ᠤᠩᠨᠢᠭᠤᠳ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠠᠶᠢᠯᠤᠮᠵᠢ ︵  ᠠᠷᠪᠠᠨ ᠬᠤᠶᠠᠷ︶
ᠨᠡᠶᠢᠲᠡᠯᠡᠭᠰᠡᠨ ᠴᠠᠭ᠄
2022/12/24
                  ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢ ᠬᠠᠮᠲᠤᠪᠠᠷ ᠡᠳ᠋ᠯᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠤᠨ᠎ᠠ᠃ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠵᠣᠬᠢᠴᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠢᠳᠡᠷᠡᠭᠦᠨ ᠠᠯᠬᠤᠭ᠎ᠠ ᠶᠢ ᠠᠯᠬᠤᠬᠤ ᠬᠡᠷᠡᠭᠲᠡᠢ᠃ ᠠᠵᠤ ᠠᠬᠤᠶ ᠶᠢ ᠬᠥᠭᠵᠢᠭᠦᠯᠵᠦ ᠠᠵᠢᠯ ᠣᠯᠭᠤᠬᠤ ᠤᠳᠤᠷᠢᠳᠤᠮᠵᠢ ᠶᠢ ᠪᠠᠷᠢᠮᠲᠠᠯᠠᠨ᠂ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠤᠨᠳᠤᠤ ᠭᠠᠵᠠᠷ ᠨᠡᠭᠦᠯᠭᠡᠭᠰᠡᠨ ᠣᠯᠠᠨ ᠲᠦᠮᠡᠨ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠠᠵᠢᠯ ᠲᠠᠢ ᠬᠥᠮᠦᠨ ᠥᠬᠡᠶ ᠬᠡᠷ ᠪᠦᠯᠢ ᠶᠢ ᠬᠥᠳᠡᠯᠦᠩᠭᠦᠶ ᠪᠠᠷ ᠥᠬᠡᠶ ᠪᠣᠯᠭᠠᠬᠤ ᠶᠢ ᠪᠠᠲᠤᠯᠠᠨ᠎ᠠ᠃ ︽ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ︾ ᠳᠡᠭᠡᠳᠦ ᠵᠤᠭᠰᠤᠴᠠ ᠠᠴᠠ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠤᠨ᠂ ︽ᠬᠤᠶᠠᠷ ᠢ ᠬᠦᠩᠭᠡᠷᠡᠬᠦᠯᠬᠦ︾ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠪᠠᠶᠢᠷᠢᠰᠢᠯ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ 30 ᠬᠥᠮᠦᠨ ᠬᠥᠷᠬᠦ ᠥᠬᠡᠶ ᠵᠢᠭᠠᠨ ᠰᠤᠷᠭᠠᠯᠲᠠ ᠶᠢᠨ ᠴᠡᠭ ᠢ ᠠᠯᠬᠤᠮ ᠠᠯᠬᠤᠮ ᠢᠶᠠᠷ ᠬᠠᠰᠤᠵᠤ ᠨᠡᠶᠢᠯᠡᠭᠦᠯᠦᠨ᠂ ᠡᠯ᠎ᠡ ᠵᠦᠢᠯ ᠤᠨ ᠰᠤᠷᠭᠠᠨ ᠬᠦᠮᠦᠵᠢᠯ ᠤᠨ ᠲᠡᠩᠴᠡᠭᠦᠨ ᠴᠢᠨᠠᠷᠯᠢᠭ᠂ ᠲᠤᠳᠤᠭᠠᠲᠤ ᠠᠭᠤᠯᠬᠤᠨ ᠲᠠᠢ᠂ ᠵᠦᠷᠢᠶᠠᠨᠳᠦ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠢ ᠣᠩᠨᠢᠭᠤᠳ ᠬᠤᠰᠢᠭᠤᠨ ᠤ ᠢᠷᠡᠭᠡᠳᠦᠶ ᠶᠢᠨ ᠬᠥᠭᠵᠢᠯᠲᠡ ᠶᠢᠨ ᠨᠡᠷ᠎ᠡ ᠶᠢᠨ ᠬᠠᠭᠤᠳᠠᠰᠤ ᠪᠠ ᠢᠲᠡᠭᠡᠯ ᠵᠣᠷᠢᠭ ᠪᠣᠯᠭᠠᠨ᠎ᠠ᠃ ᠡᠷᠡᠭᠦᠯ ᠡᠩᠬᠡ ᠣᠩᠨᠢᠭᠤᠳ ᠬᠤᠰᠢᠭᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠰᠢᠭᠤ ᠰᠢᠶᠠᠩ ᠲᠣᠰᠬᠤᠨ ᠭᠤᠷᠪᠠᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠷᠡᠭᠦᠯ ᠮᠡᠨᠳᠦ ᠶᠢᠨ ᠦᠢᠯᠡᠰ ᠬᠢᠭᠡᠳ ᠡᠷᠡᠭᠦᠯ ᠮᠡᠨᠳᠦ ᠶᠢᠨ ᠠᠵᠤ ᠦᠢᠯᠡᠰ ᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠡᠮᠴᠢᠯᠡᠭᠡ ᠨᠠᠰᠤᠵᠢᠯ ᠡᠷᠡᠭᠦᠯ ᠮᠡᠨᠳᠦ ᠶᠢᠨ ᠠᠵᠤ ᠤᠶᠢᠯᠠᠰ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠤ᠂ ᠲᠦᠬᠡᠮᠠᠯ ᠠᠰᠢᠭᠲᠠᠢ ᠨᠠᠰᠤᠵᠢᠯ ᠤᠨ ᠠᠰᠠᠷᠠᠮᠵᠢ᠂ ᠨᠠᠶᠢᠳᠠᠵᠤ ᠰᠠᠭᠠᠲᠠᠭᠤᠯᠤᠨ ᠬᠥᠮᠦᠵᠢᠭᠦᠯᠬᠦ᠂ ᠡᠮᠴᠢᠯᠡᠭᠡ ᠰᠤᠪᠢᠯᠠᠯᠲᠠ᠂ ᠡᠷᠡᠭᠦᠯᠵᠢᠯ ᠰᠤᠪᠢᠯᠠᠯᠲᠠ ᠶᠢᠨ ᠣᠯᠠᠨ ᠵᠦᠢᠯ ᠤᠨ ᠬᠡᠯᠪᠡᠷᠢ ᠪᠠᠶᠢᠳᠠᠯ ᠢ ᠬᠥᠭᠵᠢᠭᠦᠯᠦᠨ᠂ ︽ᠨᠠᠰᠤᠲᠠᠶᠢᠴᠤᠳ ᠪᠠ ᠨᠢᠯᠬ᠎ᠠ︾ ᠶᠢᠨ ᠦᠢᠯᠡᠴᠢᠯᠡᠬᠡᠨ ᠤ ᠠᠵᠢᠯ ᠢ ᠰᠠᠶᠢᠲᠤᠷ ᠬᠢᠵᠦ᠂ ᠬᠥᠮᠦᠨ ᠠᠮᠠ ᠶᠢᠨ ᠨᠠᠰᠤᠵᠢᠯᠲᠠ ᠶᠢᠨ ᠬᠠᠨᠳᠤᠰᠢ ᠶᠢ ᠪᠦᠲᠦᠮᠵᠢᠲᠡᠶ ᠠᠷᠭᠠᠴᠠᠭᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠨᠠᠩ ᠪᠠᠲᠤᠯᠠᠭ᠎ᠠ ᠲᠠᠢ ᠪᠣᠯᠭᠠᠨ᠎ᠠ᠃ ᠦᠨᠳᠦᠰᠦᠲᠡᠨ ᠤ ᠠᠵᠢᠯ ᠢ ᠦᠷᠭᠦᠯᠵᠢᠯᠡᠨ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠷᠡᠰ ᠪᠠᠲᠤ ᠪᠤᠢ ᠪᠣᠯᠭᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠬᠠᠳᠠᠩᠰᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠴᠡᠷᠢᠭ ᠠᠷᠠᠳ ᠢ ᠠᠭᠤᠰᠤᠯᠴᠠᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠪᠠ ᠨᠡᠶᠢᠭᠡᠮ ᠤᠨ ᠵᠠᠰᠠᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号