ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ ︵  ᠶᠢᠰᠤ︶
ᠨᠡᠶᠢᠲᠡᠯᠡᠭᠰᠡᠨ ᠴᠠᠭ᠄
2022/12/24
 ᠢᠷᠡᠬᠦ ᠲᠠᠪᠤᠨ ᠵᠢᠯ ᠳᠤ ᠳᠤᠤᠷᠠᠬᠢ ᠲᠠᠪᠤᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠴᠢᠷᠮᠠᠶᠢᠬᠤ ᠭᠡᠷᠡᠭᠲᠠᠢ           ︵ᠨᠢᠭᠡ︶ ᠬᠦᠴᠦᠨ ᠢᠶᠠᠨ ᠲᠥᠪᠯᠡᠷᠡᠭᠦᠯᠦᠨ ᠰᠢᠨ᠎ᠡ ᠶᠢ ᠡᠭᠦᠳᠦᠨ ᠬᠥᠭᠵᠢᠵᠦ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠪᠦᠬᠦ ᠬᠦᠴᠦᠨ ᠢᠶᠠᠷ ᠢᠶᠠᠨ ᠪᠦᠲᠦᠴᠡ ᠪᠠᠨ ᠲᠤᠬᠢᠷᠠᠭᠤᠯᠵᠤ᠂ ᠴᠢᠳᠠᠮᠵᠢ ᠪᠠᠨ ᠬᠤᠪᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠦᠢᠯᠡᠰ ᠤᠨ ᠰᠦᠷᠤᠭ᠍ᠵᠢᠯᠲᠠ᠂ ᠳᠡᠭᠡᠳᠦ ᠲᠡᠰᠵᠢᠯᠳᠡ᠂ ᠲᠣᠭᠠᠴᠢᠯᠠᠯᠲᠠ᠂ ᠠᠭᠤᠰᠤᠯᠴᠠᠭᠰᠠᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠬᠦᠯᠤᠨ᠎ᠠ᠃ ᠤᠯᠠᠭᠠᠨᠬᠠᠳᠠ ᠶᠢᠨ ᠲᠠᠷᠢᠶᠠᠯᠠᠩ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠣᠷᠣᠨ ᠤ ᠭᠤᠣᠯ ᠲᠠᠪᠴᠠᠩ ᠤᠨ ᠦᠢᠯᠡᠳᠦᠯ ᠢ ᠲᠤᠪᠤᠶᠢᠯᠭᠠᠵᠤ᠂ ᠣᠶᠤᠨᠴᠢ ᠬᠦᠷᠢᠶᠡᠯᠡᠩ ᠲᠣᠭᠤᠷᠢᠭ ᠪᠠ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠰᠢᠨ᠎ᠡ ᠮᠠᠲ᠋ᠧᠷᠢᠶᠠᠯ᠂ ᠲᠣᠨᠤᠭ ᠲᠥᠬᠦᠭᠡᠷᠦᠮᠵᠢ ᠤᠶᠢᠯᠠᠳᠬᠦ ᠠᠵᠤ ᠦᠢᠯᠡᠰ ᠤᠨ ᠰᠦᠷᠤᠭ᠍ᠵᠢᠯᠲᠠ ᠶᠢ ᠬᠦᠴᠦᠯᠡᠨ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠬᠦᠷᠢᠶᠡᠯᠡᠩ ᠲᠣᠭᠤᠷᠢᠭ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠭᠠᠬᠤ ᠪᠠᠷ ᠴᠢᠷᠮᠠᠢᠨ᠎ᠠ᠃ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠ ᠠᠬᠤᠢ ᠪᠠᠶᠢᠳᠠᠯ ᠳᠣᠣᠷᠠᠬᠢ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠪᠣᠬᠢᠷᠲᠤᠯ ᠦᠭᠡᠢ ᠤᠷᠴᠢᠯᠲᠤ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠶᠢᠰᠢ ᠬᠤᠪᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠰᠠᠯᠬᠢ ᠭᠡᠷᠡᠯ ᠤᠰᠤᠲᠥ᠋ᠷᠥᠭᠴᠢ ᠪᠠᠷ ᠬᠠᠳᠠᠭᠠᠯᠠᠬᠤ ᠠᠵᠤ ᠦᠢᠯᠡᠰ ᠤᠨ ᠪᠥᠭᠡᠮᠨᠡᠷᠡᠯ ᠢ ᠬᠦᠴᠦᠯᠡᠨ ᠪᠤᠶᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠠᠩ ᠭᠠᠭᠴᠠ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠵᠤ ᠪᠠᠶᠢᠭᠰᠠᠨ ᠠᠴᠠ ᠪᠦᠬᠦ ᠠᠵᠤ ᠦᠢᠯᠡᠰ ᠤᠨ ᠬᠡᠯᠬᠢᠶ᠎ᠡ ᠲᠡᠶᠢᠰᠢ ᠬᠥᠭᠵᠢᠬᠦ ᠶᠢ ᠠᠬᠢᠭᠤᠯᠵᠤ᠂ ᠮᠢᠩᠭᠠᠨ ᠲᠦᠮᠡᠨ ᠺᠢᠯᠤᠸᠠᠲ ᠤᠨ ᠲᠡᠰ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ᠂ ᠴᠡᠪᠡᠷ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠢ ᠪᠣᠢ ᠪᠣᠯᠭᠠᠨ᠎ᠠ᠃ ᠥᠩᠭᠡᠲᠦ ᠲᠡᠮᠦᠷᠯᠢᠭ ᠤᠨ ᠬᠠᠷ᠎ᠠ ᠲᠤᠭᠤᠯᠭ᠎ᠠ᠂ ᠲᠡᠮᠦᠷᠯᠢᠭ ᠪᠤᠰᠤ ᠬᠠᠶᠢᠯᠤᠭᠤᠷ ᠵᠣᠩᠰᠢ᠂ ᠬᠥᠪᠰᠥᠭᠡᠷ ᠰᠢᠷᠣᠢ ᠶᠢᠨ ᠠᠵᠤ ᠦᠢᠯᠡᠰ ᠢ ᠰᠢᠨ᠎ᠡ ᠪᠠᠷ ᠡᠭᠦᠳᠦᠨ ᠬᠥᠭᠵᠢᠭᠦᠯᠵᠦ᠂ ᠬᠠᠶᠢᠨ ᠰᠢᠨᠵᠢᠵᠦ ᠨᠥᠭᠡᠴᠡᠯᠡᠬᠦ ᠪᠠᠨ ᠥᠷᠭᠡᠳᠬᠡᠬᠦ᠂ ᠮᠡᠷᠭᠡᠵᠢᠯ  ᠤᠨ ᠥᠭᠡᠷᠡᠴᠢᠯᠡᠯᠲᠡ ᠬᠢᠵᠦ ᠴᠢᠳᠠᠮᠵᠢ ᠪᠠᠨ ᠥᠷᠭᠡᠳᠬᠡᠬᠦ᠂ ᠣᠷᠣᠭᠤᠯᠵᠤ ᠬᠤᠯᠪᠣᠵᠤ ᠳᠠᠬᠢᠨ ᠵᠣᠬᠢᠶᠠᠨ ᠪᠠᠶᠢᠭᠤᠯᠬᠤ᠂ ᠨᠠᠶᠢᠳᠠᠵᠤ ᠬᠠᠮᠢᠶᠠᠷᠤᠭᠤᠯᠬᠤ ᠪᠠᠷ ᠳᠠᠮᠵᠢᠭᠤᠯᠤᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠦᠳᠦᠭᠦᠯᠢᠭ ᠢᠶᠠᠷ ᠨᠡᠭᠡᠭᠡᠵᠦ ᠪᠠᠶᠢᠭᠰᠠᠨ ᠠᠴᠠ ᠨᠢ ᠬᠡᠪᠴᠢᠶᠡᠵᠢᠭᠦᠯᠦᠨ ᠲᠥᠪᠯᠡᠷᠡᠭᠦᠯᠬᠦ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ᠂ ᠪᠣᠬᠢᠷᠲᠤᠯ ᠥᠭᠡᠢ ᠡᠷᠴᠢᠮᠵᠢᠭᠦᠯᠦᠨ ᠬᠥᠭᠵᠢᠭᠦᠯᠬᠦ ᠲᠡᠶᠢᠰᠢ ᠬᠤᠪᠢᠷᠠᠭᠤᠯᠬᠤ ᠶᠢ ᠲᠥᠯᠬᠢᠨ ᠠᠬᠢᠭᠤᠯᠵᠤ᠂ ᠠᠭᠤᠷᠬᠠᠢ ᠶᠢᠨ ᠦᠢᠯᠡᠰ ᠤᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃       ᠳᠤᠮᠳᠠᠳᠤ ᠤᠯᠤᠰ ᠤᠨ ᠤᠮᠠᠷᠠᠲᠤ ᠶᠢᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠲᠥᠷᠥᠯ ᠵᠦᠢᠯ ᠢ ᠰᠢᠯᠢᠳᠡᠭᠵᠢᠭᠦᠯᠦᠨ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠥᠷᠥᠯ ᠲᠡᠮᠳᠡᠭᠲᠦ ᠶᠢ ᠴᠣᠭᠴᠠᠯᠠᠬᠤ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢ ᠡᠷᠴᠢᠮᠵᠢᠭᠰᠡᠨ᠂ ᠬᠡᠪᠴᠢᠶᠡᠵᠢᠭᠰᠡᠨ᠂ ᠤᠳᠤᠬᠢᠴᠢᠯᠠᠭᠰᠠᠨ ᠬᠥᠭᠵᠢᠯᠲᠡ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠣᠨᠴᠠᠯᠢᠭᠲᠤ ᠲᠠᠷᠢᠶᠠᠯᠠᠩ ᠪᠠ ᠮᠠᠯ ᠠᠵᠤ ᠠᠬᠤᠶ ᠪᠠᠷ ᠭᠤᠤᠯ ᠰᠢᠪᠲᠤᠯᠬᠤ ᠴᠢᠭᠯᠡᠯ ᠪᠣᠯᠭᠠᠵᠤ᠂ ᠠᠯᠠᠰᠢᠨ ᠦᠬᠡᠷ᠂ ᠢᠳᠡᠰᠢᠨ ᠨᠣᠭᠤᠭ᠎ᠠ᠂ ᠬᠠᠭᠤᠷᠠᠶ ᠲᠠᠷᠢᠶᠠᠯᠠᠭ᠎ᠠ ᠶᠢᠨ ᠣᠷᠭᠠᠨᠢᠭ ᠲᠠᠷᠢᠶᠠᠯᠠᠩ ᠵᠡᠷᠭᠡ ᠭᠤᠤᠯᠯᠠᠬᠤ ᠠᠵᠤ ᠦᠢᠯᠡᠰ ᠢ ᠲᠣᠪᠤᠶᠢᠮ᠎ᠠ ᠬᠥᠭᠵᠢᠭᠦᠯᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ᠂ ᠡᠯᠳᠠᠪ ᠠᠮᠤ ᠪᠤᠷᠴᠠᠭ᠂ ᠲᠡᠵᠢᠭᠡᠯ ᠡᠪᠡᠰᠦ᠂ ᠠᠯᠠᠰᠢᠨ ᠨᠤᠭᠤᠰᠤ ᠵᠡᠷᠭᠡ ᠣᠨᠴᠠᠯᠢᠭᠲᠤ ᠠᠵᠤ ᠦᠢᠯᠡᠰ ᠢ ᠲᠣᠭᠲᠠᠭᠤᠨ ᠢᠶᠠᠷ ᠦᠷᠭᠡᠳᠭᠡᠨ᠎ᠠ᠂ ᠭᠠᠭ᠋ᠠᠶ᠂ ᠠᠯᠠᠰᠢᠨ ᠬᠤᠨᠢ᠂ ᠲᠥᠮᠥᠰᠥ᠂ ᠰᠢᠬᠢᠷ ᠯᠤᠤᠪᠠᠩ ᠵᠡᠷᠭᠡ ᠠᠵᠤ ᠦᠢᠯᠡᠰ ᠢ ᠴᠢᠨᠠᠷ ᠰᠠᠶᠢᠲᠠᠶ ᠬᠦᠭᠵᠢᠬᠦᠯᠤᠨ᠎ᠠ᠂ ᠶᠠᠩ ᠵᠢᠶᠠ ᠶᠢᠩᠽᠢ ᠶᠢᠨ ᠤᠳᠤᠬᠢᠴᠢᠯᠠᠭᠰᠠᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠤᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠭᠠᠨ ᠪᠠᠶᠢᠭᠤᠯᠬᠤ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠭᠡᠯᠬᠢᠶᠡᠵᠢᠬᠦᠯᠦᠨ ᠬᠥᠭᠵᠢᠭᠦᠯᠬᠦ ᠶᠢ ᠢᠳᠡᠪᠬᠢᠲᠡᠶ ᠠᠬᠢᠭᠤᠯᠤᠨ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ᠂ ᠠᠵᠤ ᠦᠢᠯᠡᠰ ᠤᠨ ᠬᠡᠯᠬᠢᠶ᠎ᠡ ᠶᠢᠨ ᠦᠵᠦᠬᠦᠷ ᠠᠵᠤ ᠠᠬᠤᠶᠢᠯᠠᠯ ᠢ ᠢᠳᠡᠪᠬᠢᠲᠡᠶ ᠪᠠᠷ ᠲᠠᠳᠠᠨ ᠤᠷᠤᠭᠤᠯᠤᠨ᠎ᠠ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠰᠠᠶᠢᠲᠤᠷ ᠠᠳᠬᠤᠨ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠤᠨ᠎ᠠ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠬᠡᠮᠵᠢᠶ᠎ᠡ ᠪᠠ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃          ᠤᠯᠤᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠠᠵᠤ ᠤᠶᠢᠯᠠᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠲᠠᠰ ᠳᠡᠪᠰᠢᠭᠦᠯᠬᠦ᠂ ᠬᠦᠴᠦᠨ ᠵᠦᠢᠯ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠡᠷᠢᠭᠦᠨ ᠤ ᠡᠬᠢ ᠪᠠᠶᠠᠯᠢᠭ᠂ ᠲᠡᠷᠢᠭᠦᠨ ᠤ ᠨᠡᠭᠡᠭᠡᠯᠲᠡ ᠂ ᠲᠡᠷᠢᠭᠦᠨ ᠤ ᠬᠠᠮᠢᠶᠠᠷᠤᠯᠲᠠ᠂ ᠲᠡᠷᠢᠭᠦᠨ ᠤ ᠬᠥᠭᠵᠢᠯᠲᠡ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠪᠣᠷᠣᠬᠤᠲᠠ ᠶᠢᠨ ᠰᠣᠶᠣᠯ ᠵᠢᠭᠤᠯᠴᠢᠯᠠᠯ ᠤᠨ ᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠬᠦᠨᠵᠡᠬᠡᠶᠢᠷᠠᠬᠦᠯᠵᠤ᠂ ᠪᠣᠷᠣᠬᠤᠲᠠ ᠶᠢᠨ ᠬᠤᠲᠠ ᠲᠣᠭᠤᠷᠢᠭ ᠤᠨ ᠤᠮᠠᠷᠠᠲᠤ ᠬᠡᠰᠡᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠦᠰᠡ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠂ ᠬᠠᠰ ᠯᠣᠣ ᠡᠯᠡᠰᠦᠨ ᠨᠠᠭᠤᠷ ᠢ ᠤᠯᠤᠰ ᠤᠨ 5A ᠲᠡᠰ ᠤᠨ ᠦᠵᠡᠮᠵᠢ ᠶᠢᠨ ᠣᠷᠣᠨ ᠪᠣᠯᠭᠠᠬᠤ ᠶᠢ ᠠᠬᠢᠭᠤᠯᠤᠨ᠎ᠠ᠂ ᠮᠣᠩᠭᠤᠯ ᠸᠠᠩ ᠤᠨ ᠬᠤᠲᠠ᠂ ᠬᠤᠩᠱᠠᠨ ᠨᠠᠭᠤᠷ᠂ ᠲᠡᠩᠨᠡᠭᠦᠷ ᠤᠨ ᠭᠤᠤᠯ ᠵᠡᠷᠭᠡ ᠦᠵᠡᠮᠵᠢ ᠶᠢᠨ ᠣᠷᠣᠨ ᠢ ᠰᠠᠶᠢᠳᠤᠷ ᠡᠷᠬᠢᠯᠡᠵᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠂ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ ᠵᠡᠷᠭᠡ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠶᠡᠬᠡᠪᠡᠷ ᠬᠦᠭᠵᠢᠬᠦᠯᠵᠤ᠂ ᠵᠤᠭᠠᠴᠠᠯ ᠤᠨ ᠵᠠᠬ᠎ᠠ ᠳᠡᠯᠭᠡᠭᠦᠷ ᠢ ᠢᠳᠡᠪᠬᠢᠲᠡᠢ ᠦᠷᠭᠡᠳᠬᠡᠵᠤ᠂ ᠨᠠᠩ ᠣᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠤᠢ ᠪᠣᠯᠭᠠᠨ᠎ᠠ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠳᠤᠮᠳᠠᠳᠤ ᠶᠢᠨ ᠯᠤᠤ ᠶᠢᠨ ᠰᠣᠶᠣᠯ ᠤᠨ ᠨᠡᠷᠡᠲᠦ ᠲᠡᠮᠳᠡᠭ ᠪᠠ ᠡᠯᠡᠰᠦᠨ ᠴᠥᠯ ᠤᠨ ᠥᠩᠭᠡ ᠦᠵᠡᠮᠵᠢ ᠶᠢᠨ ᠤᠷᠬᠢᠯ ᠬᠥᠳᠡᠯᠭᠡᠭᠡᠨ ᠤ ᠵᠤᠭᠠᠴᠠᠯ ᠤᠨ ᠮᠠᠩᠯᠠᠶ ᠲᠡᠮᠳᠡᠭ ᠢ ᠪᠦᠬᠦ ᠲᠠᠯ᠎ᠠ ᠪᠠᠷ ᠪᠤᠢ ᠪᠤᠯᠭᠠᠵᠤ᠂ ᠰᠣᠶᠣᠯ ᠵᠤᠭᠠᠴᠠᠯ ᠤᠨ ᠦᠢᠯᠡᠰ ᠢ ᠠᠯᠬᠤᠮ ᠠᠯᠬᠤᠮ ᠢᠶᠠᠷ ᠪᠦᠬᠦ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢ ᠠᠵᠤ ᠦᠢᠯᠡᠰ ᠪᠣᠯᠭᠠᠨ ᠪᠤᠶᠢᠵᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠪᠣᠷᠣᠬᠤᠲᠠ ᠶᠢᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠭᠡᠷᠡᠭᠵᠢᠭᠦᠯᠤᠨ᠎ᠠ᠂ ︽ᠵᠢᠩ ᠳ᠋ᠦᠩ ᠶᠦᠨ ᠽᠠᠩ᠂ ᠮᠧᠩ ᠳ᠋ᠦᠩ ᠨᠢᠭᠡᠳᠦᠭᠡᠷ ᠨᠤᠮᠧᠷᠲᠤ︾ ᠶᠢᠨ ᠦᠢᠯᠡᠳᠦᠯ ᠢ ᠪᠠᠳᠠᠷᠠᠭᠤᠯᠵᠤ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠭᠠᠷᠠᠮ᠂ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠴᠢᠳᠠᠮᠵᠢᠳᠤ ᠡᠵᠡᠩᠨᠡᠯᠲᠡ ᠶᠢᠨ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠵᠦ᠂ ᠦᠢᠯᠡᠴᠢᠯᠡᠭᠡᠨ ᠤ ᠣᠷᠣᠨ ᠪᠦᠰᠡ ᠶᠢᠨ ᠴᠢᠨᠠᠷᠲᠠᠶ ᠲᠥᠪ ᠬᠤᠲᠠ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠤᠮᠠᠷᠠᠲᠤ ᠬᠡᠰᠡᠭ ᠤᠨ ᠬᠤᠰᠢᠭᠤ ᠰᠢᠶᠠᠨ ᠢ ᠨᠥᠯᠥᠭᠡᠯᠡᠨ᠂ ᠯᠢᠶᠤᠤᠨᠢᠩ᠂ ᠱᠧᠨ᠋ᠶᠠᠩ᠂ ᠪᠡᠭᠡᠵᠢᠩ ᠲᠢᠶᠠᠨᠵᠢᠨ ᠾᠧᠪᠧᠶ ᠳᠤ ᠠᠭᠤᠰᠤᠯᠴᠠᠭᠰᠠᠨ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠢ ᠪᠦᠬᠦ ᠬᠦᠴᠤᠨ ᠢᠶᠠᠷ ᠪᠠᠶᠢᠭᠤᠯᠤᠨ᠎ᠠ᠂ ᠮᠥᠩᠭᠦᠨ ᠭᠦᠢᠯᠭᠡᠭᠡᠨ᠂ ᠬᠠᠮ ᠦᠵᠡᠰᠬᠦᠯᠡᠩ᠂ ᠡᠷᠡᠭᠦᠯᠵᠢᠯ ᠰᠤᠪᠢᠯᠠᠯᠲᠠ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠤᠨ ᠬᠥᠭᠵᠢᠭᠦᠯᠵᠦ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号