ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ ︵  ᠠᠷᠪᠠ︶
ᠨᠡᠶᠢᠲᠡᠯᠡᠭᠰᠡᠨ ᠴᠠᠭ᠄
2022/12/24
              ᠬᠦᠴᠦᠨ ᠢᠶᠠᠨ ᠲᠥᠪᠯᠡᠷᠡᠭᠦᠯᠦᠨ ᠵᠣᠬᠢᠴᠠᠩᠭᠤᠢ ᠬᠥᠭᠵᠢᠭᠦᠯᠵᠦ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠭᠤᠣᠯ ᠬᠤᠲᠠ ᠲᠣᠭᠤᠷᠢᠭ ᠢ ᠲᠣᠭᠤᠷᠢᠭᠰᠠᠨ ᠬᠤᠰᠢᠭᠤ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠵᠣᠬᠢᠴᠠᠩᠭᠤᠢ ᠬᠥᠭᠵᠢᠯᠲᠡ᠂ ᠠᠭᠤᠰᠤᠯᠴᠠᠨ ᠬᠥᠭᠵᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠬᠤᠭᠤᠴᠠᠭᠠᠨ ᠳᠤ ᠵᠣᠯᠭᠠᠭᠤᠯᠬᠤ ᠪᠠᠯᠠ ᠮᠥᠩᠭᠦ ᠶᠢᠨ ᠡᠮᠬᠢᠯᠡᠨ ᠨᠡᠶᠢᠯᠡᠭᠦᠯᠬᠦ ᠡᠷᠴᠢᠮ ᠪᠠ ᠣᠷᠣᠭᠤᠯᠤᠯᠲᠠ ᠶᠢᠨ ᠡᠷᠴᠢᠮ ᠢ ᠪᠠᠲᠤᠯᠠᠨ᠎ᠠ᠂ ᠬᠦᠳᠡᠭᠡ ᠲᠤᠰᠬᠤᠨ ᠢ ᠪᠦᠳᠤᠭᠡᠨ ᠪᠠᠶᠢᠭᠤᠯᠬᠤ ᠠᠵᠢᠯᠯᠠᠭ᠎ᠠ ᠶᠢ ᠭᠡᠷᠡᠭᠵᠢᠬᠦᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠤ ᠬᠥᠲᠥᠯᠦᠨ ᠳᠠᠭᠠᠭᠤᠯᠬᠤ ᠦᠢᠯᠡᠳᠦᠯ ᠢ ᠳᠣᠪᠤᠶᠢᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠪᠦᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠶ ᠠᠬᠢᠭᠤᠯᠵᠤ᠂ ︽ᠰᠢᠨ᠎ᠡ ᠬᠤᠲᠠ ᠲᠣᠭᠤᠷᠢᠭ ᠢ ᠲᠡᠭᠦᠯᠳᠡᠷᠵᠢᠭᠦᠯᠦᠨ ᠲᠥᠬᠦᠷᠵᠢᠭᠦᠯᠬᠦ ᠂ ᠬᠠᠭᠤᠴᠢᠨ ᠬᠤᠲᠠ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠬᠠᠭᠤᠴᠢᠨ ᠬᠤᠲᠠ ᠲᠣᠭᠤᠷᠢᠭ ᠢ ᠬᠠᠮᠵᠢᠯᠴᠠᠭᠤᠯᠤᠨ ᠬᠥᠭᠵᠢᠭᠦᠯᠬᠦ︾ ᠰᠡᠳᠬᠢᠮᠵᠢ ᠶᠣᠰᠣᠭᠠᠷ᠂ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ ᠂ ᠤᠶᠤᠨᠲᠤ ᠬᠤᠲᠠ᠂ ᠦᠶᠠᠷ ᠤᠰᠤᠳᠤᠯ ᠢ ᠰᠡᠷᠬᠡᠶᠢᠯᠡᠬᠦ ᠴᠢᠳᠠᠮᠵᠢᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ ᠵᠠᠮ ᠲᠦᠭᠵᠢᠷᠡᠬᠦ᠂ ᠬᠤᠳᠠᠨ ᠲᠤᠳᠤᠷᠠᠬᠢ ᠦᠶᠠᠷ ᠤᠰᠤᠳᠤᠯ᠂ ᠲᠡᠷᠭᠡ ᠵᠣᠭᠰᠣᠬᠤ ᠡᠮᠬᠢ ᠵᠢᠷᠤᠮ ᠥᠬᠡᠶ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠣᠷᠣᠨ ᠨᠤᠳᠤᠭ ᠤᠨ ᠭᠤᠣᠯ ᠪᠣᠯᠬᠤ ᠬᠤᠲᠠ ᠪᠠᠯᠭᠠᠰᠤ ᠶᠢ ᠡᠩ ᠲᠡᠷᠢᠭᠦᠨ ᠳᠤ ᠬᠥᠭᠵᠢᠭᠦᠯᠬᠦ ᠶᠢ ᠳᠡᠮᠵᠢᠵᠦ᠂ ᠪᠠᠭ᠎ᠠ ᠬᠤᠲᠠ ᠪᠠᠯᠭᠠᠰᠤ ᠶᠢᠨ ᠰᠠᠭᠤᠷᠢ ᠲᠦᠬᠦᠭᠡᠷᠤᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠠᠭ᠎ᠠ ᠬᠤᠲᠠ ᠪᠠᠯᠭᠠᠰᠤ ᠶᠢ ᠬᠤᠲᠠ ᠬᠥᠳᠡᠭᠡ ᠲᠠᠢ ᠬᠤᠯᠪᠣᠬᠤ᠂ ᠲᠠᠷᠢᠶᠠᠴᠢᠨ ᠮᠠᠯᠴᠢᠳ ᠲᠤ ᠦᠢᠯᠡᠴᠢᠯᠡᠬᠦ ᠲᠥᠪᠯᠡᠷᠡᠭᠦᠯᠦᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︽ᠵᠠᠮ ᠬᠠᠷᠢᠯᠴᠠᠭ᠎ᠠ ᠶᠢ ᠤᠷᠢᠳᠠᠪᠠᠷ ᠬᠡᠷᠡᠭᠵᠢᠭᠦᠯᠬᠦ︾ ᠶᠢ ᠪᠠᠷᠢᠮᠲᠠᠯᠠᠵᠤ᠂ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠤᠯᠤᠰ ᠪᠠ ᠮᠤᠵᠢ ᠶᠢᠨ ᠭᠤᠣᠯ ᠱᠤᠭᠤᠮ ᠢ ᠳᠡᠰ ᠳᠡᠪᠰᠢᠭᠦᠯᠦᠨ ᠥᠭᠡᠷᠡᠴᠢᠯᠡᠬᠦ᠂ ᠠᠵᠤ ᠦᠢᠯᠡᠰ ᠤᠨ ᠵᠠᠮ᠂ ᠠᠮᠢ ᠠᠬᠤᠢ ᠶᠢᠨ ᠵᠠᠮ᠂ ᠵᠢᠭᠤᠯᠴᠢᠯᠠᠯ ᠤᠨ ᠵᠠᠮ ᠵᠢᠴᠢ ᠵᠠᠰᠠᠮᠠᠯ ᠵᠠᠮ ᠢ ᠱᠤᠭᠤᠮ ᠬᠤᠯᠪᠣᠬᠤ ᠵᠡᠷᠭᠡ ᠢᠨᠵᠧᠨᠧᠷᠢᠩ ᠢ ᠵᠣᠬᠢᠰᠲᠠᠢ ᠲᠥᠰᠦᠪᠯᠡᠨ ᠬᠡᠷᠡᠭᠵᠢᠭᠦᠯᠵᠦ᠂ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ ᠵᠢᠴᠢ ᠠᠷᠠᠴᠢᠯᠠᠨ ᠬᠠᠮᠠᠭᠠᠯᠠᠬᠤ ᠲᠣᠭᠲᠠᠴᠠ ᠶᠢ ᠪᠦᠷᠢᠨ ᠪᠣᠯᠭᠠᠨ᠂ ᠪᠦᠬᠦ ᠬᠤᠰᠢᠭᠤᠨ ᠤ ᠵᠠᠮ ᠬᠠᠷᠢᠯᠴᠠᠭᠠᠨ ᠤ ᠲᠣᠣᠷ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠥᠬᠦ ᠬᠤᠰᠢᠭᠤᠨ ᠤ ᠵᠡᠭᠦᠨ᠂ ᠳᠤᠮᠳᠠ᠂ ᠪᠠᠷᠠᠭᠤᠨ ᠣᠷᠣᠨ ᠤ ᠴᠠᠬᠢᠯᠭᠠᠨ ᠲᠤᠤᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠤᠤᠷ ᠢ ᠲᠠᠰ ᠳᠡᠪᠰᠢᠭᠦᠯᠦᠨ ᠥᠭᠡᠷᠡᠴᠢᠯᠡᠬᠦ ᠶᠢ ᠭᠦᠨᠵᠡᠭᠡᠶᠢᠷᠡᠭᠦᠯᠦᠨ᠂ ᠴᠠᠬᠢᠯᠭᠠᠨ ᠬᠠᠩᠭᠠᠬᠤ ᠪᠠᠲᠤᠯᠠᠭ᠎ᠠ ᠪᠠ ᠴᠡᠪᠡᠷ ᠡᠨᠧᠷᠭᠢ ᠶᠢ ᠳᠤᠲᠤᠭᠠᠲᠤ ᠳᠤ ᠪᠠᠨ ᠬᠡᠷᠡᠭᠯᠡᠬᠦ ᠵᠢᠴᠢ ᠭᠠᠳᠠᠭᠰᠢ ᠬᠦᠷᠭᠡᠬᠦ ᠴᠢᠳᠠᠪᠤᠷᠢ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号