ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ ︵ᠲᠤᠯᠤᠭ᠎ᠠ
ᠨᠡᠶᠢᠲᠡᠯᠡᠭᠰᠡᠨ ᠴᠠᠭ᠄
2022/12/24
ᠬᠤᠰᠢᠭᠤᠨ ᠤ ᠠᠷᠪᠠᠨ ᠲᠤᠯᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠡᠷᠭᠢᠴᠡᠭᠦᠯᠦᠯ                 ᠪᠢᠳᠡ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠦᠷᠨᠢᠬᠦᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠲᠡ 447 ᠬᠤᠪᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 593 ᠬᠤᠪᠢ ᠰᠢᠢᠳᠪᠦᠷᠢᠯᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠦᠨᠡᠯᠡᠭᠳᠡᠪᠡ᠃ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠵᠢᠯ ᠳᠠᠷᠠᠭᠠᠯᠠᠨ ᠪᠠᠭᠤᠷᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠰᠤᠷᠲᠠᠯ ᠪᠠ ᠠᠵᠢᠯ ᠲᠥᠷᠥᠯ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠨᠡᠭᠦᠷᠡᠰᠦᠨ ᠤ ᠡᠬᠢ ᠪᠠᠶᠠᠯᠢᠭ᠂ ᠠᠭᠤᠷᠬᠠᠢ ᠶᠢᠨ ᠡᠬᠢ ᠪᠠᠶᠠᠯᠢᠭ᠂ ᠨᠤᠲᠤᠭ ᠪᠡᠯᠴᠢᠭᠡᠷ ᠣᠶᠢᠲᠤ ᠭᠠᠵᠠᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ᠂ ᠬᠠᠩᠭᠠᠨ ᠪᠣᠷᠣᠯᠠᠭᠤᠯᠬᠤ ᠰᠢᠰᠲ᠋ᠧᠮ᠂ ᠠᠮᠤ ᠪᠤᠳᠠᠭᠠᠨ ᠤ ᠰᠢᠰᠲ᠋ᠧᠮ ᠵᠡᠷᠭᠡ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠢᠨᠠᠨ ᠪᠤᠳᠤᠬᠤ᠂ ᠲᠤᠭ᠎ᠠ ᠪᠦᠷᠢᠳᠬᠡᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠦᠨᠳᠦᠰᠦᠲᠡᠨ ᠱᠠᠰᠢᠨ ᠰᠤᠷᠲᠠᠬᠤᠨ᠂ ᠴᠡᠷᠢᠭ ᠠᠴᠠ ᠬᠠᠯᠠᠭᠳᠠᠭᠰᠠᠳ᠂ ᠭᠠᠳᠠᠭᠠᠳᠤ ᠶᠠᠪᠤᠳᠠᠯ ᠬᠠᠷᠢᠶᠠᠲᠤ ᠶᠢᠨ ᠶᠠᠪᠤᠳᠠᠯ᠂ ᠠᠮᠤ ᠪᠤᠳᠠᠭᠠᠨ ᠤ ᠠᠮᠤᠷ ᠲᠦᠪᠰᠢᠨ᠂ ᠠᠷᠠᠳ ᠤᠨ ᠠᠭᠠᠷ ᠤᠨ ᠰᠡᠷᠭᠡᠶᠢᠯᠡᠯᠲᠡ ᠭᠠᠯ ᠰᠡᠷᠭᠡᠶᠢᠯᠡᠯᠲᠡ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠴᠠᠭ ᠠᠭᠤᠷ ᠭᠠᠵᠠᠷ ᠬᠥᠳᠡᠯᠦᠯᠲᠡ᠂ ᠬᠠᠮ ᠵᠠᠭᠤᠴᠢᠯᠠᠭᠤᠷ᠂ ᠬᠠᠩᠭᠠᠨ ᠪᠣᠷᠣᠯᠠᠭᠤᠯᠭ᠎ᠠ ᠵᠡᠷᠭᠡ ᠠᠵᠢᠯ ᠰᠢᠨ᠎ᠡ ᠠᠮᠵᠢᠯᠲᠠ ᠪᠦᠲᠦᠮᠵᠢ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠨᠠᠰᠤᠵᠢᠯ᠂ ᠨᠢᠭᠦᠯᠡᠰᠦᠩᠭᠦᠶ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠵᠡᠷᠭᠡ ᠠᠵᠢᠯ ᠦᠢᠯᠡᠰ ᠰᠢᠨ᠎ᠡ ᠳᠠᠪᠰᠢᠯᠲᠠ ᠶᠢ ᠪᠡᠶᠡᠯᠡᠭᠦᠯᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号