠠᠯᠭ᠎ᠠ ᠶᠢᠨ ᠭᠠᠵᠠᠷ᠂ ᠰᠦᠯᠵᠢᠶᠡᠨ | ᠪᠠᠭᠠᠷ᠂ KTV ᠵᠡᠷᠭᠡ ᠲᠠᠯᠠᠪᠤᠷ ᠤᠳ ︽ᠲᠠᠯᠠᠪᠤᠷ ᠭᠠᠵᠠᠷ ᠤᠨ ᠺᠣᠳ᠋︾ ᠰᠢᠷᠪᠢᠬᠦ᠂ ᠪᠡᠶ᠎ᠡ ᠶᠢᠨ ᠳᠤᠯᠠᠭᠠᠨ ᠢ | ᠬᠡᠮᠵᠢᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠬᠥᠮᠦᠰ ᠢ ᠵᠠᠯᠠᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠴᠤᠭᠯᠠᠷᠠᠬᠤ ᠶᠢ ᠰᠡᠷᠭᠡᠶᠢᠯᠡᠬᠦ | ᠬᠡᠷᠡᠭᠲᠡᠶ᠃ ᠵᠢᠷᠭᠤᠭ᠎ᠠ᠂ ᠡᠯ᠎ᠡ ᠲᠥᠷᠥᠯ ᠤᠨ ᠴᠡᠴᠡᠷᠯᠢᠭ᠂ ᠦᠵᠡᠮᠵᠢ ᠶᠢᠨ ᠣᠷᠣᠨ᠂ ᠦᠵᠡᠮᠵᠢ ᠶᠢᠨ ᠴᠡᠭ ᠲᠤ ︽ | ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ︾ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠶᠠᠪᠤᠵᠤ ᠰᠠᠭᠤᠬᠤ ᠵᠠᠮ ᠱᠤᠭᠤᠮ ᠪᠠ ᠴᠠᠭ | ᠬᠤᠭᠤᠴᠠᠭ᠎ᠠ ᠶᠢ ᠵᠣᠬᠢᠰᠲᠠᠶ ᠰᠣᠩᠭᠤᠭᠤᠯᠵᠤ᠂ ᠴᠠᠭ ᠬᠤᠭᠤᠴᠠᠭ᠎ᠠ ᠶᠢ ᠵᠥᠷᠢᠭᠦᠯᠦᠨ ᠶᠠᠪᠤᠵᠤ ᠰᠠᠭᠤᠬᠤ᠂ ᠠᠶᠠᠯᠠᠨ | ᠵᠤᠭᠠᠴᠠᠬᠤ ᠶᠢ ᠪᠡᠶᠡᠯᠡᠭᠦᠯᠦᠨ᠂ ᠥᠪᠡᠷ ᠢᠶᠠᠨ ᠲᠡᠷᠭᠡ ᠵᠢᠯᠤᠭᠤᠳᠤᠨ ᠵᠤᠭᠠᠴᠠᠬᠤ ᠬᠥᠮᠦᠰ ᠰᠠᠨᠠᠭᠠᠴᠢᠯᠠᠭ᠎ᠠ ᠠᠴᠠ ᠪᠠᠨ | ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠡᠷᠡᠭᠲᠡᠶ᠃ ᠵᠣᠴᠢᠳ ᠤᠨ ᠪᠠᠭᠤᠳᠠᠯ ᠳᠤ ᠬᠤᠨᠣᠬᠤ ᠪᠠ ᠵᠢᠭᠤᠯᠴᠢᠯᠠᠯ ᠤᠨ | ᠣᠷᠣᠨ ᠳᠤ ᠣᠷᠣᠬᠤ ᠳᠤ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠶ᠃ ᠲᠤᠯᠤᠭ᠎ᠠ᠂ ᠥᠷᠭᠡᠨ ᠤᠯᠠᠨ ᠬᠤᠳᠠ ᠶᠢᠨ ᠠᠷᠠᠳ ᠠᠮᠠᠪᠴᠢ ᠵᠡᠭᠦᠬᠦ᠂ | ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ ᠵᠡᠷᠭᠡ ᠰᠠᠶᠢᠨ | ᠰᠠᠶᠢᠬᠠᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠬᠤᠪᠢ ᠬᠥᠮᠦᠨ ᠪᠠ ᠬᠡᠷ ᠤᠨ ᠬᠥᠮᠦᠰ ᠤᠨ ᠡᠷᠡᠭᠦᠯ ᠮᠡᠨᠳᠦ ᠶᠢᠨ | ᠪᠠᠶᠢᠳᠠᠯ ᠢ ᠨᠢᠭᠲᠠ ᠠᠩᠬᠠᠷᠴᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠂ | ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠳᠠᠷᠦ᠋ᠢᠬᠠᠨ ᠣᠶᠢᠷ᠎ᠠ ᠬᠠᠪᠢ ᠶᠢᠨ ᠬᠠᠯᠠᠭᠤᠷᠠᠯ ᠤᠨ | ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠂ ᠡᠮᠨᠡᠭᠦᠯᠬᠦ ᠵᠠᠮ ᠳᠠᠭᠠᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠪᠣᠯᠬᠤ ᠥᠬᠡᠶ᠃ ᠨᠠᠢᠮᠠ᠂ ᠬᠢᠵᠢᠭ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠦᠭᠰᠡᠨ ᠦᠭᠡᠢ᠂ ᠬᠤᠪᠢ ᠬᠥᠮᠦᠨ ᠤ ᠶᠠᠪᠤᠵᠤ ᠰᠠᠭᠤᠭᠰᠠᠨ | ᠵᠠᠮ ᠮᠥᠷ ᠢᠶᠠᠨ ᠦᠨᠡᠨ ᠢᠶᠠᠷ ᠮᠡᠳᠡᠭᠦᠯᠦᠭᠰᠡᠨ ᠦᠭᠡᠢ ᠠᠴᠠ ᠪᠤᠯᠵᠦ ᠬᠢᠵᠢᠭ ᠲᠡᠯᠭᠡᠷᠡᠭᠦᠯᠬᠦ ᠲᠦᠭᠰᠢᠭᠦᠷᠢ ᠪᠤᠶᠤ | ᠪᠤᠰᠤᠳ ᠬᠦᠨᠳᠦ ᠨᠣᠴᠢᠲᠠᠶ ᠨᠥᠯᠦᠭᠡ ᠭᠠᠷᠭᠠᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠢᠵᠢᠭ ᠢ ᠰᠡᠷᠭᠡᠶᠢᠯᠡᠨ | ᠡᠵᠡᠮᠳᠡᠬᠦ ᠲᠣᠭᠲᠠᠭᠠᠯ ᠠᠴᠠ ᠵᠦᠷᠢᠴᠡᠭᠰᠡᠨ ᠠᠵᠢᠯᠯᠠᠭᠠᠨ ᠢ ᠢᠯᠡᠴᠢᠯᠡᠨ ᠮᠡᠳᠡᠭᠦᠯᠬᠦ ᠶᠢ ᠥᠷᠭᠡᠨ ᠣᠯᠠᠨ ᠬᠤᠲᠠ ᠶᠢᠨ | ᠠᠷᠠᠳ ᠲᠤ ᠬᠦᠰᠡᠵᠦ ᠪᠠᠶᠢᠬᠤ ᠮᠥᠷᠲᠡᠭᠡᠨ ᠬᠢᠨᠠᠨ ᠬᠠᠷᠭᠤᠭᠤᠯᠤᠭᠰᠠᠨ ᠤ ᠳᠠᠷᠠᠭ᠎ᠠ ᠵᠣᠬᠢᠬᠤ ᠱᠠᠩᠨᠠᠯ ᠣᠯᠭᠤᠨ᠎ᠠ᠃ | ᠶᠢᠰᠦ᠂ ᠲᠣᠰ ᠵᠠᠷᠯᠠᠯ ᠤᠨ ᠠᠭᠤᠯᠭ᠎ᠠ ᠨᠢ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ | ᠭᠠᠵᠠᠷ ᠤᠨ ﹇2022﹈ 56 ᠳ᠋ᠤᠭᠠᠷ ᠲᠣᠭᠠᠲᠤ ᠵᠠᠷᠯᠠᠯ ᠤᠨ ᠠᠭᠤᠯᠭ᠎ᠠ ᠲᠠᠢ ᠨᠢᠭᠡᠳᠦᠯ ᠥᠬᠡᠶ ᠪᠠᠶᠢᠪᠠᠯ᠂ ᠲᠣᠰ | ᠵᠠᠷᠯᠠᠯ ᠢᠶᠠᠷ ᠪᠠᠷᠢᠮᠵᠢᠶ᠎ᠠ ᠪᠣᠯᠭᠠᠨ᠎ᠠ᠃ ᠥᠷᠭᠡᠨ ᠤᠯᠠᠨ ᠬᠤᠳᠠ ᠶᠢᠨ ᠠᠷᠠᠳ ᠨᠠᠷ ᠡ᠂ ᠬᠢᠵᠢᠭ ᠰᠡᠷᠭᠡᠶᠢᠯᠡᠨ ᠡᠵᠡᠮᠳᠡᠬᠦ | ᠪᠣᠯ ᠨᠢᠭᠡ ᠤᠳᠠᠭᠠᠨ ᠤ ᠠᠷᠠᠳ ᠤᠨ ᠳᠠᠶᠢᠯᠠᠯᠳᠤᠭᠠᠨ ᠮᠥᠨ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠵᠤ᠂ | ᠵᠣᠬᠢᠴᠠᠩᠭᠤᠶ ᠪᠠᠷ ᠠᠬᠢᠭᠤᠯᠬᠤ ᠴᠢᠬᠤᠯᠠᠲᠠᠶ ᠪᠦᠭᠡᠳ ᠬᠤᠳᠠ ᠶᠢᠨ ᠠᠷᠠᠳ ᠨᠢᠭᠡᠪᠦᠷᠢ ᠶᠢᠨ ᠣᠶᠢᠯᠠᠭᠠᠯᠲᠠ ᠪᠠ | ᠳᠡᠮᠵᠢᠯᠭᠡ ᠶᠢ ᠱᠠᠭᠠᠷᠳᠠᠨ᠎ᠠ᠂ ᠪᠢᠳᠡ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︕ ᠪᠥᠬᠦ ᠬᠤᠲᠠ ᠶᠢᠨ | ᠠᠷᠠᠳ ᠤᠯᠤᠰ ᠤᠨ ᠪᠠᠶᠠᠷ ᠤᠨ ᠠᠮᠠᠷᠠᠯᠲᠠ ᠪᠠᠨ ᠪᠠᠶᠠᠷ ᠬᠥᠷ ᠲᠠᠢ᠂ ᠡᠷᠡᠭᠦᠯ ᠮᠡᠨᠳᠦ ᠠᠮᠤᠷ ᠲᠦᠪᠰᠢᠨ | ᠥᠩᠭᠡᠷᠡᠭᠦᠯᠬᠦ ᠶᠢ ᠬᠦᠰᠡᠶ᠎ᠡ︕ | 2022 ᠣᠨ ᠤ 9 ᠰᠠᠷ᠎ᠠ ᠶᠢᠨ 27 | |