ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ ︵  ᠠᠷᠪᠠᠨ ᠨᠢᠭᠡ︶
ᠨᠡᠶᠢᠲᠡᠯᠡᠭᠰᠡᠨ ᠴᠠᠭ᠄
2022/12/24
       ᠪᠣᠬᠢᠷᠲᠤᠯ ᠥᠬᠡᠶ ᠬᠥᠭᠵᠢᠯᠲᠡ ᠳᠤ ᠬᠦᠴᠦᠨ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠢᠯᠡ ᠲᠣᠳᠣ ᠤᠳᠤᠷᠢᠳᠤᠮᠵᠢ ᠶᠢ ᠢᠮᠠᠭᠲᠠ ᠪᠠᠲᠤ ᠪᠣᠶ ᠪᠣᠯᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠠᠭᠤᠯᠠ ᠤᠰᠤ᠂ ᠣᠶ ᠮᠣᠳᠣ᠂ ᠭᠠᠵᠠᠷ ᠲᠠᠷᠢᠶ᠎ᠠ ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠶᠡᠭᠡ ᠬᠡᠪᠴᠢᠶᠡᠨ ᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠮᠢ ᠠᠬᠤᠶ ᠶᠢᠨ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠨ᠎ᠠ᠃ ᠨᠠᠷᠠᠰᠤᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠠᠮᠢᠶᠠᠷᠤᠨ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠵᠡᠷᠭᠡ ᠲᠦᠷᠢᠮ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢᠨ ᠡᠬᠢ ᠰᠤᠷᠪᠤᠯᠵᠢ ᠶᠢ ᠪᠦᠬᠦ ᠬᠦᠴᠤᠨ ᠢᠶᠠᠷ ᠢᠶᠠᠨ ᠬᠠᠮᠠᠭᠠᠯᠠᠨ᠎ᠠ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠡᠬᠢ ᠪᠠᠶᠠᠯᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃ ︽ᠳᠥᠷᠪᠡᠨ ᠤᠰᠤ ᠳᠥᠷᠪᠡᠨ ᠲᠣᠭᠲᠠᠭᠠᠯ︾ ᠤᠨ ᠵᠠᠷᠴᠢᠮ ᠢ ᠪᠦᠬᠦ ᠲᠠᠯ᠎ᠠ ᠪᠠᠷ ᠨᠡᠶᠢᠳᠠᠪᠤᠷᠢᠵᠢᠭᠤᠯᠬᠤ᠂ ᠤᠰᠤ ᠶᠢ ᠲᠣᠰᠬᠤᠨ ᠳᠤ ᠬᠦᠷᠲᠡᠯ᠎ᠡ ᠬᠤᠪᠢᠶᠠᠷᠢᠯᠠᠬᠤ᠂ ᠬᠡᠮᠵᠢᠯᠲᠡ ᠶᠢ ᠬᠤᠳᠳᠤᠭ ᠲᠤ ᠬᠦᠷᠦᠭᠦᠯᠬᠦ᠂ ᠬᠢᠨᠠᠯᠲᠠ ᠬᠠᠮᠢᠶᠠᠷᠤᠯᠲᠠ ᠶᠢ ᠠᠮᠠᠰᠠᠷ ᠲᠤ ᠬᠦᠷᠦᠭᠦᠯᠬᠦ ᠶᠢ ᠪᠠᠷᠢᠮᠲᠠᠯᠠᠨ᠂ ᠤᠰᠤᠯᠠᠯᠲᠠ ᠶᠢᠨ ᠭᠠᠵᠠᠷ᠂ ᠤᠰᠤᠯᠠᠯᠲᠠ ᠶᠢᠨ ᠮᠠᠰᠢᠨ ᠬᠤᠳᠳᠤᠭ᠂ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠥᠬᠡᠶ ᠪᠠᠶᠢᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠬᠠᠤᠯᠢ ᠶᠤᠰᠤᠭᠠᠷ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ ᠶᠢ ᠪᠠᠷᠢᠮᠳᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠦᠢᠯᠡᠰ ᠪᠠ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠥᠭᠵᠢᠯᠲᠡ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠤᠢ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠷᠠᠯᠵᠢᠶ᠎ᠠ ᠶᠢ ᠢᠳᠡᠪᠬᠢᠲᠡᠢ ᠰᠦᠪᠡᠭᠴᠢᠯᠡᠵᠦ᠂ ᠪᠣᠬᠢᠷᠲᠤᠯ ᠦᠭᠡᠢ ᠲᠤᠤᠷ᠎ᠠ ᠨᠠᠬᠦᠷᠠᠰᠦᠳᠦ᠋ᠷᠦᠭᠴᠢᠳᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠦᠨᠠᠠᠬᠦ ᠬᠥᠭᠵᠢᠯᠲᠡ ᠶᠢᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ ᠪᠠ ᠠᠷᠠᠳ ᠤᠨ ᠠᠮᠢᠳᠤᠷᠠᠯ ᠤᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号