ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ  ︵  ᠨᠠᠢᠮᠠ
ᠨᠡᠶᠢᠲᠡᠯᠡᠭᠰᠡᠨ ᠴᠠᠭ᠄
2022/12/24
ᠬᠤᠶᠢᠰᠢᠳᠠ ᠶᠢᠨ ᠲᠠᠪᠤᠨ ᠵᠢᠯ ᠤᠨ ᠬᠠᠷᠠᠯᠲᠠ ᠡᠭᠦᠷᠭᠡ      ᠢᠷᠡᠭᠡᠳᠦᠶ ᠶᠢᠨ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠳᠠᠰᠢ ᠤᠷᠤᠭᠰᠢᠯᠠᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠂ ᠮᠦᠨ ᠴᠤ ᠮᠠᠨ ᠤ ᠬᠤᠰᠢᠭᠤᠨ ᠤ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠴᠢᠬᠤᠯᠠ ᠴᠠᠭ ᠬᠤᠭᠤᠴᠠᠭ᠎ᠠ ᠪᠣᠯᠤᠨ᠎ᠠ᠃ ᠰᠢᠨ᠎ᠡ ᠬᠥᠭᠵᠢᠯᠲᠡ ᠶᠢᠨ ᠭᠠᠷᠤᠭ᠎ᠠ ᠳᠤ ᠵᠣᠭᠰᠣᠬᠤ ᠳᠤ᠂ ᠪᠢᠳᠡ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠬᠦᠴᠦᠨ ᠴᠢᠳᠠᠯ ᠣᠯᠵᠤ᠂ ᠬᠥᠭᠵᠢᠯᠲᠡ ᠶᠢᠨ ᠶᠡᠭᠡ ᠬᠠᠨᠳᠤᠰᠢ ᠳᠤ ᠰᠠᠭᠤᠷᠢᠯᠠᠨ᠂ ᠬᠥᠭᠵᠢᠯᠲᠡ ᠶᠢᠨ ᠬᠠᠨᠳᠤᠰᠢ ᠶᠢ ᠳᠠᠭᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ ᠥᠪᠡᠷ ᠢ ᠪᠠᠨ ᠴᠢᠩᠭ᠎ᠠ ᠱᠠᠭᠠᠷᠲᠠᠨ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ᠃    ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠠ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠬᠤᠷᠠᠯ ᠤᠨ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ  ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠵᠢᠴᠢ ᠬᠥᠭᠵᠢᠯᠲᠡ ᠪᠠ ᠠᠮᠤᠷ ᠲᠦᠪᠰᠢᠨ ᠢ ᠬᠠᠮᠳᠤ ᠳᠤ ᠨᠢ ᠴᠢᠬᠤᠯᠠᠴᠢᠯᠠᠬᠤ ᠶᠢ ᠪᠠᠷᠢᠮᠳᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ ᠠᠭᠤᠰᠤᠯᠴᠠᠨ᠂ ᠪᠦᠬᠦ ᠬᠤᠲᠠ ᠶᠢᠨ ︽ᠲᠠᠪᠤᠨ ᠪᠠᠶᠢᠷᠢ ᠲᠣᠭᠲᠠᠭᠠᠯᠲᠠ︾᠂ ︽ᠬᠤᠣᠰ ᠣᠳᠣᠨ ᠣᠷᠣᠨ︾᠂ ︽ᠵᠢᠷᠭᠤᠭᠠᠨ ᠤᠯᠠᠭᠠᠨᠬᠠᠳᠠ︾ ᠶᠢᠨ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠵᠡᠭᠦᠨ ᠬᠡᠰᠡᠭ ᠤᠨ ᠡᠯᠡᠰᠦ ᠶᠢ ᠵᠠᠰᠠᠬᠤ᠂ ᠪᠠᠷᠠᠭᠤᠨ ᠣᠷᠣᠨ ᠤ ᠬᠥᠷᠥᠰᠥ ᠵᠠᠰᠠᠬᠤ᠂ ᠳᠤᠮᠳᠠ ᠬᠡᠰᠡᠭ ᠤᠨ ᠬᠤᠲᠠ ᠶᠢᠨ ᠲᠣᠭᠤᠷᠢᠭ ᠤᠨ ᠦᠵᠡᠮᠵᠢ ᠶᠢᠨ ᠣᠷᠣᠨ ᠢ ᠠᠳᠬᠤᠬᠤ ᠪᠠᠶᠢᠷᠢᠯᠠᠭᠤᠯᠤᠯᠲᠠ ᠶᠢᠨ ᠰᠡᠳᠬᠢᠴᠡ ᠪᠠᠷ ᠪᠥᠬᠦ ᠬᠤᠰᠢᠭᠤᠨ ᠤ ᠵᠡᠭᠦᠨ ᠳᠤᠮᠳᠠ ᠪᠠᠷᠠᠭᠤᠨ ᠣᠷᠣᠨ ᠤ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠡᠷᠡᠰ ᠭᠤᠶᠢᠪᠢᠰᠢ ᠦᠭᠡᠢ ᠪᠠᠷᠢᠮᠳᠠᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠤᠷᠤᠭᠰᠢᠯᠠᠵᠤ᠂ ᠨᠠᠩ ᠥᠨᠳᠥᠷ ᠶᠠᠰᠤ ᠴᠢᠨᠠᠷ  ᠲᠠᠢ᠂ ᠨᠠᠩ ᠠᠰᠢᠭᠯᠠᠮᠵᠢ ᠲᠠᠢ᠂ ᠨᠡᠩ ᠭᠤᠣᠯᠴᠢ᠂ ᠨᠠᠩ ᠪᠤᠯᠤᠮᠵᠢᠲᠤ᠂ ᠨᠠᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠠᠯᠠᠬᠦᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠡᠭᠡᠷᠡᠬᠢ ᠣᠩᠨᠢᠭᠤᠳ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ᠃          ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠢ ᠪᠠᠶᠢᠷᠢᠯᠠᠭᠤᠯᠤᠯᠲᠠ ᠶᠢ ᠦᠨᠳᠦᠰᠦᠯᠡᠨ᠂ ᠬᠥᠭᠵᠢᠯᠲᠡ ᠶᠢᠨ ᠬᠠᠨᠳᠤᠰᠢ ᠪᠠ ᠨᠥᠬᠦᠴᠡᠯ ᠢ ᠶᠡᠷᠦᠩᠬᠡᠶᠢᠯᠡᠨ ᠪᠤᠳᠤᠯᠬᠢᠯᠠᠨ᠂ ᠬᠤᠶᠢᠰᠢᠳᠠ ᠶᠢᠨ ᠲᠠᠪᠤᠨ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠲᠡᠭᠰᠢᠳᠬᠡᠭᠡᠳ 7% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠲᠡᠭᠰᠢᠳᠬᠡᠭᠡᠳ 6% ᠣᠷᠴᠢᠮ ᠨᠡᠮᠡᠭᠳᠡᠭᠦᠯᠦᠨ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠵᠢᠯ ᠪᠦᠷᠢ ᠲᠡᠭᠰᠢᠳᠬᠡᠭᠡᠳ 10% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ ᠵᠢᠯ ᠪᠦᠷᠢ ᠲᠡᠭᠰᠢᠳᠬᠡᠭᠡᠳ 8% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠲᠡᠭᠰᠢᠳᠬᠡᠭᠡᠳ 7% ᠣᠷᠴᠢᠮ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠲᠡᠭᠰᠢᠳᠬᠡᠭᠡᠳ 8% ᠣᠷᠴᠢᠮ ᠨᠡᠮᠡᠭᠳᠡᠭᠦᠯᠦᠨ᠎ᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号