| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠠᠴᠠ 12 ᠳ᠋ᠤᠭᠠᠷ ᠰᠠᠷ᠎ᠠ ᠶᠢᠨ 13 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠭᠤᠣᠯᠳᠠᠯᠭ᠎ᠠ ᠲᠠᠢ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠪᠢᠳᠡ ᠬᠠᠮᠲᠤ ᠪᠠᠷ ᠣᠶᠢᠯᠠᠭᠠᠵᠠᠭᠠᠶ᠎ᠠ — — ᠵᠢᠷᠮᠦᠰᠦᠨ ᠬᠥᠩᠭᠡᠵᠢᠭᠰᠡᠨ ᠡᠬᠡᠴᠦᠳ ᠵᠢᠷᠮᠦᠰᠦᠨ ᠬᠥᠩᠭᠡᠵᠢᠭᠰᠡᠨ | ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠶᠠᠮᠠᠷ ᠡᠪᠡᠳᠴᠢᠨ ᠤ ᠢᠯᠡᠷᠡᠯ ᠲᠠᠢ ᠪᠣᠢ︖ ᠤᠯᠤᠰ ᠤᠨ ᠳᠣᠲᠣᠭᠠᠳᠤ ᠳᠠᠬᠢ | ᠪᠦᠬᠦ ᠤᠯᠤᠰ ᠤᠨ ᠬᠥᠩᠭᠡᠵᠢᠯᠲᠡ ᠶᠢᠨ ᠰᠠᠯᠠᠭᠠᠨ ᠤ ᠶᠠᠰᠤ ᠴᠢᠨᠠᠷ ᠢ ᠡᠵᠡᠮᠳᠡᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ | ᠬᠤᠷᠢᠶᠠᠩᠭᠤᠶᠢᠯᠠᠭᠰᠠᠨ ᠤᠯᠤᠰ ᠤᠨ ᠳᠣᠲᠣᠭᠠᠳᠤ ᠶᠢᠨ ᠪᠠᠶᠢᠳᠠᠯ ᠪᠠ ᠣᠯᠠᠨ ᠤᠯᠤᠰ ᠤᠨ ᠮᠡᠳᠡᠭᠡᠯᠡᠯ ᠠᠴᠠ ᠦᠵᠡᠪᠡᠯ᠂ | ᠵᠢᠷᠮᠦᠰᠦᠨ ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ | ᠶᠡᠷᠦᠩᠬᠡᠢ ᠳᠤ ᠪᠠᠨ ᠡᠪᠡᠳᠴᠢᠯᠡᠬᠦ ᠨᠤᠷᠮ᠎ᠠ ᠪᠠ ᠡᠪᠡᠳᠴᠢᠨ ᠤ ᠪᠠᠶᠢᠳᠠᠯ᠂ ᠡᠪᠡᠳᠴᠢᠨ ᠤ ᠶᠠᠪᠤᠴᠠ ᠶᠢᠨ ᠪᠠᠶᠢᠳᠠᠯ ᠨᠢ ᠪᠦᠷ | ᠡᠩ ᠤᠨ ᠬᠥᠮᠥᠰ ᠲᠠᠢ ᠨᠡᠯᠢᠶᠡᠳ ᠣᠶᠢᠷᠠᠯᠴᠠᠭ᠎ᠠ ᠪᠠᠶᠢᠳᠠᠭ᠃ ᠡᠪᠡᠳᠴᠢᠨ ᠤ ᠢᠯᠡᠷᠡᠯ ᠨᠢ ᠭᠤᠣᠯᠳᠠᠭᠤ ᠠᠮᠢᠰᠬᠤᠯ ᠤᠨ | ᠳᠡᠭᠡᠳᠦ ᠵᠠᠮ ᠤᠨ ᠬᠠᠯᠳᠠᠪᠤᠷᠢᠯᠠᠯ ᠪᠣᠯᠣᠨ᠎ᠠ᠂ ᠵᠢᠱᠢᠶᠡᠯᠡᠪᠡᠯ ᠬᠠᠨᠢᠶᠠᠯᠭᠠᠬᠤ᠂ ᠬᠤᠭᠤᠯᠠᠢ ᠡᠪᠡᠳᠬᠦ᠂ ᠨᠠᠶᠢᠲᠠᠭᠠᠬᠤ᠂ ᠬᠠᠮᠠᠷ | ᠪᠢᠲᠡᠭᠦᠷᠡᠬᠦ᠂ ᠨᠢᠰᠤ ᠭᠤᠭᠤᠵᠢᠬᠤ᠂ ᠪᠦᠬᠦ ᠪᠡᠶ᠎ᠡ ᠱᠠᠷᠬᠢᠷᠠᠨ ᠡᠪᠡᠳᠬᠦ᠂ ᠬᠠᠯᠠᠭᠤᠷᠠᠬᠤ ᠵᠡᠷᠭᠡ ᠢᠯᠡᠷᠡᠯ ᠲᠠᠢ᠂ ᠬᠦᠨᠳᠦ | ᠡᠪᠡᠳᠴᠢᠨ ᠤ ᠰᠢᠨᠵᠢ ᠲᠡᠮᠳᠡᠭ ᠲᠤᠩ ᠴᠥᠭᠡᠨ ᠪᠠᠶᠢᠳᠠᠭ᠂ ᠡᠶᠢᠮᠦ ᠠᠴᠠ ᠠᠶᠤᠨ ᠰᠠᠨᠳᠤᠷᠤᠭᠰᠠᠨ ᠤ ᠬᠡᠷᠡᠭ ᠦᠭᠡᠢ᠂ | ᠡᠪᠡᠳᠴᠢᠨ ᠤ ᠶᠠᠪᠤᠴᠠ ᠨᠢ ᠴᠦ ᠦᠨᠳᠦᠰᠦᠨ ᠳᠤ ᠪᠠᠨ 5 ᠠᠴᠠ 7 ᠡᠳᠦᠷ ᠪᠣᠯᠣᠨ᠎ᠠ᠃ ᠣᠳᠣᠬᠠᠨ ᠤ ᠪᠠᠶᠢᠳᠠᠯ ᠠᠴᠠ | ᠦᠵᠡᠪᠡᠯ᠂ ᠡᠮᠦᠨᠡᠲᠦ ᠣᠷᠣᠨ ᠪᠠ ᠤᠮᠠᠷᠠᠲᠤ ᠣᠷᠣᠨ ᠤ ᠣᠨᠳᠣᠣᠰᠢᠭᠰᠠᠨ ᠸᠢᠷᠦ᠋ᠰ ᠤᠨ ᠰᠠᠭᠤᠷᠢ ᠨᠢ ᠵᠢᠭᠠᠬᠠᠨ ᠠᠳᠠᠯᠢ | ᠦᠭᠡᠢ ᠪᠠᠶᠢᠵᠤ᠂ ᠤᠮᠠᠷᠠᠲᠤ ᠣᠷᠣᠨ ᠳᠤ ᠵᠢᠭᠠᠬᠠᠨ ᠬᠠᠭᠤᠷᠠᠢ᠂ ᠠᠭᠤᠷ ᠠᠮᠢᠰᠬᠤᠯ ᠨᠡᠯᠢᠶᠡᠳ ᠬᠦᠢᠲᠡᠨ᠂ ᠡᠪᠡᠳᠴᠢᠨ ᠤ | ᠪᠠᠶᠢᠳᠠᠯ ᠨᠢ ᠬᠠᠷᠢᠴᠠᠩᠭᠤᠢ ᠬᠦᠨᠳᠦ᠂ ᠭᠡᠪᠡᠴᠦ ᠡᠪᠡᠳᠴᠢᠨ ᠤ ᠶᠠᠪᠤᠴᠠ ᠨᠢ ᠦᠨᠳᠦᠰᠦᠨ ᠳᠤ ᠪᠠᠨ 5 ᠠᠴᠠ 7 ᠡᠳᠦᠷ | ᠪᠠᠶᠢᠳᠠᠭ᠂ ᠣᠨᠴᠠ ᠵᠠᠷᠢᠮ ᠬᠦᠨᠳᠦ ᠡᠪᠡᠳᠴᠢᠲᠡᠨ ᠨᠢ ᠭᠤᠣᠯᠳᠠᠭᠤ ᠲᠡᠭᠦᠨ ᠤ ᠰᠠᠭᠤᠷᠢ ᠡᠪᠡᠳᠴᠢᠨ ᠲᠠᠢ ᠬᠤᠯᠪᠣᠭ᠎ᠠ ᠲᠠᠢ | ᠪᠠᠶᠢᠳᠠᠭ᠂ ᠵᠢᠱᠢᠶᠡᠯᠡᠪᠡᠯ ᠤᠤᠯ ᠳᠤ ᠪᠠᠨ ᠡᠯᠢᠭᠡ ᠪᠥᠭᠡᠷᠡᠨ ᠤ ᠠᠵᠢᠯᠯᠠᠭ᠎ᠠ ᠮᠠᠭᠤᠲᠠᠢ᠂ ᠴᠢᠰᠤᠨ ᠳᠠᠷᠤᠯᠲᠠ ᠥᠨᠳᠥᠷ᠂ | ᠰᠢᠬᠢᠷ ᠰᠢᠵᠢᠩ ᠡᠪᠡᠳᠴᠢᠨ ᠲᠠᠢ ᠪᠠᠶᠢᠪᠠᠯ᠂ ᠡᠳᠡᠭᠡᠷ ᠬᠥᠮᠥᠰ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ ᠵᠢᠷᠮᠦᠰᠦᠨ | ᠬᠥᠩᠭᠡᠵᠢᠭᠰᠡᠨ ᠡᠬᠡᠴᠦᠳ ᠬᠢᠵᠢᠭ ᠲᠤ ᠬᠠᠯᠳᠠᠪᠤᠷᠢᠯᠠᠭᠳᠠᠪᠠᠯ ᠬᠡᠪᠡᠯᠢ ᠳᠠᠬᠢ ᠬᠡᠦᠬᠡᠳ ᠢ ᠨᠥᠯᠥᠭᠡᠯᠡᠨ᠎ᠡ ᠤᠤ︖ ᠵᠢᠷᠮᠦᠰᠦᠨ | ᠬᠥᠩᠭᠡᠵᠢᠭᠰᠡᠨ ᠡᠬᠡᠴᠦᠳ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠬᠡᠪᠡᠯᠢ ᠳᠠᠬᠢ ᠬᠡᠦᠬᠡᠳ ᠲᠤ | ᠬᠠᠯᠳᠠᠪᠤᠷᠢᠯᠠᠬᠤ ᠦᠭᠡᠢ᠂ ᠤᠴᠢᠷ ᠨᠢ ᠡᠬᠡ ᠶᠢᠨ ᠪᠡᠶ᠎ᠡ ᠳᠤ ᠢᠬᠡᠰ ᠭᠡᠬᠦ ᠮᠠᠰᠢ ᠰᠠᠶᠢᠨ ᠬᠠᠮᠠᠭᠠᠯᠠᠯᠲᠠ ᠶᠢᠨ ᠬᠠᠯᠬᠠᠪᠴᠢ | ᠪᠠᠶᠢᠳᠠᠭ ᠠᠴᠠ ᠬᠡᠪᠡᠯᠢ ᠳᠠᠬᠢ ᠬᠡᠦᠬᠡᠳ ᠲᠤ ᠪᠠᠷᠤᠭ ᠬᠠᠯᠳᠠᠪᠤᠷᠢᠯᠠᠬᠤ ᠦᠭᠡᠢ ᠶᠤᠮ᠃ ᠭᠡᠪᠡᠴᠦ ᠬᠥᠩᠭᠡᠵᠢᠭᠰᠡᠨ ᠤ ᠳᠠᠷᠠᠭ᠎ᠠ | ᠡᠵᠢ ᠨᠢ ᠬᠡᠦᠬᠡᠳ ᠲᠠᠢ ᠪᠠᠨ ᠬᠠᠮᠲᠤ ᠪᠠᠶᠢᠪᠠᠯ ᠲᠤᠰᠠᠭᠠᠷᠯᠠᠬᠤ ᠶᠢ ᠠᠩᠬᠠᠷᠬᠤ ᠬᠡᠷᠡᠭᠲᠡᠢ᠂ ᠡᠵᠢ ᠨᠢ ᠣᠷᠣᠨ ᠵᠠᠢ ᠶᠢᠨ | ᠲᠠᠯ᠎ᠠ ᠪᠠᠷ ᠨᠢᠷᠠᠢ ᠬᠡᠦᠬᠡᠳ ᠠᠴᠠ ᠪᠠᠨ ᠵᠣᠬᠢᠬᠤ ᠬᠡᠮᠵᠢᠶ᠎ᠡ ᠪᠠᠷ ᠲᠤᠰᠠᠭᠠᠷᠯᠠᠬᠤ ᠪᠤᠶᠤ N95 ᠠᠮᠠᠪᠴᠢ ᠵᠡᠭᠦᠪᠡᠯ ᠡᠬᠡ ᠶᠢᠨ | ᠰᠦ ᠪᠠᠨ ᠬᠥᠬᠦᠭᠦᠯᠵᠦ ᠪᠣᠯᠣᠨ᠎ᠠ᠃ ᠵᠢᠷᠮᠦᠰᠦᠨ ᠬᠥᠩᠭᠡᠵᠢᠭᠰᠡᠨ ᠡᠬᠡᠴᠦᠳ ᠬᠠᠯᠠᠭᠤᠷᠠᠬᠤ ᠪᠤᠶᠤ ᠬᠠᠭᠤᠷᠠᠢ ᠪᠠᠷ | ᠬᠠᠨᠢᠶᠠᠯᠭᠠᠬᠤ ᠡᠪᠡᠳᠴᠢᠨ ᠤ ᠢᠯᠡᠷᠡᠯ ᠭᠠᠷᠪᠠᠯ ᠶᠠᠭᠠᠬᠢᠪᠠᠯ ᠵᠣᠬᠢᠬᠤ ᠪᠣᠢ︖ ᠵᠢᠷᠮᠦᠰᠦᠨ ᠬᠥᠩᠭᠡᠵᠢᠭᠰᠡᠨ ᠡᠬᠡᠴᠦᠳ | ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠭᠠᠷᠬᠤ ᠦᠶ᠎ᠡ ᠳᠤ᠂ | ᠪᠥᠭᠡᠮ ᠬᠦᠴᠢᠯ ᠤᠨ ᠪᠠᠶᠢᠴᠠᠭᠠᠯᠲᠠ ᠪᠤᠶᠤ ᠥᠳᠥᠭᠡᠭᠴᠢ ᠶᠢᠨ ᠪᠠᠶᠢᠴᠠᠭᠠᠯᠲᠠ ᠬᠢᠵᠦ᠂ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠮᠥᠨ ᠡᠰᠡᠬᠦ ᠶᠢ ᠲᠣᠳᠣᠯᠠᠵᠤ ᠪᠣᠯᠣᠨ᠎ᠠ᠂ ᠡᠶᠢᠮᠦ ᠠᠴᠠ ᠭᠡᠷ ᠲᠤ ᠪᠠᠨ ᠥᠳᠥᠭᠡᠭᠴᠢ ᠶᠢᠨ ᠪᠠᠶᠢᠴᠠᠭᠠᠯᠲᠠ | ᠬᠢᠪᠡᠯ ᠨᠡᠩ ᠲᠥᠬᠦᠮ ᠪᠠᠶᠢᠳᠠᠭ᠂ ᠭᠡᠪᠡᠴᠦ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠮᠥᠨ ᠡᠰᠡᠬᠦ ᠬᠠᠮᠢᠶ᠎ᠠ ᠦᠭᠡᠢ | ᠡᠪᠡᠳᠴᠢᠨ ᠤ ᠪᠠᠶᠢᠳᠠᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠬᠤ ᠳᠤ ᠪᠠᠨ ᠢᠯᠡᠭᠦᠬᠡᠨ ᠤᠰᠤ ᠤᠤᠭᠤᠯᠭᠠᠬᠤ᠂ | ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠬᠤ ᠪᠠ ᠵᠢᠷᠮᠦᠰᠦᠨ ᠬᠥᠩᠭᠡᠵᠢᠭᠰᠡᠨ ᠡᠬᠡᠴᠦᠳ ᠤᠨ ᠬᠡᠷᠡᠭᠯᠡᠵᠦ ᠪᠣᠯᠬᠤ | ᠬᠢᠲᠠᠳ ᠡᠮ ᠢ ᠰᠣᠩᠭᠤᠵᠤ ᠡᠪᠡᠳᠴᠢᠨ ᠤ ᠢᠯᠡᠷᠡᠯ ᠳᠤ ᠨᠢ ᠲᠠᠭᠠᠷᠠᠭᠤᠯᠵᠤ ᠡᠮᠨᠡᠨ ᠵᠠᠰᠠᠵᠤ ᠪᠣᠯᠣᠨ᠎ᠠ᠃ ᠬᠡᠷᠪᠡ ᠬᠠᠯᠠᠭᠤᠨ ᠢ | ᠪᠠᠭᠤᠷᠠᠭᠤᠯᠬᠤ ᠡᠸᠦ᠋ᠷᠦᠫᠡ ᠡᠮ ᠢ ᠬᠡᠷᠡᠭᠯᠡᠬᠦ ᠳᠤ᠂ 38.5 ᠭᠷᠡᠳᠦ᠋ᠰ ᠠᠴᠠ ᠳᠡᠭᠡᠭᠰᠢ ᠪᠠᠶᠢᠪᠠᠯ ᠫᠠᠷᠠᠽᠧᠲ᠋ᠠᠮᠣᠯ ᠢ ᠰᠣᠩᠭᠤᠨ | ᠬᠡᠷᠡᠭᠯᠡᠵᠦ ᠪᠣᠯᠣᠨ᠎ᠠ᠂ ᠡᠨᠡ ᠨᠢ ᠵᠢᠷᠮᠦᠰᠦᠨ ᠬᠥᠩᠭᠡᠵᠢᠭᠰᠡᠨ ᠡᠬᠡᠴᠦᠳ ᠲᠤ ᠬᠠᠷᠢᠴᠠᠩᠭᠤᠢ ᠠᠶᠤᠯ ᠦᠭᠡᠢ ᠪᠠᠶᠢᠳᠠᠭ᠂ | ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ᠂ ᠬᠠᠯᠠᠭᠤᠨ ᠢ ᠨᠢ ᠪᠠᠭᠤᠷᠠᠭᠤᠯᠬᠤ ᠡᠮ ᠢ ᠬᠡᠷᠡᠭᠯᠡᠬᠦ ᠳᠤ ᠪᠠᠨ ᠨᠢᠭᠡ ᠯᠡ | ᠵᠦᠢᠯ ᠤᠨ ᠡᠮ ᠢ ᠬᠡᠷᠡᠭᠯᠡᠬᠦ ᠠᠴᠠ ᠪᠢᠰᠢ᠂ ᠳᠠᠪᠬᠤᠷᠳᠠᠭᠤᠯᠤᠨ ᠬᠡᠷᠡᠭᠯᠡᠵᠦ ᠪᠣᠯᠬᠤ ᠦᠭᠡᠢ᠂ ᠡᠨᠡ ᠨᠢ ᠡᠯᠢᠭᠡ ᠪᠥᠭᠡᠷᠡᠨ ᠤ | ᠭᠡᠮᠲᠦᠯ ᠢ ᠬᠠᠷᠢᠴᠠᠩᠭᠤᠢ ᠪᠠᠷ ᠪᠠᠭᠠᠰᠬᠠᠵᠤ ᠪᠣᠯᠣᠨ᠎ᠠ᠃ ᠣᠨᠴᠠᠭᠠᠶᠢᠯᠠᠨ ᠵᠢᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ | ᠬᠡᠯᠡᠪᠡᠯ᠂ ᠭᠤᠷᠪᠠᠨ ᠲᠠᠯ᠎ᠠ ᠶᠢᠨ ᠬᠢᠨᠠᠨ ᠰᠢᠨᠵᠢᠯᠡᠯᠲᠡ ᠶᠢ ᠠᠩᠬᠠᠷᠬᠤ ᠬᠡᠷᠡᠭᠲᠡᠢ᠂ ᠡᠨᠡ ᠭᠤᠷᠪᠠᠨ ᠲᠠᠯ᠎ᠠ ᠶᠢᠨ ᠬᠢᠨᠠᠨ | ᠰᠢᠨᠵᠢᠯᠡᠯᠲᠡ ᠨᠢ ᠳᠠᠷᠤᠢ ᠪᠡᠶ᠎ᠡ ᠶᠢᠨ ᠳᠤᠯᠠᠭᠠᠨ᠂ ᠵᠢᠷᠦᠬᠡᠨ ᠤ ᠴᠣᠬᠢᠯᠭ᠎ᠠ ᠪᠠ ᠴᠢᠰᠤᠨ ᠳᠠᠷᠤᠯᠲᠠ ᠪᠣᠯᠣᠨ᠎ᠠ᠃ ᠡᠶᠢᠮᠦ ᠠᠴᠠ | ᠵᠢᠷᠮᠦᠰᠦᠨ ᠬᠥᠩᠭᠡᠵᠢᠭᠰᠡᠨ ᠡᠬᠡᠴᠦᠳ ᠡᠷᠬᠡᠪᠰᠢ ᠪᠡᠶ᠎ᠡ ᠶᠢᠨ ᠳᠤᠯᠠᠭᠠᠨ ᠤ ᠬᠡᠮᠵᠢᠭᠦᠷ᠂ ᠵᠢᠷᠦᠬᠡᠨ ᠤ ᠴᠣᠬᠢᠯᠭ᠎ᠠ ᠪᠠ ᠴᠢᠰᠤᠨ | ᠳᠠᠷᠤᠯᠲᠠ ᠶᠢ ᠬᠢᠨᠠᠨ ᠰᠢᠨᠵᠢᠯᠡᠬᠦ ᠪᠠᠭᠠᠵᠢ ᠪᠡᠯᠡᠳᠬᠡᠬᠦ ᠬᠡᠷᠡᠭᠲᠡᠢ᠃ ᠪᠠᠰᠠ ᠥᠪᠡᠷ ᠤᠨ ᠦᠨᠳᠦᠰᠦᠨ ᠴᠢᠰᠤᠨ ᠳᠠᠷᠤᠯᠲᠠ ᠶᠢᠨ | ᠪᠠᠶᠢᠴᠠᠭᠠᠯᠲᠠ ᠬᠢᠬᠦ ᠬᠡᠷᠡᠭᠲᠡᠢ᠂ ᠢᠩᠭᠢᠪᠡᠯ ᠴᠢᠰᠤᠨ ᠳᠠᠷᠤᠯᠲᠠ ᠨᠢ ᠬᠡᠪ ᠤᠨ ᠪᠤᠰᠤ ᠪᠠᠶᠢᠳᠠᠯ ᠢᠯᠡᠷᠡᠪᠡᠯ ᠨᠡᠯᠢᠶᠡᠳ ᠡᠷᠲᠡ | ᠰᠡᠷᠡᠵᠦ ᠮᠡᠳᠡᠵᠦ ᠪᠣᠯᠣᠨ᠎ᠠ᠃ ᠣᠨᠴᠠᠭᠠᠶᠢᠯᠠᠨ ᠠᠩᠬᠠᠷᠤᠭᠤᠰᠢᠲᠠᠢ ᠵᠦᠢᠯ ᠭᠡᠪᠡᠯ᠂ ᠵᠢᠷᠮᠦᠰᠦᠨ ᠤ ᠰᠡᠭᠦᠯᠴᠢ ᠶᠢᠨ | ᠬᠤᠭᠤᠴᠠᠭᠠᠨ ᠤ ᠵᠢᠷᠮᠦᠰᠦᠨ ᠬᠥᠩᠭᠡᠵᠢᠭᠰᠡᠨ ᠡᠬᠡᠴᠦᠳ ᠪᠠᠰᠠ ᠬᠡᠦᠬᠡᠢ ᠶᠢᠨ ᠬᠥᠳᠡᠯᠦᠯ ᠤᠨ ᠬᠢᠨᠠᠨ ᠰᠢᠨᠵᠢᠯᠡᠯᠲᠡ ᠶᠢ | ᠠᠩᠬᠠᠷᠴᠤ᠂ ᠵᠢᠷᠮᠦᠰᠦᠨ ᠤ ᠰᠡᠭᠦᠯᠴᠢ ᠶᠢᠨ ᠬᠤᠭᠤᠴᠠᠭᠠᠨ ᠤ ᠬᠡᠦᠬᠡᠢ ᠶᠢᠨ ᠬᠥᠳᠡᠯᠦᠯ ᠢ ᠡᠳᠦᠷ ᠪᠦᠷᠢ ᠨᠢᠭᠡ ᠴᠠᠭ ᠬᠢᠨᠠᠨ | ᠰᠢᠨᠵᠢᠯᠡᠵᠦ᠂ ᠴᠠᠭ ᠪᠦᠷᠢ ᠭᠤᠷᠪᠠ ᠠᠴᠠ ᠳᠡᠭᠡᠭᠰᠢ ᠤᠳᠠᠭᠠᠨ ᠤ ᠬᠡᠦᠬᠡᠢ ᠶᠢᠨ ᠬᠥᠳᠡᠯᠦᠯ ᠲᠠᠢ ᠪᠠᠶᠢᠬᠤ ᠬᠡᠷᠡᠭᠲᠡᠢ᠃ ᠬᠡᠷᠪᠡ | ᠦᠷᠭᠦᠯᠵᠢᠯᠡᠨ 3 ᠡᠳᠦᠷ ᠠᠴᠠ ᠳᠡᠭᠡᠭᠰᠢ ᠬᠠᠯᠠᠭᠤᠷᠠᠬᠤ ᠡᠪᠡᠳᠴᠢᠨ ᠤ ᠢᠯᠡᠷᠡᠯ ᠲᠠᠢ ᠪᠥᠭᠡᠳ ᠬᠠᠯᠠᠭᠤᠨ ᠢ ᠪᠠᠭᠤᠷᠠᠭᠤᠯᠬᠤ | ᠡᠮ ᠬᠡᠷᠡᠭᠯᠡᠭᠡᠳ ᠨᠠᠮᠳᠠᠬᠤ ᠦᠭᠡᠢ ᠪᠤᠶᠤ ᠬᠡᠦᠬᠡᠢ ᠶᠢᠨ ᠬᠥᠳᠡᠯᠦᠯ ᠦᠭᠡᠢ᠂ ᠴᠡᠭᠡᠵᠢ ᠡᠪᠡᠳᠬᠦ᠂ ᠴᠡᠭᠡᠵᠢ ᠪᠠᠭᠲᠠᠷᠠᠬᠤ᠂ | ᠭᠡᠳᠡᠰᠦ ᠡᠪᠡᠳᠬᠦ ᠵᠡᠷᠭᠡ ᠪᠠᠶᠢᠳᠠᠯ ᠢᠯᠡᠷᠡᠪᠡᠯ᠂ ᠴᠠᠭ ᠲᠤᠬᠠᠢ ᠳᠤ ᠨᠢ ᠡᠬᠡ ᠪᠠᠷᠢᠬᠤ ᠪᠠᠶᠢᠭᠤᠯᠤᠮᠵᠢ ᠲᠠᠢ ᠬᠠᠷᠢᠯᠴᠠᠵᠤ᠂ ᠴᠠᠭ | ᠲᠤᠬᠠᠢ ᠳᠤ ᠨᠢ ᠡᠮᠴᠢᠯᠡᠭᠦᠯᠬᠦ ᠬᠡᠷᠡᠭᠲᠡᠢ᠃ ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ ᠬᠠᠯᠳᠠᠪᠤᠷᠢᠯᠠᠭᠰᠠᠳ | ᠪᠤᠶᠤ ᠨᠢᠭᠲᠠ ᠣᠶᠢᠷᠠᠲᠤᠭᠰᠠᠳ ᠭᠠᠷᠪᠠᠯ ᠶᠠᠭᠠᠬᠢᠬᠤ ᠪᠤᠢ︖ ᠵᠢᠷᠮᠦᠰᠦᠨ ᠬᠥᠩᠭᠡᠵᠢᠭᠰᠡᠨ ᠡᠬᠡᠴᠦᠳ ᠤᠨ ᠳᠡᠷᠭᠡᠳᠡ ᠬᠡᠷᠪᠡ | ᠬᠠᠯᠳᠠᠪᠤᠷᠢᠯᠠᠭᠰᠠᠳ ᠭᠠᠷᠪᠠᠯ᠂ ᠠᠶᠤᠵᠤ ᠰᠠᠨᠳᠤᠷᠤᠭᠰᠠᠨ ᠤ ᠬᠡᠷᠡᠭ ᠦᠭᠡᠢ᠃ ᠬᠡᠷᠪᠡ ᠭᠡᠷ ᠤᠨ ᠬᠥᠮᠥᠰ ᠨᠢ | ᠬᠠᠯᠳᠠᠪᠤᠷᠢᠯᠠᠭᠳᠠᠭᠰᠠᠨ ᠪᠠᠶᠢᠪᠠᠯ᠂ ᠭᠤᠣᠯᠳᠠᠭᠤ ᠭᠡᠷ ᠪᠦᠯᠢ ᠶᠢᠨ ᠨᠥᠬᠦᠴᠡᠯ ᠠᠴᠠ ᠪᠠᠨ ᠡᠭᠦᠰᠦᠨ᠂ ᠠᠯᠢ ᠴᠢᠳᠠᠬᠤ ᠪᠠᠷ | ᠣᠷᠣᠨ ᠵᠠᠢ ᠶᠢᠨ ᠲᠠᠯ᠎ᠠ ᠪᠠᠷ ᠬᠠᠷᠢᠴᠠᠩᠭᠤᠢ ᠲᠤᠰᠠᠭᠠᠷᠯᠠᠵᠤ᠂ ᠬᠠᠮᠲᠤ ᠬᠤᠭᠤᠯᠠᠯᠠᠬᠤ ᠦᠭᠡᠢ᠂ ᠠᠮᠢᠳᠤᠷᠠᠯ ᠤᠨ ᠡᠳ᠋ | ᠪᠣᠳᠠᠰ ᠢᠶᠠᠨ ᠠᠯᠢ ᠴᠢᠳᠠᠬᠤ ᠪᠠᠷ ᠰᠠᠯᠭᠠᠵᠤ᠂ ᠡᠷᠡᠭᠦᠯ ᠬᠠᠮᠠᠭᠠᠯᠠᠯ ᠤᠨ ᠦᠷᠦᠭᠡ ᠪᠠᠨ ᠠᠷᠢᠭᠤᠳᠬᠠᠨ ᠴᠡᠪᠡᠷᠯᠡᠵᠦ᠂ | ᠶᠡᠷᠦ ᠶᠢᠨ ᠦᠶ᠎ᠡ ᠳᠤ ᠠᠮᠢᠳᠤᠷᠠᠬᠤ ᠣᠷᠴᠢᠨ ᠳᠤ ᠪᠠᠨ ᠠᠯᠢ ᠴᠢᠳᠠᠬᠤ ᠪᠠᠷ ᠠᠭᠠᠷ ᠰᠠᠯᠬᠢ ᠨᠡᠪᠲᠡᠷᠡᠭᠦᠯᠬᠦ ᠶᠢ ᠠᠩᠬᠠᠷᠬᠤ | ᠬᠡᠷᠡᠭᠲᠡᠢ᠃ ᠬᠡᠷᠪᠡ ᠬᠠᠮᠲᠤ ᠠᠵᠢᠯᠯᠠᠭᠰᠠᠳ ᠲᠤ ᠨᠢ ᠠᠷᠭ᠎ᠠ ᠴᠢᠨᠠᠷ ᠢᠯᠡᠷᠡᠪᠡᠯ᠂ ᠭᠡᠷ ᠲᠤ ᠪᠠᠨ ᠠᠵᠢᠯᠯᠠᠬᠤ ᠪᠣᠯᠣᠮᠵᠢ | ᠪᠠᠶᠢᠪᠠᠯ ᠬᠠᠮᠤᠭ ᠤᠨ ᠰᠠᠶᠢᠨ᠂ ᠬᠡᠷᠪᠡ ᠠᠵᠢᠯ ᠤᠨ ᠬᠡᠷᠡᠭᠴᠡᠭᠡ ᠠᠴᠠ ᠪᠣᠯᠵᠤ ᠵᠠᠪᠠᠯ ᠬᠠᠮᠲᠤ ᠶᠢᠨ ᠣᠷᠣᠨ ᠵᠠᠢ ᠳᠤ | ᠠᠵᠢᠯᠯᠠᠬᠤ ᠱᠠᠭᠠᠷᠳᠠᠯᠭ᠎ᠠ ᠲᠠᠢ ᠪᠣᠯ᠂ ᠮᠥᠨ ᠴᠦ ᠠᠵᠢᠯᠯᠠᠬᠤ ᠣᠷᠴᠢᠨ ᠤ ᠪᠠᠨ ᠠᠭᠠᠷ ᠰᠠᠯᠬᠢ ᠨᠡᠪᠲᠡᠷᠡᠭᠦᠯᠬᠦ ᠶᠢ | ᠣᠨᠴᠠᠭᠠᠶᠢᠯᠠᠨ ᠠᠩᠬᠠᠷᠬᠤ ᠬᠡᠷᠡᠭᠲᠡᠢ᠃ ᠡᠭᠦᠨ ᠠᠴᠠ ᠭᠠᠳᠠᠨ᠎ᠠ ᠡᠷᠬᠡᠪᠰᠢ N95 ᠠᠮᠠᠪᠴᠢ ᠵᠡᠭᠦᠬᠦ ᠬᠡᠷᠡᠭᠲᠡᠢ᠂ ᠡᠨᠡ ᠨᠢ | ᠮᠠᠰᠢ ᠴᠢᠬᠤᠯᠠ ᠪᠠᠶᠢᠳᠠᠭ᠃ ᠦᠨᠡᠨ ᠳᠤ ᠪᠠᠨ ᠵ᠊ ᠵᠷᠮᠦᠰᠦᠨ ᠬᠥᠩᠭᠡᠵᠢᠭᠰᠡᠨ ᠡᠬᠡᠴᠦᠳ ᠲᠤ ᠠᠪᠴᠤ ᠬᠡᠯᠡᠪᠡᠯ ᠤᠷᠢᠳᠴᠢᠯᠠᠨ | ᠰᠡᠷᠭᠡᠶᠢᠯᠡᠬᠦ ᠨᠢ ᠬᠠᠮᠤᠭ ᠠᠴᠠ ᠴᠢᠬᠤᠯᠠ ᠶᠤᠮ᠃ ᠬᠡᠦᠬᠡᠳ ᠬᠡᠦᠬᠡᠳ ᠲᠠᠢ ᠭᠡᠷ ᠪᠦᠯᠢ ᠶᠢᠨ ᠬᠢᠨ ᠶᠠᠮᠠᠷ ᠡᠮ ᠨᠥᠭᠡᠴᠡᠯᠡᠵᠦ | ᠪᠣᠯᠬᠤ ᠪᠤᠢ︖ ᠬᠡᠦᠬᠡᠳ ᠲᠠᠢ ᠭᠡᠷ ᠪᠦᠯᠢ ᠶᠢᠨ ᠬᠢᠨ ᠬᠡᠦᠬᠡᠳ ᠤᠨ ᠦᠷᠭᠦᠯᠵᠢ ᠬᠡᠷᠡᠭᠯᠡᠳᠡᠭ ᠪᠠᠴᠢᠮ ᠡᠪᠡᠳᠴᠢᠨ ᠢ | ᠠᠷᠭᠠᠴᠠᠭᠠᠬᠤ ᠡᠮ ᠢ ᠵᠣᠬᠢᠬᠤ ᠬᠡᠮᠵᠢᠶ᠎ᠡ ᠪᠠᠷ ᠨᠥᠭᠡᠴᠡᠯᠡᠪᠡᠯ ᠵᠣᠬᠢᠨ᠎ᠠ᠂ ᠭᠡᠬᠦ ᠳᠤ ᠪᠠᠨ ᠣᠯᠠᠨ ᠵᠦᠢᠯ ᠤᠨ ᠡᠮ ᠨᠥᠭᠡᠴᠡᠯᠡᠬᠦ | ᠱᠠᠭᠠᠷᠳᠠᠯᠭ᠎ᠠ ᠦᠭᠡᠢ᠂ ᠣᠯᠠᠨ ᠵᠦᠢᠯ ᠤᠨ ᠡᠮ ᠨᠥᠭᠡᠴᠡᠯᠡᠭᠰᠡᠨ ᠴᠦ ᠵᠣᠬᠢᠰ ᠦᠭᠡᠢ ᠬᠠᠳᠠᠭᠠᠯᠠᠭᠰᠠᠨ ᠠᠴᠠ ᠪᠣᠯᠵᠤ ᠬᠡᠦᠬᠡᠳ | ᠪᠤᠷᠤᠭᠤ ᠡᠮ ᠢ ᠠᠳᠡᠭᠦᠷᠡᠨ ᠬᠡᠷᠡᠭᠯᠡᠵᠦ ᠮᠡᠳᠡᠨ᠎ᠡ᠃ ᠨᠥᠭᠡᠴᠡᠯᠡᠬᠦ ᠴᠢᠬᠤᠯᠠᠲᠠᠢ ᠡᠮ ᠠᠴᠠ ᠲᠠᠨᠢᠯᠴᠠᠭᠤᠯᠪᠠᠯ᠂ ᠨᠢᠭᠡᠳᠦᠭᠡᠷ | ᠲᠥᠷᠥᠯ ᠨᠢ ᠬᠠᠯᠠᠭᠤᠨ ᠢ ᠪᠠᠭᠤᠷᠠᠭᠤᠯᠬᠤ ᠡᠮ᠂ ᠬᠡᠦᠬᠡᠳ ᠬᠠᠯᠠᠭᠤᠷᠠᠬᠤ ᠨᠢ ᠦᠷᠭᠦᠯᠵᠢ ᠲᠣᠬᠢᠶᠠᠯᠳᠤᠳᠠᠭ ᠶᠠᠪᠤᠳᠠᠯ ᠪᠠᠶᠢᠵᠤ | ᠂ 6 ᠰᠠᠷ᠎ᠠ ᠠᠴᠠ ᠳᠡᠭᠡᠭᠰᠢᠬᠢ ᠬᠡᠦᠬᠡᠳ ᠲᠤ ᠪᠢᠳᠡ ᠢᠪᠦ᠋ᠫᠷᠣᠹᠧᠨ᠂ ᠫᠠᠷᠠᠽᠧᠲ᠋ᠠᠮᠣᠯ ᠢ ᠰᠣᠩᠭᠤᠵᠤ ᠪᠣᠯᠣᠨ᠎ᠠ᠂ ᠡᠭᠦᠨ ᠤ | ᠳᠣᠲᠣᠷ᠎ᠠ ᠠᠴᠠ ᠨᠢᠭᠡ ᠵᠦᠢᠯ ᠨᠢ ᠪᠠᠶᠢᠪᠠᠯ ᠪᠣᠯᠴᠢᠬᠠᠨ᠎ᠠ᠃ 2 ᠰᠠᠷ᠎ᠠ ᠠᠴᠠ 6 ᠰᠠᠷ᠎ᠠ ᠲᠠᠢ ᠬᠡᠦᠬᠡᠳ ᠲᠤ ᠢᠪᠦ᠋ᠫᠷᠣᠹᠧᠨ ᠢ | ᠬᠡᠷᠡᠭᠯᠡᠬᠦ ᠳᠤ ᠲᠣᠬᠢᠷᠠᠮᠵᠢ ᠦᠭᠡᠢ ᠤᠴᠢᠷ ᠠᠴᠠ ᠫᠠᠷᠠᠽᠧᠲ᠋ᠠᠮᠣᠯ ᠢ ᠰᠣᠩᠭᠤᠵᠤ ᠪᠣᠯᠣᠨ᠎ᠠ᠃ ᠬᠤᠶᠠᠷ ᠰᠠᠷ᠎ᠠ ᠠᠴᠠ ᠪᠠᠭ᠎ᠠ | ᠨᠢᠷᠠᠢ ᠬᠡᠦᠬᠡᠳ ᠲᠤ ᠬᠠᠯᠠᠭᠤᠨ ᠢ ᠪᠠᠭᠤᠷᠠᠭᠤᠯᠬᠤ ᠡᠩ ᠤᠨ ᠡᠮ ᠬᠡᠷᠡᠭᠯᠡᠬᠦ ᠶᠢ ᠵᠥᠪᠯᠡᠬᠦ ᠦᠭᠡᠢ᠂ ᠹᠢᠽᠢᠺ ᠤᠨ ᠠᠷᠭ᠎ᠠ ᠪᠠᠷ | ᠬᠠᠯᠠᠭᠤᠨ ᠢ ᠨᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠭ ᠲᠤᠬᠠᠢ ᠳᠤ ᠨᠢ ᠡᠮᠴᠢᠯᠡᠭᠦᠯᠬᠦ ᠬᠡᠷᠡᠭᠲᠡᠢ᠃ | ᠪᠠᠰᠠ ᠬᠠᠯᠠᠭᠤᠷᠠᠬᠤ᠂ ᠬᠠᠨᠢᠶᠠᠯᠭᠠᠬᠤ ᠮᠡᠲᠦ ᠶᠢᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠪᠠᠶᠢᠳᠠᠯ ᠢ ᠰᠡᠷᠭᠡᠶᠢᠯᠡᠬᠦ ᠳᠤ | ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠡᠮ ᠨᠥᠭᠡᠴᠡᠯᠡᠵᠦ ᠪᠣᠯᠣᠨ᠎ᠠ᠃ ᠬᠠᠨᠢᠶᠠᠯᠭᠠᠬᠤ ᠨᠢ ᠠᠮᠢᠰᠬᠤᠯ ᠤᠨ | ᠵᠠᠮ ᠤᠨ ᠰᠢᠭᠦᠷᠡᠳᠡᠰᠦ ᠶᠢ ᠭᠠᠳᠠᠭᠰᠢᠯᠠᠭᠤᠯᠬᠤ ᠳᠤ ᠲᠤᠰᠠᠲᠠᠢ ᠪᠠᠶᠢᠵᠤ᠂ ᠬᠡᠦᠬᠡᠳ ᠬᠡᠷᠪᠡ ᠬᠥᠩᠭᠡᠨ ᠬᠠᠨᠢᠶᠠᠯᠭᠠᠵᠤ ᠪᠠᠶᠢᠪᠠᠯ | ᠡᠮ ᠬᠡᠷᠡᠭᠯᠡᠬᠦ ᠶᠢ ᠵᠥᠪᠯᠡᠬᠦ ᠦᠭᠡᠢ᠂ ᠬᠡᠷᠪᠡ ᠬᠠᠮᠠᠷ ᠨᠢ ᠪᠢᠲᠡᠭᠦᠷᠡᠵᠦ᠂ ᠰᠢᠷᠦᠭᠦᠨ ᠬᠠᠨᠢᠶᠠᠯᠭᠠᠪᠠᠯ ᠤᠲᠤᠯᠭ᠎ᠠ ᠬᠢᠵᠦ᠂ | ᠬᠠᠮᠠᠷ ᠢ ᠨᠢ ᠤᠬᠢᠶᠠᠵᠤ ᠪᠣᠯᠣᠨ᠎ᠠ᠃ ᠡᠶᠢᠮᠦ ᠠᠴᠠ ᠭᠡᠷ ᠲᠤ ᠪᠠᠨ ᠴᠢᠭᠢᠭᠲᠦᠴᠡ ᠨᠡᠮᠡᠭᠳᠡᠭᠦᠯᠦᠭᠴᠢ ᠬᠡᠷᠡᠭᠯᠡᠨ ᠠᠭᠠᠷ ᠤᠨ | ᠴᠢᠭᠢᠭᠲᠦᠴᠡ ᠶᠢ ᠨᠡᠮᠡᠭᠳᠡᠭᠦᠯᠵᠦ ᠪᠣᠯᠣᠨ᠎ᠠ᠂ ᠢᠩᠭᠢᠪᠡᠯ ᠬᠡᠦᠬᠡᠳ ᠲᠤ ᠢᠯᠡᠭᠦᠦ ᠲᠠᠭᠠᠯᠠᠮᠵᠢ ᠲᠠᠢ ᠪᠣᠯᠬᠤ ᠪᠣᠯᠣᠨ᠎ᠠ᠃ | ᠰᠢᠷᠦᠭᠦᠨ ᠬᠠᠨᠢᠶᠠᠯᠭᠠᠪᠠᠯ ᠪᠢᠳᠡ ᠬᠠᠯᠠᠭᠤᠨ ᠢ ᠲᠠᠭᠤᠵᠤ ᠴᠡᠷ ᠢ ᠠᠷᠢᠯᠭᠠᠬᠤ ᠬᠢᠲᠠᠳ ᠪᠡᠯᠡᠨ ᠡᠮ ᠪᠡᠯᠡᠳᠬᠡᠵᠦ ᠪᠣᠯᠣᠨ᠎ᠠ᠂ | ᠡᠭᠦᠨ ᠳᠤ ᠬᠡᠦᠬᠡᠳ ᠤᠨ ᠨᠠᠰᠤ ᠶᠢ ᠦᠨᠳᠦᠰᠦᠯᠡᠨ᠂ ᠨᠠᠰᠤᠨ ᠳᠤ ᠨᠢ ᠲᠣᠬᠢᠷᠠᠬᠤ ᠡᠮ ᠬᠡᠷᠡᠭᠯᠡᠪᠡᠯ ᠪᠣᠯᠴᠢᠬᠠᠨ᠎ᠠ᠃ ᠭᠡᠪᠡᠴᠦ | ᠬᠤᠶᠠᠷ ᠪᠤᠶᠤ ᠲᠡᠭᠦᠨ ᠠᠴᠠ ᠳᠡᠭᠡᠭᠰᠢ ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠦᠭᠡᠢ ᠪᠠᠶᠢᠬᠤ ᠶᠢ ᠰᠠᠨᠠᠭᠤᠯᠵᠤ | ᠪᠠᠶᠢᠨ᠎ᠠ᠃ ᠬᠡᠦᠬᠡᠳ ᠲᠤ ᠡᠮ ᠬᠡᠷᠡᠭᠯᠡᠬᠦ ᠳᠤ ᠶᠠᠮᠠᠷ ᠶᠠᠮᠠᠷ ᠠᠩᠬᠠᠷᠬᠤ ᠵᠦᠢᠯ ᠪᠠᠶᠢᠬᠤ ᠪᠣᠢ︖ ᠬᠡᠦᠬᠡᠳ ᠲᠤ ᠡᠮ | ᠬᠡᠷᠡᠭᠯᠡᠬᠦ ᠳᠤ ᠪᠠᠰᠠ ᠠᠩᠬᠠᠷᠬᠤ ᠵᠦᠢᠯ ᠪᠠᠶᠢᠳᠠᠭ᠂ ᠵᠢᠱᠢᠶᠡᠯᠡᠪᠡᠯ ᠬᠠᠯᠠᠭᠤᠨ ᠢ ᠪᠠᠭᠤᠷᠠᠭᠤᠯᠬᠤ ᠡᠮ ᠶᠢ ᠬᠡᠷᠡᠭᠯᠡᠬᠦ ᠳᠤ ᠪᠠᠨ᠂ | ᠬᠤᠶᠠᠷ ᠵᠦᠢᠯ ᠤᠨ ᠡᠮ ᠢ ᠬᠠᠮᠲᠤ ᠳᠤ ᠨᠢ ᠤᠤᠭᠤᠯᠭᠠᠵᠤ ᠪᠣᠯᠬᠤ ᠦᠭᠡᠢ᠂ ᠪᠠᠰᠠ ᠡᠭᠡᠯᠵᠢᠯᠡᠨ ᠤᠤᠭᠤᠬᠤ ᠴᠢᠬᠤᠯᠠ ᠦᠭᠡᠢ | ᠃ ᠲᠣᠳᠣᠷᠬᠠᠶᠢᠯᠠᠯᠲᠠ ᠶᠢᠨ ᠪᠢᠴᠢᠭ ᠲᠤ ᠨᠢ ᠵᠢᠭᠠᠭᠰᠠᠨ ᠲᠣᠬᠢᠷᠠᠬᠤ ᠨᠠᠰᠤᠨ ᠤ ᠠᠩᠭᠢᠯᠠᠯ ᠰᠠᠨᠠᠭᠤᠯᠵᠤ ᠪᠠᠶᠢᠭ᠎ᠠ ᠲᠤᠩ | ᠬᠡᠮᠵᠢᠶ᠎ᠡ ᠪᠤᠶᠤ ᠡᠮᠴᠢ ᠶᠢᠨ ᠵᠢᠭᠠᠪᠤᠷᠢ ᠪᠠᠷ ᠡᠮ ᠬᠡᠷᠡᠭᠯᠡᠬᠦ ᠶᠢᠨ ᠬᠠᠮᠲᠤ ᠤᠳᠠᠭ᠎ᠠ ᠪᠦᠷᠢ ᠶᠢᠨ ᠬᠤᠭᠤᠷᠣᠨᠳᠤᠬᠢ ᠠᠯᠤᠰᠯᠠᠬᠤ | ᠴᠠᠭ ᠢ ᠠᠩᠬᠠᠷᠬᠤ ᠬᠡᠷᠡᠭᠲᠡᠢ᠃ ᠭᠡᠷ ᠤᠨ ᠠᠬᠠᠮᠠᠳ ᠥᠪᠡᠷ ᠤᠨ ᠲᠤᠷᠰᠢᠯᠭ᠎ᠠ ᠪᠤᠶᠤ ᠲᠠᠭᠠᠮᠠᠭᠯᠠᠯ ᠢᠶᠠᠷ ᠢᠶᠠᠨ | ᠬᠡᠦᠬᠡᠳ ᠲᠤ ᠪᠠᠨ ᠡᠮ ᠬᠡᠷᠡᠭᠯᠡᠵᠦ ᠪᠣᠯᠬᠤ ᠦᠭᠡᠢ᠂ ᠤᠴᠢᠷ ᠨᠢ ᠬᠡᠦᠬᠡᠳ ᠤᠨ ᠡᠷᠬᠡᠲᠡᠨ ᠤ ᠪᠤᠶᠢᠵᠢᠯᠲᠠ ᠨᠢ ᠲᠡᠳᠦᠢ | ᠪᠣᠯᠪᠠᠰᠤᠷᠠᠩᠭᠤᠢ ᠪᠢᠰᠢ ᠪᠣᠯᠬᠤᠷ ᠡᠮ ᠬᠡᠷᠡᠭᠯᠡᠬᠦ ᠳᠤ ᠪᠠᠨ ᠨᠡᠩ ᠳᠦᠷᠢᠮᠵᠢᠭᠦᠨ ᠪᠥᠭᠡᠳ ᠪᠣᠯᠭᠤᠮᠵᠢᠲᠠᠢ ᠪᠠᠶᠢᠬᠤ ᠬᠡᠷᠡᠭᠲᠡᠢ᠃ | ᠣᠳᠣ ᠮᠠᠰᠢ ᠣᠯᠠᠨ ᠡᠮᠨᠡᠯᠭᠡ ᠶᠢᠨ ᠬᠤᠷᠢᠶ᠎ᠠ ᠨᠢ ᠪᠦᠷ ᠢᠨᠲ᠋ᠧᠷ ᠰᠦᠯᠵᠢᠶᠡᠨ ᠤ ᠡᠮᠴᠢᠯᠡᠭᠡ ᠶᠢ ᠨᠡᠪᠲᠡᠷᠡᠭᠦᠯᠪᠡ᠂ ᠥᠪᠡᠷ ᠢᠶᠠᠨ | ᠰᠢᠢᠳᠴᠦ ᠴᠢᠳᠠᠬᠤ ᠦᠭᠡᠢ ᠦᠶ᠎ᠡ ᠳᠤ᠂ ᠪᠢᠳᠡ ᠪᠠᠰᠠ ᠠᠯᠤᠰ ᠵᠠᠢ ᠠᠴᠠ ᠡᠮᠴᠢᠯᠡᠭᠦᠯᠬᠦ ᠪᠠᠷ ᠳᠠᠮᠵᠢᠨ ᠲᠤᠰᠬᠠᠢ | ᠮᠡᠷᠭᠡᠵᠢᠯᠲᠡᠨ ᠤ ᠡᠮ ᠬᠡᠷᠡᠭᠯᠡᠬᠦ ᠵᠢᠯᠣᠭᠤᠳᠤᠯᠭ᠎ᠠ ᠰᠠᠨᠠᠭᠤᠯᠭ᠎ᠠ ᠶᠢ ᠠᠪᠴᠤ ᠪᠣᠯᠣᠨ᠎ᠠ᠃ ᠬᠡᠦᠬᠡᠳ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠶᠠᠮᠠᠷ ᠢᠯᠡᠷᠡᠯ ᠲᠠᠢ ᠪᠣᠢ︖ ᠬᠡᠦᠬᠡᠳ ᠤᠨ ᠰᠢᠨ᠎ᠡ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭᠠᠬᠢ ᠢᠯᠡᠷᠡᠯ ᠨᠢ ᠲᠣᠮᠣ ᠬᠥᠮᠥᠨ ᠤ ᠬᠢ ᠲᠠᠢ ᠠᠳᠠᠯᠢᠪᠲᠤᠷ ᠪᠠᠶᠢᠵᠤ᠂ ᠮᠥᠨ | ᠴᠦ ᠭᠤᠣᠯᠳᠠᠭᠤ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠢᠯᠡᠷᠡᠯ ᠪᠣᠯᠣᠨ᠎ᠠ᠃ ᠡᠭᠦᠨ ᠳᠤ ᠬᠠᠯᠠᠭᠤᠷᠠᠬᠤ᠂ | ᠬᠠᠨᠢᠶᠠᠯᠭᠠᠬᠤ᠂ ᠨᠢᠰᠤ ᠭᠤᠭᠤᠵᠢᠬᠤ᠂ ᠬᠠᠮᠠᠷ ᠪᠢᠲᠡᠭᠦᠷᠡᠬᠦ ᠵᠡᠷᠭᠡ ᠢᠯᠡᠷᠡᠯ ᠭᠠᠷᠴᠤ᠂ ᠡᠨᠡ ᠨᠢ ᠣᠯᠠᠩᠬᠢ ᠬᠡᠦᠬᠡᠳ ᠤᠨ | ᠢᠯᠡᠷᠡᠯ ᠪᠣᠯᠣᠨ᠎ᠠ᠃ ᠪᠠᠰᠠ ᠨᠢᠭᠡ ᠪᠦᠯᠦᠭ ᠨᠢ ᠲᠠᠮᠢᠷᠳᠠᠬᠤ᠂ ᠬᠤᠭᠤᠯᠠᠨ ᠤ ᠳᠤᠷᠠᠰᠢᠯ ᠮᠠᠭᠤᠳᠠᠬᠤ᠂ ᠪᠥᠭᠡᠯᠵᠢᠬᠦ᠂ | ᠴᠢᠨᠠᠭᠰᠢᠯᠠᠪᠠᠯ ᠰᠠᠭᠤᠯᠭᠠᠬᠤ ᠵᠡᠷᠭᠡ ᠨᠡᠶᠢᠲᠡᠯᠢᠭ ᠪᠤᠰᠤ ᠡᠪᠡᠳᠴᠢᠨ ᠤ ᠢᠯᠡᠷᠡᠯ ᠲᠠᠢ ᠪᠠᠶᠢᠳᠠᠭ᠃ ᠪᠠᠰᠠ ᠵᠠᠷᠢᠮ ᠬᠡᠦᠬᠡᠳ ᠤᠨ | ᠠᠮᠢᠰᠬᠤᠭ᠎ᠠ ᠨᠢ ᠳᠠᠪᠬᠤᠴᠠᠵᠤ᠂ ᠳᠠᠭᠤ ᠨᠢ ᠰᠥᠭᠡᠩᠭᠢ ᠪᠣᠯᠬᠤ ᠵᠡᠷᠭᠡ ᠪᠠᠶᠢᠳᠠᠯ ᠢᠯᠡᠷᠡᠨ᠎ᠡ᠃ ᠭᠡᠪᠡᠴᠦ ᠬᠡᠦᠬᠡᠳ ᠤᠳ ᠤᠨ | ᠬᠠᠯᠠᠭᠤᠷᠠᠬᠤ ᠬᠡᠮᠵᠢᠶᠡᠨ ᠤ ᠵᠥᠷᠢᠶ᠎ᠡ ᠨᠢ ᠨᠡᠯᠢᠶᠡᠳ ᠶᠡᠭᠡ ᠪᠠᠶᠢᠵᠤ᠂ ᠵᠠᠷᠢᠮ ᠬᠡᠦᠬᠡᠳ ᠨᠢ ᠨᠡᠯᠢᠶᠡᠳ ᠥᠨᠳᠥᠷ ᠬᠠᠯᠠᠭᠤᠷᠠᠵᠤ᠂ | ᠴᠢᠨᠠᠭᠰᠢᠯᠠᠪᠠᠯ 39 ᠭᠷᠡᠳᠦ᠋ᠰ ᠢ ᠳᠠᠪᠠᠨ᠂ 40 ᠭᠷᠡᠳᠦ᠋ᠰ ᠴᠦ ᠬᠦᠷᠴᠦ ᠮᠠᠭᠠᠳ᠂ ᠭᠡᠪᠡᠴᠦ ᠲᠡᠳᠡᠨ ᠤ ᠬᠠᠯᠠᠭᠤᠷᠠᠬᠤ | ᠬᠤᠭᠤᠴᠠᠭ᠎ᠠ ᠨᠢ ᠶᠡᠷᠦ ᠳᠤ ᠪᠠᠨ 2 ᠠᠴᠠ 3 ᠡᠳᠦᠷ ᠪᠠᠶᠢᠳᠠᠭ᠃ ᠪᠢᠳᠡᠨ ᠤ ᠣᠳᠣᠬᠠᠨ ᠤ ᠠᠵᠢᠭᠯᠠᠯᠲᠠ ᠪᠠᠷ 2 ᠠᠴᠠ 3 | ᠡᠳᠦᠷ ᠲᠤ ᠣᠯᠠᠩᠬᠢ ᠬᠡᠦᠬᠡᠳ ᠤᠨ ᠬᠠᠯᠠᠭᠤᠨ ᠨᠢ ᠪᠠᠭᠤᠷᠠᠴᠢᠬᠠᠳᠠᠭ᠃ ᠡᠶᠢᠮᠦ ᠠᠴᠠ ᠡᠪᠡᠳᠴᠢᠯᠡᠯᠲᠡ ᠶᠢᠨ ᠶᠠᠪᠤᠴᠠ ᠨᠢ | 3 ᠠᠴᠠ 5 ᠡᠳᠦᠷ ᠣᠷᠴᠢᠮ ᠪᠠᠶᠢᠳᠠᠭ᠂ ᠡᠨᠡ ᠨᠢ ᠣᠯᠠᠩᠬᠢ ᠬᠡᠦᠬᠡᠳ ᠤᠨ ᠢᠯᠡᠷᠡᠯ ᠪᠠᠶᠢᠵᠤ᠂ ᠬᠦᠨᠳᠦ ᠡᠪᠡᠳᠴᠢᠯᠡᠯᠲᠡ ᠤᠨ | ᠲᠣᠬᠢᠶᠠᠯᠳᠤᠮᠵᠢ ᠨᠢ ᠮᠠᠰᠢ ᠳᠣᠣᠷ᠎ᠠ᠃ ᠬᠡᠷᠪᠡ ᠬᠡᠦᠬᠡᠳ ᠬᠠᠯᠠᠭᠤᠷᠠᠬᠤ ᠵᠡᠷᠭᠡ ᠢᠯᠡᠷᠡᠯ ᠭᠠᠷᠪᠠᠯ ᠶᠠᠮᠠᠷ ᠪᠠᠶᠢᠳᠠᠯ ᠳᠤ | ᠡᠮᠨᠡᠯᠭᠡ ᠳᠤ ᠣᠴᠢᠬᠤ ᠴᠢᠬᠤᠯᠠ ᠲᠠᠢ᠂ ᠶᠠᠮᠠᠷ ᠪᠠᠶᠢᠳᠠᠯ ᠳᠤ ᠣᠴᠢᠬᠤ ᠴᠢᠬᠤᠯᠠ ᠦᠭᠡᠢ ᠪᠣᠢ︖ ᠬᠠᠮᠤᠭ ᠤᠨ ᠳᠥᠭᠦᠮ | ᠢᠯᠭᠠᠬᠤ ᠠᠷᠭ᠎ᠠ ᠭᠡᠪᠡᠯ᠂ ᠪᠢᠳᠡ ᠵᠠᠪᠠᠯ ᠬᠡᠦᠬᠡᠳ ᠤᠨ ᠴᠤᠭ ᠰᠦᠯᠳᠡ ᠶᠢ ᠨᠢ ᠦᠵᠡᠬᠦ ᠬᠡᠷᠡᠭᠲᠡᠢ᠂ ᠬᠡᠷᠪᠡ ᠬᠡᠦᠬᠡᠳ | ᠬᠠᠯᠠᠭᠤᠷᠠᠬᠤ ᠵᠡᠷᠭᠡ ᠢᠯᠡᠷᠡᠯ ᠲᠠᠢ ᠪᠣᠯᠪᠠᠴᠤ ᠨᠡᠯᠢᠶᠡᠳ ᠴᠤᠭ ᠵᠢᠪᠬᠤᠭ᠎ᠠ ᠲᠠᠢ᠂ ᠢᠯᠠᠩᠭᠤᠶ᠎ᠠ ᠬᠠᠯᠠᠭᠤᠨ ᠨᠢ ᠪᠠᠭᠤᠷᠠᠭᠰᠠᠨ ᠤ | ᠳᠠᠷᠠᠭ᠎ᠠ ᠢᠳᠡᠬᠦ ᠤᠤᠭᠤᠬᠤ ᠨᠠᠭᠠᠳᠬᠤ ᠨᠢ ᠬᠡᠪ ᠤᠨ ᠪᠠᠶᠢᠳᠠᠯ ᠲᠠᠢ ᠪᠠᠶᠢᠪᠠᠯ ᠣᠨᠴᠠᠭᠠᠶ ᠪᠠᠴᠢᠮᠳᠠᠵᠤ ᠰᠠᠨᠳᠤᠷᠤᠭᠰᠠᠨ ᠤ | ᠬᠡᠷᠡᠭ ᠦᠭᠡᠢ᠂ ᠮᠥᠨ ᠴᠦ ᠳᠠᠷᠦ᠋ᠢᠬᠠᠨ ᠡᠮᠨᠡᠯᠭᠡ ᠳᠤ ᠣᠴᠢᠵᠤ ᠡᠮᠨᠡᠭᠦᠯᠬᠦ ᠴᠢᠬᠤᠯᠠ ᠦᠭᠡᠢ᠂ ᠭᠡᠷ ᠲᠤ ᠪᠠᠨ ᠦᠷᠭᠦᠯᠵᠢᠯᠡᠨ | ᠠᠵᠢᠭᠯᠠᠵᠤ᠂ ᠡᠪᠡᠳᠴᠢᠨ ᠤ ᠢᠯᠡᠷᠡᠯ ᠳᠤ ᠨᠢ ᠲᠠᠭᠠᠷᠠᠭᠤᠯᠤᠨ ᠠᠷᠭ᠎ᠠ ᠬᠡᠮᠵᠢᠶ᠎ᠡ ᠠᠪᠤᠪᠠᠯ ᠪᠣᠯᠴᠢᠬᠠᠨ᠎ᠠ᠃ ᠭᠡᠪᠡᠴᠦ ᠳᠣᠣᠷᠠᠬᠢ | ᠮᠡᠲᠦ ᠬᠡᠳᠦᠨ ᠵᠦᠢᠯ ᠤᠨ ᠢᠯᠡᠷᠡᠯ ᠭᠠᠷᠪᠠᠯ ᠡᠮᠨᠡᠯᠭᠡ ᠳᠤ ᠣᠴᠢᠬᠤ ᠶᠢ ᠰᠠᠨᠠᠭᠤᠯᠵᠤ ᠪᠠᠶᠢᠨ᠎ᠠ᠂ ᠵᠢᠱᠢᠶᠡᠯᠡᠪᠡᠯ᠂ 3 | ᠡᠳᠦᠷ ᠠᠴᠠ ᠳᠡᠭᠡᠭᠰᠢ ᠬᠠᠯᠠᠭᠤᠷᠠᠵᠤ ᠳᠡᠭᠡᠷᠡᠳᠡᠬᠦ ᠪᠠᠶᠢᠳᠠᠯ ᠦᠭᠡᠢ ᠪᠠᠶᠢᠪᠠᠯ ᠡᠮᠨᠡᠯᠭᠡ ᠳᠤ ᠣᠴᠢᠪᠠᠯ ᠵᠣᠬᠢᠨ᠎ᠠ︔ ᠳᠠᠬᠢᠪᠠᠯ | ᠬᠡᠦᠬᠡᠳ ᠴᠤᠭ ᠰᠦᠯᠳᠡ ᠦᠭᠡᠢ᠂ ᠥᠭᠡᠷ᠎ᠡ ᠪᠠᠷ ᠬᠡᠯᠡᠪᠡᠯ ᠬᠠᠯᠠᠭᠤᠨ ᠨᠢ ᠪᠠᠭᠤᠷᠠᠭᠰᠠᠨ ᠴᠤ ᠴᠤᠭ ᠰᠦᠯᠳᠡ ᠦᠭᠡᠢ | ᠪᠠᠶᠢᠬᠤ᠂ ᠡᠭᠦᠨ ᠳᠤ ᠨᠢᠷᠠᠢ ᠬᠡᠦᠬᠡᠳ ᠵᠠᠷᠢᠮ ᠳᠤ ᠪᠠᠨ ᠤᠬᠢᠯᠠᠨ ᠪᠤᠬᠢᠨᠢᠳᠤᠵᠤ ᠲᠠᠶᠢᠳᠬᠤᠷᠠᠭᠤᠯᠬᠤ ᠳᠤ ᠬᠡᠴᠡᠭᠦᠦ᠂ ᠲᠣᠮᠣ | ᠬᠡᠦᠬᠡᠳ ᠳᠠᠩᠳᠠ ᠤᠨᠲᠠᠵᠤ᠂ ᠴᠤᠭ ᠰᠦᠯᠳᠡ ᠦᠭᠡᠢ᠂ ᠴᠢᠷᠠᠢ ᠶᠢᠨ ᠥᠩᠭᠡ ᠨᠢ ᠪᠠᠷᠤᠭᠲᠠᠢ᠂ ᠡᠶᠢᠮᠦᠷᠬᠦᠦ ᠪᠠᠶᠢᠳᠠᠯ ᠳᠤ | ᠪᠡᠶ᠎ᠡ ᠶᠢᠨ ᠬᠠᠯᠠᠭᠤᠨ ᠤ ᠥᠨᠳᠥᠷ ᠳᠣᠣᠷ᠎ᠠ ᠶᠢ ᠬᠠᠮᠢᠶᠠᠷᠤᠯ ᠦᠭᠡᠢ ᠪᠠᠷ ᠡᠮᠨᠡᠯᠭᠡ ᠳᠤ ᠣᠴᠢᠵᠤ ᠡᠮᠴᠢᠯᠡᠭᠦᠯᠬᠦ ᠬᠡᠷᠡᠭᠲᠡᠢ︔ | ᠪᠠᠰᠠ ᠵᠠᠷᠢᠮ ᠪᠠᠶᠢᠳᠠᠯ ᠳᠤ ᠬᠠᠨᠢᠶᠠᠯᠭᠠᠬᠤ ᠨᠢ ᠠᠬᠠᠳᠠᠬᠤ ᠪᠠ ᠣᠯᠠᠰᠢᠷᠠᠵᠤ᠂ ᠡᠳᠦᠷ ᠲᠤᠲᠤᠮ ᠤᠨ ᠠᠮᠢᠳᠤᠷᠠᠯ ᠪᠠ ᠤᠨᠲᠠᠵᠤ | ᠠᠮᠠᠷᠠᠬᠤ ᠶᠢ ᠨᠢ ᠨᠥᠯᠥᠭᠡᠯᠡᠬᠦ ᠳᠤ ᠬᠦᠷᠪᠡᠯ ᠳᠠᠷᠤᠢ ᠡᠮᠨᠡᠯᠭᠡ ᠳᠤ ᠣᠴᠢᠵᠤ ᠡᠮᠨᠡᠭᠦᠯᠬᠦ ᠬᠡᠷᠡᠭᠲᠡᠢ︔ ᠡᠭᠦᠨ ᠠᠴᠠ ᠭᠠᠳᠠᠨ᠎ᠠ | ᠪᠠᠰᠠ ᠵᠠᠷᠢᠮ ᠬᠡᠦᠬᠡᠳ ᠠᠮᠢᠰᠬᠤᠭᠠᠳᠠᠬᠤ᠂ ᠠᠮᠢᠰᠬᠤᠭ᠎ᠠ ᠨᠢ ᠲᠦᠷᠭᠡᠰᠴᠦ᠂ ᠴᠢᠨᠠᠭᠰᠢᠯᠠᠭᠠᠳ ᠠᠮᠢᠰᠬᠤᠯ ᠴᠢᠬᠤᠯᠳᠠᠬᠤ᠂ | ᠳᠠᠭᠤ ᠨᠢ ᠨᠡᠯᠢᠶᠡᠳ ᠰᠥᠭᠡᠩᠭᠢ ᠪᠣᠯᠬᠤ ᠵᠡᠷᠭᠡ ᠢᠯᠡᠷᠡᠯ ᠭᠠᠷᠪᠠᠯ ᠲᠥᠪᠥᠩᠬᠡᠢ ᠶᠢᠨ ᠦᠷᠪᠢᠰᠦᠯ᠂ ᠮᠥᠭᠡᠷᠰᠦᠨ | ᠬᠤᠭᠤᠯᠠᠢ ᠶᠢᠨ ᠦᠷᠪᠢᠰᠦᠯ ᠪᠠᠶᠢᠵᠤ ᠮᠠᠭᠠᠳ ᠤᠴᠢᠷ ᠠᠴᠠ ᠴᠠᠭ ᠲᠤᠬᠠᠢ ᠳᠤ ᠨᠢ ᠡᠮᠴᠢᠯᠡᠭᠦᠯᠪᠡᠯ ᠵᠣᠬᠢᠨ᠎ᠠ︔ ᠶᠠᠷᠢᠶᠠᠨ | ᠦᠭᠡᠢ ᠤᠬᠠᠭᠠᠨ ᠠᠯᠳᠠᠵᠤ᠂ ᠲᠠᠲᠠᠬᠤ ᠵᠡᠷᠭᠡ ᠪᠠᠶᠢᠳᠠᠯ ᠭᠠᠷᠪᠠᠯ ᠨᠡᠩ ᠳᠠᠷᠦ᠋ᠢᠬᠠᠨ ᠡᠮᠨᠡᠯᠭᠡ ᠳᠤ ᠣᠴᠢᠵᠤ ᠡᠮᠨᠡᠭᠦᠯᠬᠦ | ᠬᠡᠷᠡᠭᠲᠡᠢ᠃ ᠣᠨᠴᠠᠭᠠᠶᠢᠯᠠᠨ ᠠᠩᠬᠠᠷᠤᠭᠤᠰᠢᠲᠠᠢ ᠨᠢ᠂ ᠰᠠᠶ᠋ᠢᠬᠠᠨ ᠲᠥᠷᠥᠭᠰᠡᠨ ᠨᠢᠷᠠᠢ ᠪᠠ ᠨᠢᠯᠬ᠎ᠠ ᠬᠡᠦᠬᠡᠳ ᠢ ᠪᠠᠭᠲᠠᠭᠠᠭᠰᠠᠨ | ᠭᠤᠷᠪᠠᠨ ᠰᠠᠷ᠎ᠠ ᠠᠴᠠ ᠳᠣᠷᠣᠭᠰᠢᠬᠢ ᠨᠠᠰᠤᠨ ᠤ ᠬᠡᠦᠬᠡᠳ ᠪᠣᠯ ᠣᠨᠴᠠᠭᠠᠶ ᠪᠦᠯᠦᠭ ᠤᠨ ᠬᠥᠮᠥᠰ ᠪᠠᠶᠢᠵᠤ᠂ ᠬᠡᠷᠪᠡ | ᠬᠠᠯᠠᠭᠤᠷᠠᠬᠤ ᠪᠠᠶᠢᠳᠠᠯ ᠢᠯᠡᠷᠡᠪᠡᠯ ᠴᠠᠭ ᠲᠤᠬᠠᠢ ᠳᠤ ᠨᠢ ᠡᠮᠨᠡᠯᠭᠡ ᠳᠤ ᠣᠴᠢᠵᠤ ᠡᠮᠴᠢᠯᠡᠭᠦᠯᠬᠦ ᠶᠢ ᠰᠠᠨᠠᠭᠤᠯᠵᠤ ᠪᠠᠶᠢᠨ᠎ᠠ᠃ | ᠨᠠᠰᠤᠲᠠᠶᠢᠴᠤᠳ ᠨᠠᠰᠤᠲᠠᠶᠢᠴᠤᠳ ᠥᠪᠡᠷ ᠢ ᠪᠠᠨ ᠬᠡᠷᠬᠢᠨ ᠬᠠᠮᠠᠭᠠᠯᠠᠪᠠᠯ ᠵᠣᠬᠢᠬᠤ ᠪᠣᠢ︖ ᠡᠩ ᠲᠡᠷᠢᠭᠦᠨ ᠳᠤ᠂ ᠸᠠᠺᠼᠢᠨ | ᠳᠠᠷᠢᠬᠤ ᠬᠡᠷᠡᠭᠲᠡᠢ᠃ ᠡᠭᠦᠨ ᠳᠤ ᠪᠥᠬᠦ ᠶᠠᠪᠤᠴᠠ ᠶᠢᠨ ᠸᠠᠺᠼᠢᠨ ᠳᠠᠷᠢᠬᠤ ᠪᠠ ᠴᠢᠩᠭᠠᠳᠬᠠᠭᠰᠠᠨ ᠸᠠᠺᠼᠢᠨ ᠤ ᠲᠠᠷᠢᠯᠭ᠎ᠠ | ᠬᠢᠬᠦ ᠵᠡᠷᠭᠡ ᠶᠢ ᠪᠠᠭᠲᠠᠭᠠᠨ᠎ᠠ᠃ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠨᠠᠰᠤᠲᠠᠶᠢᠴᠤᠳ ᠤᠨ ᠬᠦᠨᠳᠦ ᠡᠪᠡᠳᠴᠢᠨ ᠳᠤ | ᠨᠡᠷᠪᠡᠭᠳᠡᠬᠦ ᠨᠣᠷᠮ᠎ᠠ ᠢᠯᠡᠳᠲᠡ ᠪᠠᠭᠤᠷᠠᠬᠤ ᠪᠣᠯᠣᠨ᠎ᠠ᠃ ᠬᠤᠶᠠᠳᠤᠭᠠᠷ ᠲᠤ᠂ ᠣᠲᠣ ᠶᠢᠨ ᠪᠠᠶᠢᠳᠠᠯ ᠳᠣᠣᠷ᠎ᠠ᠂ | ᠨᠠᠰᠤᠲᠠᠶᠢᠴᠤᠳ ᠤᠨ ᠭᠠᠳᠠᠭᠰᠢ ᠳᠤᠲᠠᠭᠤ ᠭᠠᠷᠬᠤ ᠶᠢ ᠬᠦᠰᠡᠵᠦ ᠪᠠᠶᠢᠨ᠎ᠠ᠂ ᠢᠯᠠᠩᠭᠤᠶ᠎ᠠ ᠬᠥᠮᠥᠨ ᠣᠯᠠᠨ ᠴᠤᠭᠯᠠᠷᠠᠳᠠᠭ | ᠪᠢᠲᠡᠭᠦᠮᠵᠢᠯᠡᠭᠰᠡᠨ ᠭᠠᠵᠠᠷ ᠲᠤ ᠣᠴᠢᠬᠤ ᠠᠴᠠ ᠵᠠᠶᠢᠯᠠᠰᠬᠢᠬᠦ ᠶᠢ ᠬᠦᠰᠡᠵᠦ ᠪᠠᠶᠢᠨ᠎ᠠ᠂ ᠬᠡᠷᠪᠡ ᠵᠠᠪᠠᠯ ᠣᠴᠢᠬᠤ ᠴᠢᠬᠤᠯᠠ ᠲᠠᠢ | ᠪᠣᠯ ᠠᠮᠠᠪᠴᠢ ᠪᠠᠨ ᠰᠠᠶᠢᠲᠤᠷ ᠵᠡᠭᠦᠬᠦ ᠬᠡᠷᠡᠭᠲᠡᠢ᠃ ᠡᠭᠦᠨ ᠠᠴᠠ ᠭᠠᠳᠠᠨ᠎ᠠ᠂ ᠪᠦᠬᠦ᠋ᠢᠯᠡ ᠶᠠᠪᠤᠴᠠ ᠳᠤ᠂ ᠭᠠᠳᠠᠭᠠᠳᠤ | ᠣᠷᠴᠢᠨ ᠲᠠᠢ ᠣᠶᠢᠷᠠᠳᠬᠤ ᠪᠠᠨ ᠠᠯᠢ ᠴᠢᠳᠠᠬᠤ ᠪᠠᠷ ᠪᠠᠭᠠᠰᠬᠠᠵᠤ᠂ ᠪᠤᠴᠠᠵᠤ ᠢᠷᠡᠪᠡᠯ ᠭᠠᠷ ᠢᠶᠠᠨ ᠵᠠᠪᠠᠯ ᠤᠬᠢᠶᠠᠬᠤ | ᠬᠡᠷᠡᠭᠲᠡᠢ᠃ ᠭᠤᠷᠪᠠᠳᠤᠭᠠᠷ ᠲᠤ᠂ ᠢᠯᠡᠭᠦᠬᠡᠨ ᠰᠠᠯᠬᠢ ᠨᠡᠪᠲᠡᠷᠡᠭᠦᠯᠦᠨ᠎ᠡ᠃ ᠣᠲᠣ ᠶᠠᠭ ᠡᠪᠦᠯ ᠤᠨ ᠤᠯᠠᠷᠢᠯ ᠪᠣᠯᠵᠤ᠂ | ᠢᠯᠠᠩᠭᠤᠶ᠎ᠠ ᠤᠮᠠᠷᠠᠲᠤ ᠣᠷᠣᠨ ᠤ ᠠᠭᠤᠷ ᠠᠮᠢᠰᠬᠤᠯ ᠨᠡᠯᠢᠶᠡᠳ ᠬᠦᠢᠲᠡᠨ ᠪᠣᠯᠬᠤᠷ ᠰᠠᠯᠬᠢ ᠨᠡᠪᠲᠡᠷᠡᠭᠦᠯᠬᠦ ᠶᠠᠪᠤᠴᠠ ᠳᠤ | ᠨᠠᠰᠤᠲᠠᠶᠢᠴᠤᠳ ᠤᠨ ᠳᠤᠯᠠᠭᠠᠯᠠᠭ᠎ᠠ ᠶᠢᠨ ᠠᠰᠠᠭᠤᠳᠠᠯ ᠢ ᠠᠩᠬᠠᠷᠴᠤ᠂ ᠨᠠᠰᠤᠲᠠᠶᠢᠴᠤᠳ ᠢ ᠥᠭᠡᠷ᠎ᠡ ᠨᠢᠭᠡ ᠥᠷᠥᠭᠡᠨ ᠳᠤ | ᠣᠷᠣᠭᠤᠯᠵᠤ ᠪᠣᠯᠣᠨ᠎ᠠ᠂ ᠰᠠᠯᠬᠢ ᠨᠡᠪᠲᠡᠷᠡᠭᠦᠯᠦᠭᠰᠡᠨ ᠤ ᠳᠠᠷᠠᠭ᠎ᠠ᠂ ᠭᠡᠷ ᠤᠨ ᠳᠤᠯᠠᠭᠠᠨ ᠬᠡᠪ ᠤᠨ ᠪᠠᠶᠢᠳᠠᠯ ᠳᠤ ᠪᠠᠨ | ᠣᠷᠣᠭᠰᠠᠨ ᠤ ᠳᠠᠷᠠᠭ᠎ᠠ ᠨᠠᠰᠤᠲᠠᠶᠢᠴᠤᠳ ᠢ ᠰᠠᠶ᠋ᠢ ᠲᠣᠰ ᠥᠷᠥᠭᠡᠨ ᠳᠤ ᠨᠢ ᠪᠤᠴᠠᠭᠠᠨ᠎ᠠ᠃ ᠳᠥᠷᠪᠡᠳᠦᠭᠡᠷ ᠲᠤ᠂ | ᠨᠠᠰᠤᠲᠠᠶᠢᠴᠤᠳ ᠲᠤ ᠶᠡᠷᠦ ᠳᠤ ᠪᠠᠨ ᠡᠨᠡ ᠲᠡᠷᠡ ᠰᠠᠭᠤᠷᠢ ᠡᠪᠡᠳᠴᠢᠨ ᠳᠠᠪᠬᠤᠴᠠᠵᠤ ᠪᠠᠶᠢᠳᠠᠭ᠂ ᠰᠠᠭᠤᠷᠢ ᠡᠪᠡᠳᠴᠢᠨ ᠢ | ᠣᠳᠣᠬᠢ ᠱᠠᠲᠤᠨ ᠳᠤ ᠵᠠᠪᠠᠯ ᠰᠠᠶᠢᠲᠤᠷ ᠡᠵᠡᠮᠳᠡᠵᠦ᠂ ᠡᠮᠨᠡᠯᠭᠡ ᠳᠤ ᠣᠴᠢᠵᠤ ᠡᠮ ᠠᠪᠬᠤ ᠠᠴᠠ ᠪᠠᠨ ᠠᠶᠤᠭᠠᠳ ᠡᠮ ᠢᠶᠠᠨ | ᠵᠣᠭᠰᠣᠭᠠᠵᠤ ᠪᠣᠯᠬᠤ ᠦᠭᠡᠢ᠂ ᠡᠯ᠎ᠡ ᠵᠦᠢᠯ ᠤᠨ ᠠᠷᠭ᠎ᠠ ᠵᠠᠮ ᠢᠶᠠᠷ ᠡᠮ ᠬᠤᠳᠠᠯᠳᠤᠨ ᠠᠪᠬᠤ ᠪᠤᠶᠤ ᠲᠥᠷᠥᠯ ᠰᠠᠳᠤᠨ | ᠨᠠᠶᠢᠵᠠ ᠨᠥᠬᠦᠳ ᠢᠶᠠᠷ ᠢᠶᠠᠨ ᠡᠮ ᠬᠤᠳᠠᠯᠳᠤᠨ ᠠᠪᠤᠭᠤᠯᠵᠤ ᠪᠣᠯᠣᠨ᠎ᠠ᠃ ᠲᠠᠪᠤᠳᠤᠭᠠᠷ ᠲᠤ᠂ ᠨᠠᠰᠤᠲᠠᠶᠢᠴᠤᠳ | ᠣᠶᠢᠷ᠎ᠠ ᠶᠢᠨ ᠬᠤᠭᠤᠴᠠᠭᠠᠨ ᠳᠤ ᠡᠷᠬᠡᠪᠰᠢ ᠵᠢᠮ᠎ᠡ ᠶᠣᠰᠣ ᠲᠠᠢ ᠪᠠᠷ ᠠᠮᠢᠳᠤᠷᠠᠵᠤ᠂ ᠬᠡᠲᠦᠷᠬᠡᠢ ᠰᠠᠨᠳᠤᠷᠬᠤ ᠬᠡᠷᠡᠭ ᠦᠭᠡᠢ᠃ | ᠵᠢᠮ᠎ᠡ ᠶᠣᠰᠣ ᠲᠠᠢ ᠪᠠᠷ ᠤᠨᠲᠠᠵᠤ ᠠᠮᠠᠷᠠᠨ᠂ ᠰᠢᠮ᠎ᠡ ᠲᠡᠵᠢᠭᠡᠯ ᠢᠶᠠᠨ ᠪᠠᠲᠤᠯᠠᠬᠤ ᠬᠡᠷᠡᠭᠲᠡᠢ᠂ ᠭᠡᠪᠡᠴᠦ ᠬᠡᠲᠦᠷᠡᠲᠡᠯ᠎ᠡ ᠢᠳᠡᠵᠦ | ᠤᠤᠭᠤᠵᠤ ᠪᠣᠯᠬᠤ ᠦᠭᠡᠢ᠃ ᠡᠭᠦᠨ ᠠᠴᠠ ᠭᠠᠳᠠᠨ᠎ᠠ᠂ ᠠᠷᠢᠬᠢ ᠡᠳ᠋ᠯᠡᠬᠦ ᠪᠠᠨ ᠠᠯᠢ ᠴᠢᠳᠠᠬᠤ ᠪᠠᠷ ᠪᠠᠭᠠᠰᠬᠠᠨ᠎ᠠ᠃ ᠬᠡᠷᠪᠡ | ᠨᠠᠰᠤᠲᠠᠶᠢᠴᠤᠳ ᠲᠠᠢ ᠬᠠᠮᠲᠤ ᠠᠮᠢᠳᠤᠷᠠᠬᠤ ᠦᠭᠡᠢ ᠭᠡᠷ ᠤᠨ ᠬᠥᠮᠥᠰ ᠨᠢ ᠣᠶᠢᠷ᠎ᠠ ᠶᠢᠨ ᠬᠤᠭᠤᠴᠠᠭᠠᠨ ᠳᠤ | ᠨᠠᠰᠤᠲᠠᠶᠢᠴᠤᠳ ᠢᠶᠠᠨ ᠡᠷᠭᠢᠵᠦ ᠦᠵᠡᠬᠦ ᠪᠠᠨ ᠴᠥᠭᠡᠳᠬᠡᠵᠦ᠂ ᠸᠢᠷᠦ᠋ᠰ ᠯᠡᠪᠡᠷᠡᠬᠦ ᠲᠣᠬᠢᠶᠠᠯ ᠢ ᠪᠠᠭᠠᠰᠬᠠᠵᠤ ᠪᠣᠯᠣᠨ᠎ᠠ᠃ | ᠬᠡᠷᠪᠡ ᠭᠡᠷ ᠤᠨ ᠬᠥᠮᠥᠰ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠨᠠᠰᠤᠲᠠᠶᠢᠴᠤᠳ ᠥᠪᠡᠷ ᠢ ᠪᠠᠨ | ᠬᠡᠷᠬᠢᠨ ᠰᠠᠶᠢᠲᠤᠷ ᠬᠠᠮᠠᠭᠠᠯᠠᠬᠤ ᠪᠣᠶ︖ ᠬᠡᠷᠪᠡ ᠬᠠᠮᠲᠤ ᠠᠮᠢᠳᠤᠷᠠᠵᠤ ᠪᠠᠶᠢᠭ᠎ᠠ ᠬᠥᠮᠥᠨ ᠨᠢ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠪᠡᠯ᠂ ᠨᠠᠰᠤᠲᠠᠶᠢᠴᠤᠳ ᠤᠨ ᠸᠢᠷᠦ᠋ᠰ ᠲᠠᠢ ᠣᠶᠢᠷᠠᠳᠬᠤ ᠲᠣᠬᠢᠶᠠᠯ ᠢ ᠠᠯᠢ ᠴᠢᠳᠠᠬᠤ ᠪᠠᠷ | ᠪᠠᠭᠠᠰᠬᠠᠬᠤ ᠪᠣᠯ ᠬᠠᠮᠤᠭ ᠤᠨ ᠴᠢᠬᠤᠯᠠ ᠵᠠᠷᠴᠢᠮ ᠪᠣᠯᠣᠨ᠎ᠠ᠃ ᠬᠡᠷᠪᠡ ᠨᠥᠬᠦᠴᠡᠯ ᠲᠠᠢ ᠪᠣᠯ ᠨᠠᠰᠤᠲᠠᠶᠢᠴᠤᠳ ᠢ ᠥᠭᠡᠷ᠎ᠡ | ᠨᠢᠭᠡ ᠣᠷᠣᠨ ᠰᠠᠭᠤᠴᠠ ᠳᠤ ᠠᠪᠠᠴᠢᠨ ᠰᠠᠭᠤᠯᠭᠠᠵᠤ ᠪᠣᠯᠣᠨ᠎ᠠ᠃ ᠬᠡᠷᠪᠡ ᠨᠥᠬᠦᠴᠡᠯ ᠦᠭᠡᠢ ᠪᠣᠯ ᠨᠢᠭᠡᠨ ᠲᠤᠰᠠᠭᠠᠷ | ᠦᠷᠦᠭᠡ ᠭᠠᠷᠭᠠᠵᠤ᠂ ᠡᠭᠦᠳᠡ ᠪᠠᠨ ᠰᠠᠶᠢᠲᠤᠷ ᠬᠠᠭᠠᠵᠤ᠂ ᠰᠠᠯᠬᠢ ᠨᠡᠪᠲᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠰᠠᠯᠬᠢ | ᠨᠡᠪᠲᠡᠷᠡᠭᠦᠯᠬᠦ ᠳᠤ ᠠᠩᠬᠠᠷᠬᠤ ᠵᠦᠢᠯ ᠨᠢ ᠳᠡᠭᠡᠷ᠎ᠡ ᠳᠤᠷᠠᠳᠤᠭᠰᠠᠨ ᠲᠠᠢ ᠠᠳᠠᠯᠢ ᠶᠤᠮ᠃ ᠪᠠᠰᠠ ᠨᠢᠭᠡ ᠵᠦᠢᠯ ᠭᠡᠪᠡᠯ᠂ | ᠣᠷᠴᠢᠨ ᠲᠣᠭᠤᠷᠢᠨ ᠤ ᠠᠷᠢᠭᠤᠳᠬᠠᠯ ᠢ ᠴᠢᠩᠭᠠᠳᠬᠠᠬᠤ ᠬᠡᠷᠡᠭᠲᠡᠢ᠂ ᠢᠯᠠᠩᠭᠤᠶ᠎ᠠ ᠣᠯᠠᠨ ᠨᠡᠶᠢᠲᠡ ᠶᠢᠨ ᠢᠯᠡ ᠣᠷᠴᠢᠨ | ᠲᠣᠭᠤᠷᠢᠨ ᠳᠤ᠂ ᠵᠢᠱᠢᠶᠡᠯᠡᠪᠡᠯ ᠵᠣᠷᠯᠣᠩ᠂ ᠡᠭᠦᠳᠡᠨ ᠤ ᠪᠠᠷᠢᠭᠤᠯ᠂ ᠤᠰᠤᠨ ᠴᠣᠷᠭᠤ ᠳᠤ ᠡᠪᠡᠳᠴᠢᠲᠡᠨ ᠬᠦᠷᠦᠯᠴᠡᠭᠰᠡᠨ ᠤ | ᠳᠠᠷᠠᠭ᠎ᠠ ᠵᠠᠪᠠᠯ ᠠᠷᠢᠭᠤᠳᠬᠠᠬᠤ ᠬᠡᠷᠡᠭᠲᠡᠢ᠃ ᠡᠭᠦᠨ ᠠᠴᠠ ᠭᠠᠳᠠᠨ᠎ᠠ᠂ ᠨᠠᠰᠤᠲᠠᠶᠢᠴᠤᠳ ᠤᠨ ᠪᠠᠶᠢᠳᠠᠯ ᠤᠨ ᠬᠤᠪᠢᠷᠠᠯᠲᠠ ᠶᠢ | ᠠᠩᠬᠠᠷᠴᠤ᠂ ᠬᠡᠷᠪᠡ ᠠᠰᠠᠭᠤᠳᠠᠯ ᠭᠠᠷᠪᠠᠯ ᠡᠷᠲᠡᠬᠡᠨ ᠢᠯᠭᠠᠨ ᠲᠣᠳᠣᠯᠠᠵᠤ᠂ ᠡᠷᠲᠡᠬᠡᠨ ᠣᠨᠣᠰᠢᠯᠠᠬᠤ ᠬᠡᠷᠡᠭᠲᠡᠢ᠃ | ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ ᠶᠠᠭᠠᠬᠢᠪᠠᠯ ᠵᠣᠬᠢᠬᠤ ᠪᠣᠶ︖ | ᠨᠢᠭᠡᠳᠦᠭᠡᠷ ᠲᠤ᠂ ᠨᠠᠰᠤᠲᠠᠶᠢᠴᠤᠳ ᠬᠡᠷᠪᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ᠂ | ᠶᠠᠭᠤᠨ ᠤ ᠡᠮᠦᠨ᠎ᠡ ᠠᠵᠢᠭᠯᠠᠯᠲᠠ ᠪᠠ ᠬᠢᠨᠠᠨ ᠰᠢᠨᠵᠢᠯᠡᠯᠲᠡ ᠶᠢ ᠴᠢᠩᠭᠠᠳᠬᠠᠬᠤ ᠬᠡᠷᠡᠭᠲᠡᠢ᠃ ᠬᠤᠶᠠᠳᠤᠭᠠᠷ ᠲᠤ᠂ ᠡᠳᠦᠷ | ᠲᠤᠲᠤᠮ ᠤᠨ ᠰᠤᠪᠢᠯᠠᠯᠲᠠ ᠶᠢ ᠴᠢᠩᠭᠠᠳᠬᠠᠬᠤ ᠬᠡᠷᠡᠭᠲᠡᠢ᠂ ᠡᠨᠡ ᠬᠦ ᠡᠳᠦᠷ ᠲᠤᠲᠤᠮ ᠤᠨ ᠰᠤᠪᠢᠯᠠᠯᠲᠠ ᠳᠤ ᠬᠠᠷᠠᠰᠣ | ᠢᠳᠡᠭᠡᠨ ᠤᠮᠳᠠᠭᠠᠨ ᠢ ᠪᠠᠭᠲᠠᠭᠠᠨ᠎ᠠ᠃ ᠨᠠᠰᠤᠲᠠᠢ ᠬᠥᠮᠥᠨ ᠬᠠᠯᠳᠠᠪᠤᠷᠢᠯᠠᠭᠳᠠᠭᠰᠠᠨ ᠤ ᠳᠠᠷᠠᠭ᠎ᠠ ᠬᠤᠳᠣᠭᠤᠳᠤ ᠭᠡᠳᠡᠰᠦᠨ ᠤ | ᠵᠠᠮ ᠤᠨ ᠴᠢᠳᠠᠮᠵᠢ ᠨᠢ ᠮᠠᠭᠤᠳᠠᠬᠤ ᠪᠣᠯᠬᠤᠷ ᠪᠠᠭ᠎ᠠ ᠢᠳᠡᠵᠦ ᠣᠯᠠᠨ ᠤᠳᠠᠭ᠎ᠠ ᠬᠤᠭᠤᠯᠠᠯᠠᠵᠤ᠂ ᠨᠢᠭᠡ ᠤᠳᠠᠭ᠎ᠠ ᠶᠡᠭᠡ | ᠬᠡᠮᠵᠢᠶ᠎ᠡ ᠪᠠᠷ ᠢᠳᠡᠭᠰᠡᠨ ᠤ ᠳᠠᠷᠠᠭ᠎ᠠ ᠪᠥᠭᠡᠯᠵᠢᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ︔ ᠡᠭᠦᠨ ᠠᠴᠠ ᠭᠠᠳᠠᠨ᠎ᠠ | ᠨᠠᠰᠤᠲᠠᠶᠢᠴᠤᠳ ᠤᠨ ᠤᠨᠲᠠᠵᠤ ᠠᠮᠠᠷᠠᠬᠤ ᠶᠢ ᠪᠠᠲᠤᠯᠠᠬᠤ ᠬᠡᠷᠡᠭᠲᠡᠢ︔ ᠪᠠᠰᠠ ᠵᠣᠬᠢᠬᠤ ᠬᠡᠮᠵᠢᠶᠡᠨ ᠤ ᠤᠰᠤ ᠨᠥᠬᠦᠪᠦᠷᠢᠯᠡᠬᠦ | ᠬᠡᠷᠡᠭᠲᠡᠢ᠂ ᠤᠰᠤᠨ ᠤ ᠬᠡᠮᠵᠢᠶ᠎ᠡ ᠶᠢ ᠢᠳᠡᠭᠡᠨ ᠤᠮᠳᠠᠭᠠᠨ ᠲᠠᠢ ᠠᠳᠠᠯᠢ ᠪᠠᠶᠢᠯᠭᠠᠵᠤ᠂ ᠪᠡᠶ᠎ᠡ ᠶᠢᠨ ᠳᠤᠯᠠᠭᠠᠨ ᠪᠠ ᠬᠥᠯᠥᠰᠦ | ᠭᠠᠷᠬᠤ ᠪᠠᠶᠢᠳᠠᠯ ᠲᠠᠢ ᠨᠢ ᠤᠶᠠᠯᠳᠤᠭᠤᠯᠤᠨ ᠵᠣᠬᠢᠰᠲᠠᠢ ᠨᠥᠬᠦᠪᠦᠷᠢᠯᠡᠬᠦ ᠶᠢ ᠰᠠᠨᠠᠭᠤᠯᠵᠤ ᠪᠠᠶᠢᠨ᠎ᠠ᠃ ᠤᠰᠤ ᠶᠢ ᠪᠠᠰᠠ ᠪᠠᠭ᠎ᠠ | ᠬᠡᠮᠵᠢᠶ᠎ᠡ ᠪᠠᠷ ᠣᠯᠠᠨ ᠤᠳᠠᠭ᠎ᠠ ᠨᠥᠬᠦᠪᠦᠷᠢᠯᠡᠵᠦ᠂ ᠨᠢᠭᠡ ᠤᠳᠠᠭ᠎ᠠ ᠶᠡᠭᠡ ᠬᠡᠮᠵᠢᠶᠡᠨ ᠤ ᠤᠰᠤ ᠨᠥᠬᠦᠪᠦᠷᠢᠯᠡᠭᠡᠳ | ᠬᠤᠳᠣᠭᠤᠳᠤ ᠭᠡᠳᠡᠰᠦ ᠨᠢ ᠡᠪ ᠦᠭᠡᠶᠢᠷᠡᠬᠦ ᠪᠠ ᠵᠢᠷᠦᠬᠡᠨ ᠤ ᠳᠠᠷᠤᠭᠠᠰᠤ ᠶᠢ ᠨᠢ ᠬᠦᠨᠳᠦᠷᠡᠭᠦᠯᠬᠦ ᠠᠴᠠ ᠰᠡᠷᠭᠡᠶᠢᠯᠡᠬᠦ ᠬᠡᠷᠡᠭᠲᠡᠢ᠃ | ᠭᠤᠷᠪᠠᠳᠤᠭᠠᠷ ᠲᠤ᠂ ᠬᠠᠯᠠᠭᠤᠨ ᠢ ᠪᠠᠭᠤᠷᠠᠭᠤᠯᠬᠤ ᠡᠮ ᠢ ᠨᠠᠰᠤᠲᠠᠶᠢᠴᠤᠳ ᠲᠤ ᠬᠡᠷᠡᠭᠯᠡᠬᠦ ᠳᠤ ᠪᠠᠨ ᠨᠡᠩ ᠪᠣᠯᠭᠤᠮᠵᠢᠲᠠᠢ | ᠪᠠᠶᠢᠵᠤ᠂ ᠪᠡᠶ᠎ᠡ ᠶᠢᠨ ᠳᠤᠯᠠᠭᠠᠨ ᠨᠢ ᠬᠡᠳᠦᠢ ᠥᠨᠳᠥᠷ᠂ ᠨᠠᠰᠤ ᠨᠢ ᠬᠡᠳᠦᠢ ᠥᠨᠳᠥᠷ ᠪᠣᠯ᠂ ᠡᠮ ᠬᠡᠷᠡᠭᠯᠡᠬᠦ ᠳᠤ ᠪᠠᠨ ᠨᠡᠩ | ᠪᠣᠯᠭᠤᠮᠵᠢᠲᠠᠢ ᠪᠠᠶᠢᠬᠤ ᠬᠡᠷᠡᠭᠲᠡᠢ᠃ ᠡᠭᠦᠨ ᠳᠤ 38℃ ᠲᠤ 1 ᠦᠷᠢᠯ᠂ 39℃ ᠲᠤ 2 ᠦᠷᠢᠯ ᠭᠡᠬᠦ ᠮᠡᠲᠦ ᠪᠠᠷ | ᠬᠡᠷᠡᠭᠯᠡᠬᠦ ᠪᠢᠰᠢ᠃ ᠬᠠᠯᠠᠭᠤᠷᠠᠬᠤ ᠨᠢ ᠬᠡᠳᠦᠢ ᠥᠨᠳᠥᠷ ᠪᠣᠯᠬᠤ ᠲᠤᠳᠤᠮ᠂ ᠡᠮ ᠬᠡᠷᠡᠭᠯᠡᠬᠦ ᠳᠤ ᠪᠠᠨ ᠲᠡᠳᠦᠢ ᠪᠣᠯᠭᠤᠮᠵᠢᠲᠠᠢ | ᠪᠠᠶᠢᠬᠤ ᠬᠡᠷᠡᠭᠲᠡᠢ᠃ ᠡᠨᠡ ᠨᠢ ᠭᠤᠣᠯᠳᠠᠭᠤ ᠨᠠᠰᠤᠲᠠᠶᠢᠴᠤᠳ ᠲᠤ ᠬᠠᠯᠠᠭᠤᠨ ᠢ ᠪᠠᠭᠤᠷᠠᠭᠤᠯᠬᠤ ᠡᠮ ᠬᠡᠷᠡᠭᠯᠡᠭᠰᠡᠨ ᠤ ᠳᠠᠷᠠᠭ᠎ᠠ | ᠨᠢᠭᠡ ᠤᠳᠠᠭ᠎ᠠ ᠶᠡᠭᠡ ᠬᠡᠮᠵᠢᠶᠡᠨ ᠤ ᠬᠥᠯᠥᠰᠦ ᠭᠠᠷᠬᠤ ᠠᠴᠠ ᠪᠣᠯᠵᠤ ᠲᠠᠮᠢᠷᠳᠠᠨ ᠮᠠᠨᠠᠷᠠᠬᠤ ᠪᠤᠶᠤ ᠴᠢᠨᠠᠭᠰᠢᠯᠠᠪᠠᠯ ᠴᠢᠰᠤᠨ | ᠳᠠᠷᠤᠯᠲᠠ ᠳᠣᠣᠷ᠎ᠠ ᠪᠣᠯᠬᠤ ᠪᠠᠶᠢᠳᠠᠯ ᠠᠴᠠ ᠰᠡᠷᠭᠡᠶᠢᠯᠡᠬᠦ ᠶᠢᠨ ᠲᠥᠯᠥᠭᠡ ᠶᠤᠮ᠃ ᠡᠭᠦᠨ ᠢ ᠤᠯᠠᠨ ᠳᠤ ᠣᠨᠴᠠᠭᠠᠶᠢᠯᠠᠨ | ᠰᠠᠨᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠡᠨᠡ ᠬᠤᠭᠤᠴᠠᠭᠠᠨ ᠳᠤ ᠬᠠᠯᠠᠭᠤᠨ ᠢ ᠪᠠᠭᠤᠷᠠᠭᠤᠯᠬᠤ ᠶᠢ | ᠤᠳᠠᠭᠠᠰᠢᠷᠠᠭᠤᠯᠵᠤ᠂ ᠹᠢᠽᠢᠺ ᠤᠨ ᠠᠷᠭ᠎ᠠ ᠪᠠᠷ ᠬᠠᠯᠠᠭᠤᠨ ᠢ ᠨᠢ ᠪᠠᠭᠤᠷᠠᠭᠤᠯᠵᠤ ᠪᠣᠯᠣᠨ᠎ᠠ︔ ᠪᠠᠰᠠ ᠬᠠᠯᠠᠭᠤᠨ ᠢ | ᠪᠠᠭᠤᠷᠠᠭᠤᠯᠬᠤ ᠡᠮ ᠬᠡᠷᠡᠭᠯᠡᠬᠦ ᠳᠤ ᠪᠠᠨ ᠣᠯᠠᠨ ᠵᠦᠢᠯ ᠤᠨ ᠡᠮ ᠢ ᠬᠠᠮᠲᠤ ᠳᠤ ᠨᠢ ᠬᠡᠷᠡᠭᠯᠡᠬᠦ ᠠᠴᠠ ᠵᠠᠶᠢᠯᠠᠰᠬᠢᠨ᠎ᠡ᠃ ᠪᠠᠰᠠ | ᠵᠠᠷᠢᠮ ᠲᠠᠭᠰᠢᠭᠤᠷ ᠤᠨ ᠡᠮ ᠨᠢ ᠨᠡᠶᠢᠯᠡᠮᠡᠯ ᠵᠣᠷ ᠤᠨ ᠨᠠᠶᠢᠷᠠᠯᠭ᠎ᠠ ᠲᠠᠢ ᠪᠠᠶᠢᠵᠤ᠂ ᠡᠰᠡᠷᠭᠦ ᠫᠠᠷᠠᠽᠧᠲ᠋ᠠᠮᠣᠯ ᠠᠭᠤᠯᠵᠤ ᠮᠡᠳᠡᠨ᠎ᠡ᠂ | ᠬᠡᠷᠪᠡ ᠡᠳᠡᠭᠡᠷ ᠡᠮ ᠢ ᠬᠠᠮᠲᠤ ᠳᠤ ᠨᠢ ᠬᠡᠷᠡᠭᠯᠡᠪᠡᠯ ᠡᠮ ᠤᠨ ᠬᠡᠮᠵᠢᠶ᠎ᠡ ᠨᠢ ᠬᠡᠲᠦᠷᠡᠬᠦ ᠪᠠᠶᠢᠳᠠᠯ ᠭᠠᠷᠴᠤ ᠮᠡᠳᠡᠨ᠎ᠡ᠃ | ᠡᠶᠢᠮᠦ ᠠᠴᠠ ᠡᠷᠬᠡᠪᠰᠢ ᠡᠮ ᠤᠨ ᠲᠣᠳᠣᠷᠬᠠᠶᠢᠯᠠᠯᠲᠠ ᠶᠢᠨ ᠪᠢᠴᠢᠭ ᠢ ᠰᠠᠶᠢᠲᠤᠷ ᠯᠠᠪᠯᠠᠬᠤ ᠬᠡᠷᠡᠭᠲᠡᠢ᠃ ᠳᠥᠷᠪᠡᠳᠦᠭᠡᠷ ᠲᠤ᠂ | ᠬᠢᠲᠠᠳ ᠪᠡᠯᠡᠨ ᠡᠮ᠃ ᠬᠢᠲᠠᠳ ᠪᠡᠯᠡᠨ ᠡᠮ ᠢ ᠬᠡᠷᠡᠭᠯᠡᠬᠦ ᠳᠤ ᠴᠦ ᠠᠳᠠᠯᠢᠬᠠᠨ ᠪᠠᠶᠢᠳᠠᠭ᠂ ᠵᠠᠪᠠᠯ ᠴᠥᠭᠡᠨ ᠮᠥᠷᠲᠡᠭᠡᠨ | ᠨᠠᠷᠢᠯᠢᠭ ᠪᠠᠶᠢᠬᠤ ᠬᠡᠷᠡᠭᠲᠡᠢ᠃ ᠨᠢᠭᠡ ᠵᠦᠢᠯ ᠤᠨ ᠡᠮ ᠢ ᠰᠣᠩᠭᠤᠨ ᠬᠡᠷᠡᠭᠯᠡᠵᠦ ᠪᠣᠯᠣᠨ᠎ᠠ᠂ ᠠᠳᠠᠯᠢ ᠦᠢᠯᠡᠳᠦᠯ ᠲᠠᠢ ᠣᠯᠠᠨ | ᠵᠦᠢᠯ ᠤᠨ ᠬᠢᠲᠠᠳ ᠪᠡᠯᠡᠨ ᠡᠮ ᠢ ᠬᠠᠮᠲᠤ ᠳᠤ ᠨᠢ ᠬᠡᠷᠡᠭᠯᠡᠵᠦ ᠪᠣᠯᠬᠤ ᠦᠭᠡᠢ᠃ ᠲᠠᠪᠤᠳᠤᠭᠠᠷ ᠲᠤ᠂ ᠰᠠᠭᠤᠷᠢ ᠡᠪᠡᠳᠴᠢᠨ | ᠳᠠᠪᠬᠤᠴᠠᠭᠰᠠᠨ ᠨᠠᠰᠤᠲᠠᠶᠢᠴᠤᠳ ᠡᠷᠬᠡᠪᠰᠢ ᠰᠠᠭᠤᠷᠢ ᠡᠪᠡᠳᠴᠢᠨ ᠤ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠠᠳᠡ | ᠬᠤᠶᠠᠷ ᠲᠠᠯ᠎ᠠ ᠶᠢ ᠣᠨᠴᠠᠭᠠᠶᠢᠯᠠᠨ ᠴᠢᠬᠤᠯᠠᠴᠢᠯᠠᠵᠤ ᠪᠠᠶᠢᠨ᠎ᠠ᠃ ᠨᠢᠭᠡ ᠨᠢ ᠴᠢᠰᠤᠨ ᠳᠠᠷᠤᠯᠲᠠ ᠥᠨᠳᠥᠷ ᠡᠪᠡᠳᠴᠢᠨ ᠢ | ᠰᠡᠷᠭᠡᠶᠢᠯᠡᠬᠦ ᠡᠮ᠂ ᠤᠴᠢᠷ ᠨᠢ ᠬᠠᠯᠠᠭᠤᠷᠠᠭᠰᠠᠨ ᠠᠴᠠ ᠪᠣᠯᠵᠤ ᠶᠡᠭᠡ ᠬᠡᠮᠵᠢᠶᠡᠨ ᠤ ᠤᠰᠤ ᠠᠯᠳᠠᠭᠳᠠᠵᠤ ᠴᠢᠰᠤᠨ | ᠳᠠᠷᠤᠯᠲᠠ ᠶᠢ ᠪᠠᠭᠤᠷᠠᠭᠤᠯᠵᠤ ᠮᠡᠳᠡᠨ᠎ᠡ᠃ ᠬᠠᠯᠠᠭᠤᠷᠠᠵᠤ ᠪᠠᠶᠢᠭ᠎ᠠ ᠬᠤᠭᠤᠴᠠᠭᠠᠨ ᠳᠤ᠂ ᠣᠨᠴᠠᠭᠠᠶᠢᠯᠠᠨ ᠬᠠᠯᠠᠭᠤᠨ ᠢ | ᠪᠠᠭᠤᠷᠠᠭᠤᠯᠬᠤ ᠡᠮ ᠬᠡᠷᠡᠭᠯᠡᠬᠦ ᠦᠶ᠎ᠡ ᠳᠤ ᠡᠷᠬᠡᠪᠰᠢ ᠴᠢᠰᠤᠨ ᠳᠠᠷᠤᠯᠲᠠ ᠶᠢ ᠨᠢ ᠪᠠᠶᠢᠴᠠᠭᠠᠬᠤ ᠶᠢ ᠠᠩᠬᠠᠷᠬᠤ ᠬᠡᠷᠡᠭᠲᠡᠢ᠃ | ᠬᠡᠷᠪᠡ ᠴᠢᠰᠤᠨ ᠳᠠᠷᠤᠯᠲᠠ ᠨᠢ ᠳᠣᠣᠷᠠᠳᠠᠵᠤ ᠬᠡᠪ ᠤᠨ ᠬᠡᠮᠵᠢᠶ᠎ᠡ ᠠᠴᠠ ᠳᠣᠣᠷ᠎ᠠ ᠪᠣᠯᠪᠠᠯ ᠴᠢᠰᠤᠨ ᠳᠠᠷᠤᠯᠲᠠ ᠶᠢ | ᠪᠠᠭᠤᠷᠠᠭᠤᠯᠬᠤ ᠡᠮ ᠤᠨ ᠬᠡᠮᠵᠢᠶ᠎ᠡ ᠶᠢ ᠪᠠᠭᠠᠰᠬᠠᠬᠤ ᠪᠤᠶᠤ ᠴᠢᠨᠠᠭᠰᠢᠯᠠᠪᠠᠯ ᠬᠡᠷᠡᠭᠯᠡᠬᠦ ᠪᠠᠨ ᠵᠣᠭᠰᠣᠵᠤ᠂ ᠴᠢᠰᠤᠨ | ᠳᠠᠷᠤᠯᠲᠠ ᠨᠢ ᠬᠡᠪ ᠤᠨ ᠪᠠᠶᠢᠳᠠᠯ ᠳᠤ ᠪᠠᠨ ᠣᠷᠣᠭᠰᠠᠨ ᠤ ᠳᠠᠷᠠᠭ᠎ᠠ ᠰᠠᠶ᠋ᠢ ᠵᠤᠷᠰᠢᠯ ᠶᠣᠰᠣᠭᠠᠷ ᠬᠡᠷᠡᠭᠯᠡᠨ᠎ᠡ᠃ ᠨᠥᠭᠦᠭᠡ | ᠨᠢᠭᠡ ᠨᠢ ᠴᠢᠰᠤᠨ ᠰᠢᠬᠢᠷ ᠢ ᠪᠠᠭᠤᠷᠠᠭᠤᠯᠬᠤ ᠡᠮ ᠪᠣᠯᠣᠨ᠎ᠠ᠂ ᠨᠠᠰᠤᠲᠠᠶᠢᠴᠤᠳ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ ᠢᠳᠡᠬᠦ ᠬᠤᠭᠤᠯᠠᠨ ᠤ ᠬᠡᠮᠵᠢᠶ᠎ᠡ ᠨᠢ ᠮᠠᠰᠢ ᠪᠠᠭᠠᠳᠠᠵᠤ ᠮᠡᠳᠡᠨ᠎ᠡ᠂ ᠡᠶᠢᠮᠦ ᠠᠴᠠ | ᠪᠢᠳᠡ ᠴᠢᠰᠤᠨ ᠰᠢᠬᠢᠷ ᠤᠨ ᠬᠤᠪᠢᠷᠠᠯᠲᠠ ᠶᠢ ᠬᠢᠨᠠᠨ ᠰᠢᠨᠵᠢᠯᠡᠵᠦ᠂ ᠴᠢᠰᠤᠨ ᠰᠢᠬᠢᠷ ᠳᠣᠣᠷ᠎ᠠ ᠪᠣᠯᠬᠤ ᠠᠴᠠ ᠰᠡᠷᠭᠡᠶᠢᠯᠡᠬᠦ | ᠬᠡᠷᠡᠭᠲᠡᠢ᠃ ᠬᠠᠮᠤᠭ ᠤᠨ ᠰᠡᠬᠦᠯ ᠳᠤ᠂ ᠨᠠᠰᠤᠲᠠᠶᠢᠴᠤᠳ ᠲᠤ ᠣᠨᠴᠠᠭᠠᠶᠢᠯᠠᠨ ᠰᠠᠨᠠᠭᠤᠯᠬᠤ ᠨᠢ᠂ ᠨᠠᠰᠤᠲᠠᠶᠢᠴᠤᠳ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ᠂ ᠲᠣᠭᠲᠠᠪᠤᠷᠢᠵᠢᠭᠤᠯᠬᠤ ᠴᠢᠳᠠᠪᠤᠷᠢ ᠨᠢ ᠪᠠᠭᠤᠷᠠᠳᠠᠭ᠂ | ᠵᠠᠯᠠᠭᠤᠴᠤᠳ ᠲᠤ ᠴᠤ ᠡᠶᠢᠮᠦ ᠲᠥᠷᠥᠭᠳᠡᠯ ᠪᠠᠶᠢᠵᠤ ᠮᠡᠳᠡᠨ᠎ᠡ᠃ ᠬᠠᠯᠠᠭᠤᠷᠠᠭᠰᠠᠨ ᠤ ᠲᠠᠷᠠᠭ᠎ᠠ ᠵᠠᠮ ᠶᠠᠪᠤᠬᠤ ᠳᠤ ᠪᠠᠨ | ᠵᠢᠭᠠᠬᠠᠨ ᠬᠠᠶᠢᠪᠠᠯᠵᠠᠬᠤ ᠪᠣᠯᠣᠨ᠎ᠠ᠂ ᠨᠠᠰᠤᠲᠠᠶᠢᠴᠤᠳ ᠲᠤ ᠡᠶᠢᠮᠦ ᠪᠠᠶᠢᠳᠠᠯ ᠭᠠᠷᠤᠭᠰᠠᠨ ᠤ ᠲᠠᠷᠠᠭ᠎ᠠ ᠮᠠᠰᠢ ᠠᠮᠠᠷᠬᠠᠨ | ᠣᠶᠢᠴᠢᠳᠠᠭ᠂ ᠣᠶᠢᠴᠢᠭᠰᠠᠨ ᠤ ᠲᠠᠷᠠᠭ᠎ᠠ ᠠᠮᠠᠷᠬᠠᠨ ᠶᠠᠰᠤ ᠬᠤᠭᠤᠷᠠᠳᠠᠭ ᠶᠤᠮ᠃ ᠡᠶᠢᠮᠦ ᠠᠴᠠ ᠨᠠᠰᠤᠲᠠᠶᠢᠴᠤᠳ | ᠬᠠᠯᠠᠭᠤᠷᠠᠬᠤ᠂ ᠨᠡᠯᠢᠶᠡᠳ ᠲᠠᠮᠢᠷᠳᠠᠬᠤ ᠦᠶ᠎ᠡ ᠳᠤ ᠣᠶᠢᠴᠢᠬᠤ ᠠᠴᠠ ᠣᠨᠴᠠ ᠰᠡᠷᠭᠡᠶᠢᠯᠡᠬᠦ ᠬᠡᠷᠡᠭᠲᠡᠢ᠃ ᠶᠠᠮᠠᠷ ᠪᠠᠶᠢᠳᠠᠯ ᠳᠤ | ᠨᠠᠰᠤᠲᠠᠶᠢᠴᠤᠳ ᠤᠨ ᠡᠮᠨᠡᠯᠭᠡ ᠳᠤ ᠣᠴᠢᠵᠤ ᠡᠮᠨᠡᠭᠦᠯᠬᠦ ᠶᠢ ᠪᠣᠳᠣᠯᠬᠢᠯᠠᠬᠤ ᠴᠢᠬᠤᠯᠠᠲᠠᠢ ᠪᠣᠶ︖ ᠨᠢᠭᠡᠳᠦᠭᠡᠷ ᠲᠤ᠂ | ᠡᠪᠡᠳᠴᠢᠨ ᠤ ᠢᠯᠡᠷᠡᠯ ᠨᠢ ᠦᠷᠭᠦᠯᠵᠢᠯᠡᠬᠦ ᠪᠤᠶᠤ ᠬᠦᠨᠳᠦᠷᠡᠬᠦ᠂ ᠵᠢᠱᠢᠶᠡᠯᠡᠪᠡᠯ ᠦᠷᠭᠦᠯᠵᠢᠯᠡᠨ ᠬᠠᠯᠠᠭᠤᠷᠠᠬᠤ ᠪᠤᠶᠤ | ᠴᠢᠨᠠᠭᠰᠢᠯᠠᠪᠠᠯ ᠬᠦᠨᠳᠦᠷᠡᠬᠦ ᠬᠠᠨᠳᠤᠰᠢ ᠲᠠᠢ᠃ ᠬᠤᠶᠠᠳᠤᠭᠠᠷ ᠲᠤ᠂ ᠰᠢᠨ᠎ᠡ ᠡᠪᠡᠳᠴᠢᠨ ᠤ ᠰᠢᠨᠵᠢ ᠢᠯᠡᠷᠡᠬᠦ᠂ ᠵᠢᠱᠢᠶᠡᠯᠡᠪᠡᠯ | ᠴᠡᠭᠡᠵᠢ ᠡᠪᠡᠳᠬᠦ᠂ ᠠᠮᠢᠰᠬᠤᠯ ᠴᠢᠬᠤᠯᠳᠠᠬᠤ᠂ ᠥᠳᠬᠡᠨ ᠰᠢᠩᠭᠡᠨ ᠮᠥᠷ ᠠᠯᠳᠠᠭᠳᠠᠬᠤ ᠪᠤᠶᠤ ᠭᠡᠨᠡᠳᠲᠡ ᠮᠥᠴᠢ ᠪᠠᠨ | ᠬᠥᠳᠡᠯᠭᠡᠵᠦ ᠳᠡᠶᠢᠯᠬᠦ ᠦᠭᠡᠢ ᠪᠣᠯᠬᠤ᠂ ᠣᠨᠴᠠᠭᠠᠶᠢᠯᠠᠨ ᠥᠷᠥᠭᠡᠰᠦᠨ ᠲᠠᠯ᠎ᠠ ᠶᠢᠨ ᠮᠥᠴᠢ ᠶᠢᠨ ᠬᠥᠳᠡᠯᠭᠡᠭᠡᠨ ᠬᠢᠵᠦ ᠳᠡᠶᠢᠯᠬᠦ | ᠦᠭᠡᠢ ᠪᠣᠯᠬᠤ᠂ ᠡᠰᠡᠬᠦᠯ᠎ᠡ ᠬᠤᠭᠤᠯᠠ ᠢᠳᠡᠵᠦ ᠳᠡᠶᠢᠯᠬᠦ ᠦᠭᠡᠢ ᠪᠣᠯᠬᠤ᠂ ᠳᠤᠷ᠎ᠠ ᠪᠣᠯᠭᠢᠵᠤ ᠪᠥᠭᠡᠯᠵᠢᠬᠦ ᠪᠠᠶᠢᠳᠠᠯ ᠢᠯᠡᠷᠡᠬᠦ᠂ | ᠡᠰᠡᠬᠦᠯ᠎ᠡ ᠳᠠᠩᠳᠠ ᠤᠨᠲᠠᠬᠤ ᠪᠠᠶᠢᠳᠠᠯ ᠲᠠᠢ ᠪᠣᠯᠬᠤ᠂ ᠬᠥᠮᠥᠨ ᠢ ᠲᠠᠨᠢᠬᠤ ᠦᠭᠡᠢ ᠪᠣᠯᠬᠤ᠂ ᠲᠣᠭᠲᠠᠭᠰᠠᠨ ᠴᠢᠭᠯᠡᠯ ᠤᠨ | ᠰᠠᠭᠠᠳ ᠲᠠᠢ ᠪᠣᠯᠬᠤ ᠵᠡᠷᠭᠡ ᠨᠢ ᠪᠦᠷ ᠠᠶᠤᠯ ᠲᠦᠭᠰᠢᠭᠦᠷᠢ ᠶᠢᠨ ᠳᠣᠬᠢᠶ᠎ᠠ ᠪᠣᠯᠣᠨ᠎ᠠ᠃ ᠡᠭᠦᠨ ᠠᠴᠠ ᠭᠠᠳᠠᠨ᠎ᠠ᠂ ᠰᠠᠭᠤᠷᠢ | ᠡᠪᠡᠳᠴᠢᠨ ᠨᠢ ᠬᠦᠨᠳᠦᠷᠡᠬᠦ᠂ ᠵᠢᠱᠢᠶᠡᠯᠡᠪᠡᠯ ᠨᠠᠰᠤᠲᠠᠶᠢᠴᠤᠳ ᠤᠤᠯ ᠳᠤ ᠪᠠᠨ ᠵᠢᠷᠦᠬᠡᠨ ᠤ ᠲᠢᠲᠢᠮ ᠡᠪᠡᠳᠴᠢᠨ ᠲᠠᠢ ᠪᠣᠯ᠂ | ᠵᠢᠷᠦᠬᠡ ᠪᠠᠵᠠᠯᠠᠨ ᠡᠪᠡᠳᠬᠦ ᠢᠯᠡᠷᠡᠯ ᠲᠠᠢ᠂ ᠤᠤᠯ ᠨᠢ ᠠᠭᠤᠰᠬᠢᠨ ᠤ ᠠᠷᠬᠠᠭ ᠡᠪᠡᠳᠴᠢᠨ ᠪᠤᠶᠤ ᠠᠭᠰᠠᠭ᠎ᠠ ᠲᠠᠢ ᠪᠣᠯ᠂ | ᠠᠭᠤᠰᠬᠢᠨ ᠤ ᠠᠷᠬᠠᠭ ᠡᠪᠡᠳᠴᠢᠨ ᠪᠠ ᠠᠭᠰᠠᠭ᠎ᠠ ᠨᠢ ᠬᠦᠨᠳᠦᠷᠡᠬᠦ ᠢᠯᠡᠷᠡᠯ ᠲᠠᠢ ᠪᠠᠶᠢᠵᠤ᠂ ᠬᠦᠨᠳᠦᠷᠡᠬᠦ ᠦᠶ᠎ᠡ ᠳᠤ | ᠨᠠᠰᠤᠲᠠᠶᠢᠴᠤᠳ ᠡᠷᠬᠡᠪᠰᠢ ᠡᠮᠨᠡᠭᠦᠯᠬᠦ ᠴᠢᠬᠤᠯᠠᠲᠠᠢ ᠶᠢ ᠣᠨᠴᠠᠭᠠᠶᠢᠯᠠᠨ ᠰᠠᠨᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ | ᠵᠠᠷᠢᠮ ᠰᠠᠭᠤᠷᠢ ᠡᠪᠡᠳᠴᠢᠨ ᠤ ᠲᠣᠰ ᠪᠡᠶ᠎ᠡ ᠨᠢ ᠲᠣᠭᠲᠠᠭᠤᠨ ᠪᠤᠰᠤ ᠪᠠᠶᠢᠳᠠᠭ᠂ ᠵᠢᠱᠢᠶᠡᠯᠡᠪᠡᠯ ᠠᠮᠢᠰᠬᠤᠯ ᠤᠨ ᠰᠢᠰᠲ᠋ᠧᠮ ᠤᠨ | ᠬᠦᠨᠳᠦ ᠡᠪᠡᠳᠴᠢᠨ ᠲᠠᠢ᠂ ᠵᠢᠷᠦᠬᠡᠨ ᠤ ᠬᠦᠨᠳᠦ ᠡᠪᠡᠳᠴᠢᠨ ᠲᠠᠢ᠂ ᠡᠰᠡᠬᠦᠯ᠎ᠡ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠸᠠᠺᠼᠢᠨ ᠤ ᠲᠠᠷᠢᠯᠭ᠎ᠠ ᠬᠢᠭᠰᠡᠨ ᠦᠭᠡᠢ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠬᠦᠨᠳᠦ | ᠢᠯᠡᠷᠡᠯ ᠲᠠᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠠᠶᠤᠯ ᠶᠡᠬᠡᠲᠡᠢ ᠬᠥᠮᠥᠰ ᠤᠨ ᠳᠤᠮᠳᠠ ᠠᠶᠤᠯ ᠶᠡᠬᠡᠲᠡᠢ ᠬᠥᠮᠥᠰ | ᠪᠣᠯᠬᠤᠷ ᠣᠨᠴᠠᠭᠠᠶ ᠠᠩᠬᠠᠷᠬᠤ ᠴᠢᠬᠤᠯᠠᠲᠠᠢ ᠶᠤᠮ᠃ ᠶᠠᠭᠠᠬᠢᠭᠠᠳ ᠸᠠᠺᠼᠢᠨ ᠤ ᠲᠠᠷᠢᠯᠭ᠎ᠠ ᠬᠢᠭᠰᠡᠨ ᠦᠭᠡᠢ | ᠨᠠᠰᠤᠲᠠᠶᠢᠴᠤᠳ ᠤᠨ ᠠᠶᠤᠯ ᠲᠦᠭᠰᠢᠭᠦᠷᠢ ᠨᠢ ᠶᠡᠭᠡ ᠪᠠᠶᠢᠳᠠᠭ ᠪᠣᠶ︖ ᠡᠭᠦᠨ ᠳᠤ ᠬᠤᠶᠠᠷ ᠰᠢᠯᠲᠠᠭᠠᠨ ᠪᠣᠶ᠂ ᠨᠢᠭᠡ ᠳᠤ᠂ | ᠨᠠᠰᠤ ᠨᠢ ᠨᠡᠮᠡᠭᠳᠡᠬᠦ ᠶᠢ ᠳᠠᠭᠠᠯᠳᠤᠨ᠂ ᠲᠡᠭᠦᠨ ᠤ ᠡᠭᠡᠯᠢᠯᠡᠭᠡ ᠶᠢᠨ ᠴᠢᠳᠠᠪᠤᠷᠢ ᠨᠢ ᠮᠠᠭᠤᠳᠠᠵᠤ ᠪᠠᠶᠢᠨ᠎ᠠ᠂ ᠬᠤᠶᠠᠷ ᠲᠤ᠂ | ᠣᠯᠠᠩᠬᠢ ᠨᠠᠰᠤᠲᠠᠶᠢᠴᠤᠳ ᠴᠥᠮ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠳᠤ ᠨᠡᠷᠪᠡᠭᠳᠡᠭᠰᠡᠨ ᠤ ᠳᠠᠷᠠᠭ᠎ᠠ᠂ ᠡᠨᠡ ᠬᠦ ᠰᠠᠭᠤᠷᠢ ᠴᠢᠨᠠᠷᠲᠠᠢ ᠡᠪᠡᠳᠴᠢᠨ ᠢ ᠬᠦᠨᠳᠦᠷᠡᠬᠦ ᠲᠦᠭᠰᠢᠭᠦᠷᠢ ᠲᠠᠢ | ᠪᠠᠶᠢᠳᠠᠭ᠃ ᠡᠶᠢᠮᠦ ᠪᠠᠶᠢᠳᠠᠯ ᠳᠣᠣᠷ᠎ᠠ᠂ ᠨᠠᠰᠤᠲᠠᠶᠢᠴᠤᠳ ᠭᠠᠭᠴᠠᠭᠠᠷ ᠰᠠᠭᠤᠵᠤ ᠪᠠᠶᠢᠭᠰᠠᠨ ᠴᠤ ᠲᠡᠷᠡ᠂ ᠭᠡᠷ ᠤᠨ | ᠬᠥᠮᠥᠰ ᠲᠠᠢ ᠪᠠᠨ ᠬᠠᠮᠲᠤ ᠰᠠᠭᠤᠵᠤ ᠪᠠᠶᠢᠭᠰᠠᠨ ᠴᠤ ᠲᠡᠷᠡ᠂ ᠸᠠᠺᠼᠢᠨ ᠤ ᠲᠠᠷᠢᠯᠭ᠎ᠠ ᠶᠢ ᠬᠢᠵᠦ ᠳᠠᠭᠤᠰᠬᠠᠭᠰᠠᠨ ᠦᠭᠡᠢ ᠯᠡ | ᠶᠤᠮ ᠪᠣᠯ᠂ ᠲᠠᠷᠢᠯᠭ᠎ᠠ ᠶᠢ ᠬᠢᠵᠦ ᠳᠠᠭᠤᠰᠬᠠᠬᠤ ᠶᠢ ᠰᠠᠨᠠᠭᠤᠯᠵᠤ ᠪᠠᠶᠢᠨ᠎ᠠ᠃ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ᠂ | ᠴᠢᠩᠭᠠᠳᠬᠠᠬᠤ ᠲᠠᠷᠢᠯᠭ᠎ᠠ ᠶᠢ ᠪᠠᠭᠲᠠᠭᠠᠨ᠎ᠠ᠃ ᠡᠭᠦᠨ ᠠᠴᠠ ᠡᠮᠦᠨ᠎ᠡ ᠨᠥᠬᠦᠴᠡᠯ ᠳᠤ ᠨᠡᠶᠢᠴᠡᠬᠦ ᠦᠭᠡᠢ ᠨᠠᠰᠤᠲᠠᠶᠢᠴᠤᠳ ᠲᠤ | ᠬᠡᠵᠢᠶᠡᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠦᠦ︖ | ᠸᠠᠺᠼᠢᠨ ᠤ ᠲᠠᠷᠢᠯᠭ᠎ᠠ ᠬᠢᠬᠦ ᠶᠠᠪᠤᠴᠠ ᠳᠤ ᠪᠢᠳᠡ ᠡᠶᠢᠮᠦ ᠨᠢᠭᠡᠨ ᠴᠢᠩᠭ᠎ᠠ ᠴᠡᠭᠡᠷ ᠪᠠᠶᠢᠳᠠᠭ᠂ ᠲᠤᠬᠠᠶᠢᠯᠠᠪᠠᠯ ᠸᠠᠺᠼᠢᠨ ᠤ | ᠲᠠᠷᠢᠯᠭ᠎ᠠ ᠬᠢᠭᠰᠡᠨ ᠤ ᠳᠠᠷᠠᠭ᠎ᠠ ᠬᠦᠨᠳᠦ ᠨᠣᠴᠢᠲᠠᠢ ᠬᠠᠷᠰᠢᠮᠠᠲᠠᠭᠠᠢ ᠤᠷᠪᠠᠯ ᠭᠠᠷᠤᠭᠰᠠᠨ ᠪᠣᠯ ᠡᠨᠡ ᠬᠦ ᠸᠠᠺᠼᠢᠨ ᠢ ᠳᠠᠬᠢᠵᠤ | ᠳᠠᠷᠢᠵᠤ ᠪᠣᠯᠬᠤ ᠦᠭᠡᠢ᠃ ᠪᠤᠰᠤᠳ ᠣᠯᠠᠩᠬᠢ ᠪᠠᠶᠢᠳᠠᠯ ᠨᠢ ᠴᠥᠮ ᠠᠯᠭᠤᠷ ᠲᠠᠷᠢᠯᠭ᠎ᠠ ᠬᠢᠵᠦ ᠪᠣᠯᠬᠤ ᠪᠠᠶᠢᠳᠠᠯ ᠳᠤ | ᠲᠣᠭᠠᠴᠠᠭᠳᠠᠨ᠎ᠠ᠂ ᠡᠭᠦᠨ ᠳᠤ ᠡᠮᠦᠨᠡᠬᠢ ᠬᠤᠭᠤᠴᠠᠭᠠᠨ ᠳᠤ ᠰᠠᠭᠤᠷᠢ ᠴᠢᠨᠠᠷᠲᠠᠢ ᠡᠪᠡᠳᠴᠢᠨ ᠠᠴᠠ ᠪᠣᠯᠵᠤ ᠦᠨᠡᠯᠡᠨ ᠵᠢᠱᠢᠬᠦ | ᠶᠠᠪᠤᠴᠠ ᠳᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠳᠠᠯ ᠢ ᠪᠠᠭᠲᠠᠭᠠᠨ᠎ᠠ᠂ ᠡᠭᠦᠨ ᠳᠤ ᠣᠯᠠᠩᠬᠢ ᠨᠢ ᠠᠯᠭᠤᠷ | ᠲᠠᠷᠢᠯᠭ᠎ᠠ ᠬᠢᠬᠦ ᠪᠠᠶᠢᠳᠠᠯ ᠳᠤ ᠲᠣᠭᠠᠴᠠᠭᠳᠠᠨ᠎ᠠ᠃ ᠬᠡᠷᠪᠡ ᠨᠠᠰᠤᠲᠠᠶᠢᠴᠤᠳ ᠰᠠᠭᠤᠷᠢ ᠴᠢᠨᠠᠷᠲᠠᠢ ᠡᠪᠡᠳᠴᠢᠨ ᠲᠠᠢ ᠪᠣᠯ | ᠡᠬᠢᠨ ᠤ ᠬᠤᠭᠤᠴᠠᠭᠠᠨ ᠳᠤ ᠲᠦᠷᠭᠡᠨ ᠴᠢᠨᠠᠷᠲᠠᠢ ᠬᠥᠳᠡᠯᠬᠦ ᠬᠤᠭᠤᠴᠠᠭᠠᠨ ᠳᠤ ᠣᠷᠣᠰᠢᠵᠤ᠂ ᠬᠡᠰᠡᠭ ᠬᠤᠭᠤᠴᠠᠭ᠎ᠠ | ᠡᠮᠨᠡᠭᠦᠯᠦᠭᠰᠡᠨ ᠤ ᠳᠠᠷᠠᠭ᠎ᠠ ᠲᠣᠭᠲᠠᠮᠠᠯ ᠬᠤᠭᠤᠴᠠᠭᠠᠨ ᠳᠤ ᠣᠷᠣᠰᠢᠬᠤ᠂ ᠥᠭᠡᠷ᠎ᠡ ᠪᠠᠷ ᠬᠡᠯᠡᠪᠡᠯ ᠣᠨᠴᠠᠭᠠᠶ ᠵᠠᠰᠠᠯ ᠠᠴᠠ | ᠪᠣᠯᠵᠤ ᠸᠠᠺᠼᠢᠨ ᠤ ᠲᠠᠷᠢᠯᠭ᠎ᠠ ᠬᠢᠵᠦ ᠪᠣᠯᠬᠤ ᠦᠭᠡᠢ ᠪᠠᠶᠢᠭᠰᠠᠨ ᠪᠣᠯ᠂ ᠡᠶᠢᠮᠦᠷᠬᠦᠦ ᠣᠨᠴᠠᠭᠠᠶ ᠵᠠᠰᠠᠯ ᠨᠢ ᠳᠠᠭᠤᠰᠤᠭᠰᠠᠨ ᠤ | ᠳᠠᠷᠠᠭ᠎ᠠ ᠡᠲᠡᠭᠡᠷ ᠬᠥᠮᠥᠰ ᠴᠥᠮ ᠲᠠᠷᠢᠯᠭ᠎ᠠ ᠬᠢᠬᠦ ᠶᠢ ᠪᠣᠳᠣᠯᠬᠢᠯᠠᠵᠤ ᠪᠣᠯᠣᠨ᠎ᠠ᠃ ᠢᠯᠠᠩᠭᠤᠶ᠎ᠠ ᠣᠳᠣᠬᠠᠨ ᠳᠤ ᠡᠶᠢᠮᠦᠷᠬᠦᠦ | ᠬᠢᠵᠢᠭ ᠳᠡᠯᠭᠡᠷᠡᠬᠦ ᠬᠦᠴᠦᠯᠡᠴᠡ ᠨᠢ ᠨᠡᠯᠢᠶᠡᠳ ᠴᠢᠩᠭ᠎ᠠ᠂ ᠬᠠᠯᠳᠠᠪᠤᠷᠢᠯᠠᠬᠤ ᠡᠬᠢ ᠰᠤᠷᠪᠤᠯᠵᠢ ᠨᠢ ᠨᠡᠯᠢᠶᠡᠳ ᠠᠷᠪᠢᠨ ᠪᠠᠶᠢᠬᠤ | ᠪᠠᠶᠢᠳᠠᠯ ᠳᠣᠣᠷ᠎ᠠ᠂ ᠡᠲᠡᠭᠡᠷ ᠬᠥᠮᠥᠰ ᠲᠤ ᠳᠠᠬᠢᠨᠲᠠ ᠦᠨᠡᠯᠡᠨ ᠵᠢᠱᠢᠯᠲᠡ ᠬᠢᠵᠦ ᠲᠠᠷᠢᠯᠭ᠎ᠠ ᠬᠢᠵᠦ ᠪᠣᠯᠬᠤ ᠳᠤ ᠬᠦᠷᠪᠡᠯ | ᠳᠠᠷᠤᠢ ᠲᠠᠷᠢᠯᠭ᠎ᠠ ᠬᠢᠵᠦ ᠪᠣᠯᠣᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠲᠡᠨ ᠵᠢᠷᠦᠬᠡ ᠴᠢᠰᠤᠨ ᠰᠤᠳᠠᠯ ᠤᠨ | ᠡᠪᠡᠳᠴᠢᠲᠡᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠᠷ ᠣᠨᠣᠰᠢᠯᠠᠭᠳᠠᠭᠰᠠᠨ ᠤ ᠳᠠᠷᠠᠭ᠎ᠠ᠂ ᠭᠡᠷ ᠲᠤ ᠪᠠᠨ ᠡᠮᠨᠡᠨ | ᠵᠠᠰᠠᠬᠤ ᠳᠤ ᠶᠠᠭᠤ ᠶᠢ ᠠᠩᠬᠠᠷᠪᠠᠯ ᠵᠣᠬᠢᠬᠤ ᠪᠣᠢ︖ ᠤᠤᠯ ᠨᠢ ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ | ᠬᠥᠮᠥᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠭᠰᠡᠨ ᠴᠦ ᠰᠠᠨᠠᠭ᠎ᠠ ᠵᠣᠪᠠᠭ᠋ᠤ ᠬᠡᠷᠡᠭ ᠦᠭᠡᠢ᠂ ᠲᠡᠳᠡ | ᠭᠡᠷ ᠲᠤ ᠪᠠᠨ ᠰᠠᠭᠤᠵᠤ ᠤᠤᠯ ᠤᠨ ᠡᠪᠡᠳᠴᠢᠨ ᠢᠶᠠᠨ ᠰᠠᠶᠢᠲᠤᠷ ᠵᠠᠰᠠᠭᠤᠯᠬᠤ ᠬᠡᠷᠡᠭᠲᠡᠢ᠂ ᠲᠡᠳᠡᠨᠦᠰ ᠤᠨ ᠣᠯᠠᠩᠬᠢ ᠨᠢ ᠪᠦᠷ | ᠵᠢᠷᠦᠬᠡᠨ ᠤ ᠲᠢᠲᠢᠮ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ ᠪᠤᠶᠤ ᠵᠢᠷᠦᠬᠡ ᠮᠠᠭᠤᠳᠠᠬᠤ ᠮᠡᠲᠦ ᠶᠢᠨ | ᠡᠪᠡᠳᠴᠢᠨ ᠳᠤ ᠨᠡᠷᠪᠡᠭᠳᠡᠵᠦ᠂ ᠪᠦᠷ ᠰᠠᠭᠤᠷᠢ ᠡᠪᠡᠳᠴᠢᠨ ᠤ ᠡᠮ ᠤᠤᠭᠤᠵᠤ ᠪᠠᠶᠢᠳᠠᠭ᠃ ᠶᠡᠭᠡ ᠪᠠᠷ ᠬᠠᠯᠠᠭᠤᠷᠠᠭᠰᠠᠨ ᠤ | ᠳᠠᠷᠠᠭ᠎ᠠ ᠤᠰᠤ ᠠᠷᠪᠢᠨ ᠤᠤᠭᠤᠪᠠᠯ ᠵᠢᠷᠦᠬᠡ ᠮᠠᠭᠤᠳᠠᠬᠤ ᠢᠯᠡᠷᠡᠯ ᠢ ᠨᠥᠯᠥᠭᠡᠯᠡᠵᠦ ᠮᠡᠳᠡᠨ᠎ᠡ᠂ ᠵᠢᠱᠢᠶᠡᠯᠡᠪᠡᠯ ᠪᠤᠯᠴᠢᠩ ᠮᠢᠬ᠎ᠠ | ᠱᠠᠷᠬᠢᠷᠠᠵᠤ ᠡᠪᠡᠳᠬᠦ ᠶᠢ ᠨᠠᠮᠳᠠᠭᠤᠯᠬᠤ ᠡᠮ ᠪᠠ ᠵᠢᠷᠦᠬᠡ ᠴᠢᠰᠤᠨ ᠰᠤᠳᠠᠯ ᠤᠨ ᠵᠠᠰᠠᠯ ᠤᠨ ᠡᠮ ᠵᠡᠷᠭᠡ ᠨᠢ ᠣᠳᠣᠬᠠᠨ ᠳᠤ | ᠲᠡᠳᠡᠭᠡᠷ ᠤᠨ ᠬᠤᠭᠤᠷᠣᠨᠳᠣᠬᠢ ᠡᠰᠡᠷᠭᠦ ᠦᠢᠯᠡᠳᠦᠯ ᠢ ᠬᠠᠷᠠᠬᠠᠨ ᠣᠯᠵᠤ ᠮᠡᠳᠡᠭᠡᠳᠦᠢ᠂ ᠡᠶᠢᠮᠦ ᠠᠴᠠ ᠰᠠᠨᠠᠭ᠎ᠠ ᠵᠣᠪᠠᠭᠰᠠᠨ ᠤ | ᠬᠡᠷᠡᠭ ᠠᠯᠠᠭ᠎ᠠ᠃ ᠤᠴᠢᠷ ᠨᠢ ᠠᠩᠬᠠᠷᠬᠤ ᠴᠢᠬᠤᠯᠠᠲᠠᠢ ᠭᠤᠣᠯ ᠠᠰᠠᠭᠤᠳᠠᠯ ᠭᠡᠪᠡᠯ ᠵᠢᠷᠦᠬᠡ ᠴᠢᠰᠤᠨ ᠰᠤᠳᠠᠯ ᠤᠨ | ᠡᠪᠡᠳᠴᠢᠨ ᠢ ᠡᠭᠦᠰᠬᠡᠬᠦ ᠪᠠ ᠬᠦᠨᠳᠦᠷᠡᠭᠦᠯᠬᠦ ᠶᠠᠪᠤᠳᠠᠯ ᠪᠠᠶᠢᠵᠤ᠂ ᠵᠢᠷᠦᠬᠡᠨ ᠤ ᠰᠠᠭᠤᠷᠢ ᠡᠪᠡᠳᠴᠢᠨ ᠢ ᠰᠠᠶᠢᠲᠤᠷ ᠵᠠᠰᠠᠬᠤ ᠳᠤ | ᠂ ᠤᠤᠯ ᠤᠨ ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠤ ᠡᠮ ᠢᠶᠠᠨ ᠰᠠᠶᠢᠲᠤᠷ ᠬᠡᠷᠡᠭᠯᠡᠵᠦ᠂ ᠪᠡᠶ᠎ᠡ | ᠮᠠᠬᠠᠪᠤᠳ ᠤᠨ ᠡᠭᠡᠯᠢᠯᠡᠭᠡ ᠶᠢᠨ ᠴᠢᠳᠠᠯ ᠢᠶᠠᠨ ᠨᠡᠮᠡᠭᠳᠡᠭᠦᠯᠦᠨ᠂ ᠤᠨᠲᠠᠯᠭ᠎ᠠ ᠪᠠᠨ ᠰᠠᠶᠢᠵᠢᠷᠠᠭᠤᠯᠵᠤ᠂ ᠪᠤᠬᠢᠨᠢᠳᠤᠵᠤ ᠵᠣᠪᠠᠭ᠋ᠤ | ᠪᠣᠳᠣᠯ ᠢ ᠲᠡᠪᠴᠢᠬᠦ ᠬᠡᠷᠡᠭᠲᠡᠢ᠃ ᠣᠯᠠᠩᠬᠢ ᠵᠢᠷᠦᠬᠡᠨ ᠤ ᠡᠪᠡᠳᠴᠢᠲᠡᠨ ᠨᠢ ᠮᠠᠰᠢ ᠣᠯᠠᠨ ᠨᠠᠵᠠᠭᠠᠢ ᠰᠤᠷᠠᠭ ᠴᠢᠮᠡᠭᠡ ᠶᠢ | ᠣᠯᠵᠤ ᠰᠣᠨᠣᠰᠤᠭᠰᠠᠭᠠᠷ ᠳᠠᠷᠤᠢ ᠡᠪᠡᠳᠴᠢᠨ ᠨᠢ ᠬᠦᠨᠳᠦᠷᠡᠳᠡᠭ᠃ ᠡᠶᠢᠮᠦ ᠠᠴᠠ ᠠᠶᠤᠵᠤ ᠰᠦᠷᠳᠡᠭᠰᠡᠨ ᠤ ᠬᠡᠷᠡᠭ ᠦᠭᠡᠢ᠂ | ᠡᠶᠢᠮᠦᠷᠬᠦᠦ ᠰᠡᠳᠬᠢᠴᠡ ᠶᠢ ᠢᠯᠠᠨ ᠳᠠᠪᠠᠭ᠋ᠤ ᠬᠡᠷᠡᠭᠲᠡᠢ᠃ ᠡᠭᠦᠨ ᠠᠴᠠ ᠭᠠᠳᠠᠨ᠎ᠠ ᠤᠷᠲᠤ ᠬᠤᠭᠤᠴᠠᠭ᠎ᠠ ᠪᠠᠷ ᠤᠤᠭᠤᠵᠤ | ᠪᠠᠶᠢᠭᠰᠠᠨ ᠵᠢᠷᠦᠬᠡ ᠴᠢᠰᠤᠨ ᠰᠤᠳᠠᠯ ᠤᠨ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠡᠮ ᠢᠶᠠᠨ ᠵᠣᠭᠰᠣᠭᠠᠵᠤ ᠪᠣᠯᠬᠤ ᠦᠭᠡᠢ᠂ | ᠡᠮ ᠤᠤᠭᠤᠬᠤ ᠪᠠᠨ ᠵᠣᠭᠰᠣᠪᠠᠯ ᠡᠪᠡᠳᠴᠢᠨ ᠢ ᠡᠭᠦᠰᠬᠡᠬᠦ ᠪᠤᠶᠤ ᠬᠦᠨᠳᠦᠷᠡᠭᠦᠯᠵᠦ ᠮᠡᠳᠡᠨ᠎ᠡ᠃ ᠬᠡᠷᠪᠡ ᠦᠷᠭᠦᠯᠵᠢᠯᠡᠭᠰᠡᠨ | ᠴᠢᠨᠠᠷᠲᠠᠢ ᠴᠡᠭᠡᠵᠢ ᠡᠪᠡᠳᠬᠦ ᠳᠤ ᠬᠦᠷᠪᠡᠯ ᠡᠮᠨᠡᠯᠭᠡ ᠳᠤ ᠣᠴᠢᠵᠤ ᠪᠠᠶᠢᠴᠠᠭᠠᠯᠭᠠᠬᠤ ᠬᠡᠷᠡᠭᠲᠡᠢ᠃ ᠡᠮᠨᠡᠯᠭᠡ ᠶᠢᠨ ᠬᠤᠷᠢᠶ᠎ᠠ 24 | ᠴᠠᠭ ᠲᠤ ᠪᠦᠷ ᠨᠡᠭᠡᠭᠡᠯᠲᠡᠲᠡᠢ ᠪᠠᠶᠢᠵᠤ᠂ ᠤᠯᠠᠮ ᠨᠢᠭᠡ ᠠᠯᠬᠤᠮ ᠣᠨᠣᠰᠢᠯᠠᠬᠤ ᠪᠠ ᠡᠮᠨᠡᠨ ᠵᠠᠰᠠᠭᠤᠯᠵᠤ ᠪᠣᠯᠣᠨ᠎ᠠ᠃ ᠵᠢᠷᠦᠬᠡ | ᠴᠢᠰᠤᠨ ᠰᠤᠳᠠᠯ ᠤᠨ ᠡᠪᠡᠳᠴᠢᠲᠡᠨ ᠬᠠᠯᠳᠠᠪᠤᠷᠢᠯᠠᠯ ᠢ ᠬᠡᠷᠬᠢᠨ ᠰᠡᠷᠭᠡᠶᠢᠯᠡᠬᠦ ᠪᠣᠢ︖ ᠤᠤᠯ ᠳᠤ ᠪᠠᠨ ᠵᠢᠷᠦᠬᠡ ᠴᠢᠰᠤᠨ | ᠰᠤᠳᠠᠯ ᠤᠨ ᠡᠪᠡᠳᠴᠢᠨ ᠲᠠᠢ ᠬᠥᠮᠥᠰ᠂ ᠣᠨᠴᠠᠭᠠᠶᠢᠯᠠᠨ ᠴᠢᠰᠤᠨ ᠳᠠᠷᠤᠯᠲᠠ ᠥᠨᠳᠥᠷ᠂ ᠵᠢᠷᠦᠬᠡᠨ ᠤ ᠲᠢᠲᠢᠮ ᠡᠪᠡᠳᠴᠢᠨ᠂ | ᠵᠢᠷᠦᠬᠡ ᠮᠠᠭᠤᠳᠠᠬᠤ ᠵᠡᠷᠭᠡ ᠡᠪᠡᠳᠴᠢᠲᠡᠨ᠂ ᠪᠠᠰᠠ ᠵᠢᠷᠦᠬᠡᠨ ᠤ ᠵᠠᠰᠠᠯ ᠬᠢᠯᠭᠡᠭᠰᠡᠨ ᠡᠪᠡᠳᠴᠢᠲᠡᠨ᠂ ᠡᠰᠡᠬᠦᠯ᠎ᠡ ᠵᠢᠷᠦᠬᠡᠨ ᠤ | ᠭᠠᠳᠠᠷ ᠮᠡᠰᠡ ᠵᠠᠰᠠᠯ ᠬᠢᠯᠭᠡᠭᠰᠡᠨ ᠡᠪᠡᠳᠴᠢᠲᠡᠨ ᠭᠡᠷ ᠲᠤ ᠪᠠᠨ ᠰᠠᠭᠤᠬᠤ ᠳᠤ ᠪᠠᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠠᠯᠳᠠᠪᠤᠷᠢᠯᠠᠯ ᠠᠴᠠ ᠣᠨᠴᠠᠭᠠᠶᠢᠯᠠᠨ ᠰᠡᠷᠭᠡᠶᠢᠯᠡᠬᠦ ᠬᠡᠷᠡᠭᠲᠡᠢ᠃ ᠳᠣᠣᠷᠠᠬᠢ ᠳᠥᠷᠪᠡᠨ ᠲᠠᠯ᠎ᠠ ᠨᠢ ᠣᠯᠠᠨ | ᠤᠯᠤᠰ ᠤᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠲᠣᠭᠲᠠᠭᠠᠭᠰᠠᠨ ᠭᠡᠷ ᠪᠦᠯᠢ ᠶᠢᠨ ᠠᠮᠢᠳᠤᠷᠠᠯ ᠤᠨ | ᠵᠠᠷᠴᠢᠮ ᠪᠣᠯᠣᠨ᠎ᠠ᠄ ᠨᠢᠭᠡᠳᠦᠭᠡᠷ ᠲᠤ᠂ ᠢᠳᠡᠭᠡᠨ ᠤᠮᠳᠠᠭᠠᠨ ᠢᠶᠠᠨ ᠵᠣᠬᠢᠰᠲᠠᠢ ᠪᠠᠶᠢᠯᠭᠠᠬᠤ ᠬᠡᠷᠡᠭᠲᠡᠢ᠃ ᠰᠢᠬᠢᠷ ᠲᠣᠰᠣ | ᠳᠠᠪᠤᠰᠤ ᠶᠢ ᠬᠡᠲᠦᠷᠡᠲᠡᠯ᠎ᠡ ᠢᠳᠡᠪᠡᠯ ᠯᠠᠪᠲᠠᠢ ᠡᠷᠡᠭᠦᠯ ᠮᠡᠨᠳᠦ ᠳᠤ ᠠᠰᠢᠭ ᠦᠭᠡᠢ ᠪᠠᠶᠢᠵᠤ᠂ ᠵᠢᠷᠦᠬᠡᠨ ᠤ ᠳᠠᠭᠠᠭᠠᠴᠠ ᠶᠢ | ᠨᠡᠮᠡᠭᠳᠡᠭᠦᠯᠦᠨ᠎ᠡ᠂ ᠡᠶᠢᠮᠦ ᠠᠴᠠ ᠵᠠᠪᠠᠯ ᠰᠢᠬᠢᠷ ᠲᠣᠰᠣ ᠳᠠᠪᠤᠰᠤ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠲᠡᠢ᠃ | ᠬᠤᠶᠠᠳᠤᠭᠠᠷ ᠲᠤ᠂ ᠲᠠᠮᠠᠬᠢ ᠪᠠᠨ ᠵᠣᠭᠰᠣᠵᠤ ᠠᠷᠢᠬᠢ ᠪᠠᠨ ᠬᠢᠵᠠᠭᠠᠷᠯᠠᠨ᠎ᠠ᠃ ᠣᠯᠠᠩᠬᠢ ᠬᠥᠮᠥᠰ 65 ᠭᠷᠡᠳᠦ᠋ᠰ ᠠᠴᠠ | ᠳᠡᠭᠡᠭᠰᠢᠬᠢ ᠠᠷᠢᠬᠢ ᠨᠢ ᠰᠢᠨ᠎ᠡ ᠲᠢᠲᠢᠮᠯᠢᠭ ᠸᠢᠷᠦ᠋ᠰ ᠢ ᠠᠯᠠᠵᠤ ᠳᠡᠶᠢᠯᠦᠨ᠎ᠡ ᠭᠡᠵᠦ ᠦᠵᠡᠳᠡᠭ᠂ ᠭᠡᠪᠡᠴᠦ ᠠᠷᠢᠬᠢ ᠤᠤᠭᠤᠪᠠᠯ | ᠯᠠᠪᠲᠠᠢ ᠤᠷᠢᠳ ᠢᠶᠠᠷ ᠵᠢᠷᠦᠬᠡᠨ ᠡᠪᠡᠳᠴᠢᠨ ᠢ ᠬᠥᠳᠡᠯᠭᠡᠨ᠎ᠡ᠃ ᠡᠶᠢᠮᠦ ᠠᠴᠠ ᠲᠠᠮᠠᠬᠢ ᠪᠠᠨ ᠵᠣᠭᠰᠣᠵᠤ ᠠᠷᠢᠬᠢ ᠪᠠᠨ | ᠬᠢᠵᠠᠭᠠᠷᠯᠠᠬᠤ ᠨᠢ ᠵᠢᠷᠦᠬᠡ ᠴᠢᠰᠤᠨ ᠰᠤᠳᠠᠯ ᠤᠨ ᠡᠪᠡᠳᠴᠢᠨ ᠳᠤ ᠯᠠᠪ ᠠᠰᠢᠭᠲᠠᠢ ᠭᠡᠳᠡᠭ ᠢ ᠣᠯᠠᠨ ᠳᠤ ᠰᠠᠨᠠᠭᠤᠯᠵᠤ ᠪᠠᠶᠢᠨ᠎ᠠ | ᠃ ᠭᠤᠷᠪᠠᠳᠤᠭᠠᠷ ᠲᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠨ᠎ᠡ᠃ ᠭᠡᠷ ᠲᠤ ᠪᠠᠨ ᠪᠠᠶᠢᠬᠤ ᠬᠤᠭᠤᠴᠠᠭᠠᠨ ᠳᠤ ᠪᠠᠨ | ᠵᠢᠷᠦᠬᠡ ᠴᠢᠰᠤᠨ ᠰᠤᠳᠠᠯ ᠤᠨ ᠰᠠᠭᠤᠷᠢ ᠡᠪᠡᠳᠴᠢᠨ ᠲᠠᠢ ᠪᠣᠯ ᠶᠡᠷᠦ ᠳᠤ ᠪᠠᠨ ᠪᠤᠯᠴᠢᠩ ᠤᠨ ᠬᠥᠳᠡᠯᠭᠡᠭᠡᠨ ᠬᠢᠬᠦ ᠶᠢ | ᠠᠩᠬᠠᠷᠴᠤ᠂ ᠬᠦᠴᠢᠯᠲᠥ᠋ᠷᠥᠭᠴᠢ ᠦᠭᠡᠢ ᠬᠥᠳᠡᠯᠭᠡᠭᠡᠨ ᠬᠢᠵᠦ᠂ ᠶᠠᠯᠢᠩ ᠡᠷᠭᠦᠬᠦ ᠪᠤᠶᠤ ᠤᠰᠤᠨ ᠯᠣᠩᠬᠤ ᠪᠠᠷ ᠮᠥᠴᠢ ᠶᠢᠨ | ᠬᠥᠳᠡᠯᠭᠡᠭᠡᠨ ᠬᠢᠵᠦ ᠪᠣᠯᠣᠨ᠎ᠠ᠂ ᠮᠥᠴᠢ ᠶᠢᠨ ᠬᠥᠳᠡᠯᠭᠡᠭᠡᠨ ᠨᠢ ᠵᠢᠷᠦᠬᠡᠨ ᠤ ᠠᠵᠢᠯᠯᠠᠭ᠎ᠠ ᠪᠠ ᠵᠢᠷᠦᠬᠡᠨ ᠤ ᠴᠢᠰᠤᠨ | ᠰᠤᠳᠠᠯ ᠳᠤ ᠪᠦᠷ ᠰᠠᠶᠢᠨ ᠪᠠᠶᠢᠳᠠᠭ᠃ ᠳᠥᠷᠪᠡᠳᠦᠭᠡᠷ ᠲᠤ᠂ ᠰᠡᠳᠬᠢᠯ ᠰᠠᠨᠠᠭ᠎ᠠ ᠪᠠᠨ ᠲᠠᠶᠢᠪᠤᠭᠤᠨ ᠪᠠᠶᠢᠯᠭᠠᠨ᠎ᠠ᠃ ᠠᠶᠤᠵᠤ | ᠰᠦᠷᠳᠡᠬᠦ ᠶᠢ ᠢᠯᠠᠨ ᠳᠠᠪᠠᠭ᠋ᠤ ᠬᠡᠷᠡᠭᠲᠡᠢ᠃ ᠡᠨᠡ ᠬᠦ ᠰᠢᠨ᠎ᠡ ᠲᠢᠲᠢᠮᠯᠢᠭ ᠸᠢᠷᠦ᠋ᠰ ᠨᠢ ᠶᠠᠭ ᠪᠢᠳᠡᠨ ᠤ ᠲᠡᠯᠡᠶ ᠪᠠᠷ | ᠠᠶᠠᠯᠠᠬᠤ ᠲᠠᠢ ᠠᠳᠠᠯᠢ ᠪᠠᠶᠢᠵᠤ᠂ ᠯᠠᠪᠲᠠᠢ ᠢᠯᠠᠨ ᠳᠠᠪᠠᠵᠤ ᠴᠢᠳᠠᠨ᠎ᠠ᠃ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠨ | ᠬᠦᠨᠳᠦᠷᠡᠭᠦᠯᠵᠦ ᠪᠣᠯᠬᠤ ᠦᠭᠡᠢ᠂ ᠭᠡᠷ ᠲᠤ ᠪᠠᠨ ᠰᠠᠭᠤᠬᠤ ᠳᠤ ᠪᠠᠨ ᠴᠤ ᠡᠪᠡᠳᠴᠢᠨ ᠡᠭᠦᠰᠴᠦ ᠬᠦᠨᠳᠦᠷᠡᠬᠦ ᠠᠴᠠ | ᠰᠡᠷᠭᠡᠶᠢᠯᠡᠬᠦ ᠬᠡᠷᠡᠭᠲᠡᠢ᠃ | | |