| | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ | ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ︽ᠰᠡᠷᠭᠡᠶᠢᠯᠡᠬᠦ︾ ︽ᠠᠪᠤᠷᠠᠬᠤ︾ ᠬᠠᠷᠢᠭᠤᠴᠠᠯᠭ᠎ᠠ ᠶᠢᠨ | ᠬᠡᠯᠬᠢᠶᠡᠰᠦ ᠶᠢ ᠵᠣᠯᠭᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2022︺ 81 ᠳ᠋ᠦ᠋ᠭᠡᠷ ᠲᠣᠭᠠᠲᠤ︶ ︵ | ᠳᠣᠷᠣᠭᠰᠢ ︽ᠪᠡᠯᠡᠳᠬᠡᠯ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ | ᠨᠡᠶᠢᠲᠡ ᠶᠢᠨ ᠬᠢᠨ ᠤ ︽ᠪᠡᠯᠡᠳᠬᠡᠯ ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ | ᠵᠥᠪ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ | ᠬᠦ ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ ᠨᠢᠭᠡ᠂ ︽ᠪᠡᠯᠡᠳᠬᠡᠯ | ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠴᠢᠨᠠᠷᠯᠢᠭ ᠬᠥᠭᠵᠢᠯᠲᠡ ᠶᠢ | ᠨᠥᠯᠥᠭᠡᠯᠡᠵᠦ ᠮᠡᠳᠡᠬᠦ ᠬᠦᠨᠳᠦ ᠶᠡᠭᠡ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠠᠵᠢᠯ ᠲᠥᠷᠥᠯ ᠤᠨ ᠬᠢᠨ ᠤ | ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠣᠷᠣᠨ ᠤ | ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠵᠢᠴᠢ ᠲᠡᠭᠦᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ | ᠬᠡᠮᠵᠢᠶ᠎ᠡ ᠪᠠᠷ ᠰᠡᠷᠭᠡᠶᠢᠯᠡᠬᠦ ᠪᠠ ᠪᠠᠭᠠᠰᠬᠠᠵᠤ᠂ ᠢᠯᠡᠭᠡᠨ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠪᠥᠭᠡᠳ | ᠰᠠᠭᠠᠳ ᠦᠭᠡᠢ ᠨᠡᠪᠲᠡᠷᠡᠬᠦ ᠶᠢ ᠬᠠᠮᠠᠭᠠᠯᠠᠨ᠂ ᠰᠢᠤᠳᠠᠨ ᠤ ᠦᠢᠯᠡᠰ ᠤᠨ ᠠᠮᠤᠷ ᠲᠣᠭᠲᠠᠭᠤᠨ ᠢᠶᠠᠷ ᠠᠵᠢᠯᠯᠠᠬᠤ ᠶᠢ | ᠪᠠᠲᠤᠯᠠᠬᠤ ᠶᠢᠨ ᠲᠥᠯᠥᠭᠡ ᠶᠤᠮ᠃ ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ | ᠦᠨᠳᠦᠰᠦᠯᠡᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠤᠳᠠᠨ ᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠲᠦᠷᠭᠡᠨ | ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ︾ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ | ᠪᠠᠶᠢᠳᠠᠯ ᠢ ᠠᠷᠭᠠᠴᠠᠭᠠᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ | ᠶᠠᠪᠤᠳᠠᠯ ᠤᠨ ᠳᠦᠷᠢᠮ︾ ︽ᠰᠢᠤᠳᠠᠨ ᠤ ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠲᠥᠰᠥᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ | ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠢᠯᠡᠭᠡᠨ ᠬᠦᠷᠭᠡᠬᠦ ᠶᠢ ᠴᠠᠭᠠᠵᠠᠯᠠᠬᠤ ᠡᠳ᠋ | ᠪᠣᠳᠠᠰ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ | ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠤᠳᠠᠨ ᠤ ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ ᠲᠥᠰᠥᠯ ᠢ ᠨᠠᠶᠢᠷᠠᠭᠤᠯᠤᠨ | ᠵᠣᠬᠢᠶᠠᠪᠠ᠃ ᠭᠤᠷᠪᠠ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ ︵ᠨᠢᠭᠡ︶ ᠶᠡᠷᠦᠩᠬᠡᠢ ᠳᠦᠷᠢᠮ | ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ | ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠲᠣᠭᠲᠠᠯᠴᠠᠭ᠎ᠠ᠂ ᠬᠡᠷᠡᠭ ᠶᠠᠪᠤᠳᠠᠯ ᠢ ᠲᠥᠷᠥᠯ ᠬᠤᠪᠢᠶᠠᠨ ᠲᠠᠰ | ᠬᠤᠪᠢᠶᠠᠬᠤ ᠶᠢ ᠲᠣᠳᠣᠷᠬᠠᠶᠢᠯᠠᠪᠠ᠃ ᠨᠢᠭᠡᠳᠦᠯᠲᠡᠢ ᠤᠳᠤᠷᠢᠳᠤᠯᠭ᠎ᠠ᠂ ᠵᠣᠬᠢᠴᠠᠭᠤᠯᠤᠨ ᠬᠠᠮᠲᠤᠷᠠᠯᠴᠠᠬᠤ᠂ ᠱᠠᠲᠤ | ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠬᠤ᠂ ᠥᠨᠳᠥᠷ ᠪᠦᠲᠦᠮᠵᠢᠲᠡᠢ ᠡᠮᠬᠢ ᠵᠢᠷᠤᠮ ᠲᠠᠢ | ᠪᠠᠶᠢᠬᠤ᠂ ᠶᠡᠷᠦᠩᠬᠡᠶᠢᠯᠡᠨ ᠠᠷᠭᠠᠴᠠᠭᠠᠬᠤ᠂ ᠬᠠᠤᠯᠢ ᠶᠣᠰᠣᠭᠠᠷ ᠵᠢᠷᠤᠮᠵᠢᠭᠤᠯᠬᠤ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠤᠯᠭᠠᠭᠤᠷᠢᠯᠠᠬᠤ᠂ ᠣᠷᠣᠨ ᠪᠦᠰᠡ ᠪᠠᠷ ᠬᠠᠮᠵᠢᠯᠴᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ | ᠡᠵᠡᠮᠳᠡᠬᠦ ᠶᠢ ᠴᠢᠬᠤᠯᠠᠴᠢᠯᠠᠪᠠ᠃ ︵ᠬᠤᠶᠠᠷ︶ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠬᠢᠭᠡᠳ | ᠡᠭᠦᠷᠭᠡ ᠬᠠᠷᠢᠭᠤᠴᠠᠯᠭ᠎ᠠ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ | ᠭᠠᠵᠠᠷ ᠤᠨ ᠠᠯᠪᠠᠨ ᠭᠡᠷ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ | ᠪᠠᠴᠢᠮ ᠪᠠᠶᠢᠳᠠᠯ ᠢ ᠠᠷᠭᠠᠴᠠᠭᠠᠬᠤ ᠮᠡᠷᠭᠡᠵᠢᠯᠲᠡᠨ ᠤ ᠵᠥᠪᠯᠡᠯᠭᠡ ᠥᠭᠬᠦ ᠳᠤᠭᠤᠶᠢᠯᠠᠩ ᠤᠨ ᠵᠣᠬᠢᠶᠠᠨ | ᠪᠠᠶᠢᠭᠤᠯᠤᠯᠲᠠ ᠶᠢᠨ ᠲᠣᠭᠲᠠᠯᠴᠠᠭ᠎ᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠵᠡᠷᠭᠡ ᠶᠢ | ᠲᠣᠳᠣᠷᠬᠠᠶᠢᠯᠠᠪᠠ᠃ ︵ᠭᠤᠷᠪᠠ︶ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠡᠭᠦᠨ ᠳᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠭᠤᠯᠭ᠎ᠠ ᠶᠢ | ᠪᠠᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠶᠢᠨ ᠲᠠᠰ ᠬᠤᠪᠢᠶᠠᠬᠤ᠂ ᠮᠡᠳᠡᠭᠡ ᠵᠠᠩᠭᠢ ᠶᠢᠨ ᠢᠷᠡᠯᠲᠡ᠂ ᠮᠡᠳᠡᠭᠦᠯᠬᠦ᠂ | ᠡᠬᠢᠯᠡᠭᠦᠯᠬᠦ᠂ ᠴᠤᠤᠷᠢᠶᠠᠲᠤᠨ ᠳᠠᠭᠠᠬᠤ᠂ ᠳᠠᠭᠤᠰᠬᠠᠬᠤ ᠵᠡᠷᠭᠡ ᠶᠢ ᠲᠣᠳᠣᠷᠬᠠᠶᠢᠯᠠᠬᠤ ᠪᠠ ᠱᠠᠭᠠᠷᠳᠠᠪᠠ᠃ ︵ᠳᠥᠷᠪᠡ | ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ ᠪᠥᠬᠦ ᠣᠷᠣᠨ ᠤ ᠰᠢᠤᠳᠠᠨ ᠤ ᠦᠢᠯᠡᠰ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠲᠠᠰ ᠢ ᠬᠤᠪᠢᠶᠠᠬᠤ᠂ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠮᠡᠳᠡᠭᠡ ᠵᠠᠩᠭᠢ ᠶᠢ ᠮᠡᠳᠡᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ᠂ | ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠲᠠᠭᠠᠬᠤ ᠶᠢ ᠵᠣᠭᠰᠤᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ | I – IV ᠲᠠᠰ ᠤᠨ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ | ᠴᠤᠤᠷᠢᠶᠠᠲᠤᠨ ᠳᠠᠭᠠᠬᠤ ᠭᠤᠣᠯ ᠴᠣᠭᠴᠠ ᠪᠠ ᠴᠤᠤᠷᠢᠶᠠᠲᠤᠨ ᠳᠠᠭᠠᠬᠤ ᠲᠠᠰ ᠳᠠᠷᠠᠭᠠᠯᠠᠯ ᠢ ᠲᠣᠳᠣᠷᠬᠠᠶᠢᠯᠠᠪᠠ᠃ ︵ | ᠲᠠᠪᠤ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ ᠭᠤᠣᠯᠳᠠᠭᠤ ᠬᠡᠷᠡᠭ ᠢ ᠦᠨᠡᠯᠡᠨ ᠵᠢᠱᠢᠬᠦ᠂ ᠰᠡᠭᠦᠯᠴᠢ ᠶᠢᠨ | ᠶᠠᠪᠤᠳᠠᠯ ᠢ ᠰᠢᠢᠳᠪᠦᠷᠢᠯᠡᠬᠦ᠂ ᠲᠠᠲᠠᠪᠤᠷᠢᠯᠠᠨ ᠬᠡᠷᠡᠭᠯᠡᠬᠦ ᠨᠥᠬᠦᠪᠦᠷᠢ᠂ ᠳᠠᠭᠠᠳᠬᠠᠯ ᠪᠠ ᠦᠨᠡᠯᠡᠨ ᠵᠢᠱᠢᠵᠦ ᠳ᠋ᠦᠩᠨᠡᠬᠦ | ᠵᠡᠷᠭᠡ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠪᠠ᠃ ︵ᠵᠢᠷᠭᠤᠭ᠎ᠠ︶ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠡᠭᠦᠨ ᠳᠤ ᠡᠩᠨᠡᠭᠡᠨ ᠤ ᠪᠠᠲᠤᠯᠠᠭ᠎ᠠ᠂ ᠲᠣᠨᠤᠭ ᠲᠥᠬᠦᠭᠡᠷᠦᠮᠵᠢ ᠡᠳ᠋ ᠪᠣᠳᠠᠰ ᠤᠨ | ᠪᠠᠲᠤᠯᠠᠭ᠎ᠠ᠂ ᠪᠡᠯᠡ ᠮᠥᠩᠭᠦᠨ ᠤ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠯ᠂ ᠪᠣᠯᠪᠠᠰᠤᠷᠠᠯ ᠬᠥᠮᠦᠵᠢᠯ᠂ ᠬᠠᠷᠢᠭᠤᠴᠠᠯᠭ᠎ᠠ ᠬᠢᠭᠡᠳ ᠱᠠᠩᠨᠠᠯ ᠲᠣᠷᠭᠠᠭᠤᠯᠢ᠂ ᠬᠢᠨᠠᠯᠲᠠ ᠲᠠᠯᠪᠢᠵᠤ | ᠪᠠᠶᠢᠴᠠᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠡᠮᠬᠢ ᠵᠢᠷᠤᠮ ᠲᠠᠢ | ᠶᠠᠪᠤᠭᠳᠠᠬᠤ ᠪᠠ ᠠᠵᠢᠯ ᠲᠥᠷᠥᠯ ᠤᠨ ᠡᠮᠬᠢ ᠳᠢᠭᠯᠢᠮ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ︵ | ᠲᠤᠯᠤᠭ᠎ᠠ︶ ᠳᠠᠭᠠᠯᠳᠤᠭᠤᠯᠤᠭᠰᠠᠨ ᠳᠦᠷᠢᠮ ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ | ᠲᠥᠰᠥᠯ ᠢ ᠲᠣᠭᠲᠠᠭᠠᠬᠤ ᠪᠠ ᠲᠠᠶᠢᠯᠪᠤᠷᠢᠯᠠᠬᠤ᠂ ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ᠂ ᠨᠡᠷ᠎ᠡ ᠲᠣᠮᠢᠶ᠎ᠠ ᠶᠢ | ᠲᠠᠶᠢᠯᠪᠤᠷᠢᠯᠠᠬᠤ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | | |