| | ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ | ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠳᠡᠮᠵᠢᠬᠦ᠂ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠬᠤᠪᠢᠷᠠᠭᠤᠯᠬᠤ ᠶᠢ | ᠠᠬᠢᠭᠤᠯᠬᠤ ᠪᠠ ᠮᠠᠯᠴᠢᠨ ᠲᠠᠷᠢᠶᠠᠴᠢᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤᠮᠳᠠᠬᠢ ᠵᠢᠱᠢᠶ᠎ᠡ | ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠣᠷᠣᠨ ᠤ ᠣᠶ ᠰᠢᠭᠤᠢ | ᠡᠪᠡᠰᠦ ᠪᠡᠯᠴᠢᠭᠡᠷ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ | ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2017︺ | 174 ᠳ᠋ᠦ᠋ᠭᠡᠷ ᠲᠣᠭᠠᠲᠤ︶ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠮᠠᠨ ᠤ ᠣᠷᠣᠨ ᠤ ᠲᠠᠪᠤᠳᠤᠭᠠᠷ | ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ | ᠲᠦᠷᠦᠭᠦᠯᠡᠭᠴᠢ ᠠᠵᠤ ᠠᠬᠤᠶᠢᠯᠠᠯ ᠢ ᠰᠢᠯᠭᠠᠷᠠᠭᠤᠯᠵᠤ ᠮᠠᠭᠠᠳᠯᠠᠨ ᠲᠣᠭᠲᠠᠭᠠᠬᠤ ᠵᠢᠴᠢ ᠲᠦᠷᠦᠭᠦᠤ ᠳᠥᠷᠪᠡᠨ | ᠪᠦᠯᠦᠭ ᠨᠢᠭᠡᠨᠲᠡ ᠮᠠᠭᠠᠳᠯᠠᠨ ᠲᠣᠭᠲᠠᠭᠠᠭᠰᠠᠨ ᠲᠦᠷᠦᠭᠦᠯᠡᠭᠴᠢ ᠠᠵᠤ ᠠᠬᠤᠶᠢᠯᠠᠯ ᠢ ᠬᠢᠨᠠᠨ ᠰᠢᠨᠵᠢᠯᠡᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠪᠡ᠃ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ | ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ ᠰᠢᠯᠭᠠᠷᠠᠭᠤᠯᠵᠤ ᠲᠣᠭᠲᠠᠭᠠᠬᠤ | ᠵᠢᠴᠢ ᠲᠦᠷᠦᠭᠦᠦ ᠳᠥᠷᠪᠡᠨ ᠪᠦᠯᠦᠭ ᠨᠢᠭᠡᠨᠲᠡ ᠲᠣᠭᠲᠠᠭᠠᠭᠰᠠᠨ ᠲᠦᠷᠦᠭᠦᠯᠡᠭᠴᠢ ᠠᠵᠤ ᠠᠬᠤᠶᠢᠯᠠᠯ ᠢ ᠬᠢᠨᠠᠨ | ᠰᠢᠨᠵᠢᠯᠡᠬᠦ ᠠᠵᠢᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ | ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ | ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ︹2017︺ 174 ᠳ᠋ᠦ᠋ᠭᠡᠷ ᠲᠣᠭᠠᠲᠤ︶ | ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠶᠠᠷ᠂ | ᠭᠤᠣᠯ ᠠᠭᠤᠯᠭ᠎ᠠ ᠠᠵᠤ ᠠᠬᠤᠶᠢᠯᠠᠯ ᠠᠴᠠ ᠭᠤᠶᠤᠴᠢᠯᠠᠨ ᠮᠡᠳᠡᠭᠦᠯᠬᠦ᠂ ᠡᠯ᠎ᠡ ᠱᠠᠲᠤᠨ ᠤ ᠣᠶ ᠰᠢᠭᠤᠢ ᠡᠪᠡᠰᠦ | ᠪᠡᠯᠴᠢᠭᠡᠷ ᠤᠨ ᠰᠠᠯᠠᠭ᠎ᠠ ᠮᠥᠴᠢᠷ ᠠᠴᠠ ᠪᠠᠲᠤᠯᠠᠨ ᠲᠠᠨᠢᠯᠴᠠᠭᠤᠯᠵᠤ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ | ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ ᠬᠤᠯᠪᠣᠭᠠᠲᠤ ᠬᠤᠷᠠᠯ ᠠᠴᠠ ᠬᠢᠨᠠᠨ ᠲᠣᠭᠲᠠᠭᠠᠬᠤ ᠪᠠ | ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠷᠠᠰᠢᠶᠠᠨ ᠬᠤᠲᠠ ᠶᠢᠨ ᠪᠠᠢ ᠯᠠᠩ ᠤᠨ ᠲᠢᠶᠠᠨ ᠶᠤᠸᠠᠨ | ᠣᠶ ᠰᠢᠭᠤᠢ ᠶᠢᠨ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 7 ᠠᠵᠤ ᠠᠬᠤᠶᠢᠯᠠᠯ ᠢ | ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠵᠢᠯᠲᠡ ᠶᠢᠨ | ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠪᠠ︔ ᠥᠪᠥᠷ ᠮᠣᠩᠭᠤᠯ ᠤᠨ | ᠢᠦᠢ ᠬᠠᠩ ᠷᠧᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠬᠢᠨᠠᠨ | ᠰᠢᠨᠵᠢᠯᠡᠯᠲᠡ ᠳᠤ ᠬᠢᠷᠢ ᠲᠡᠩᠴᠡᠭᠰᠡᠨ 52 ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠨᠡᠷ᠎ᠡ ᠶᠢ ᠨᠢ | ᠦᠷᠭᠦᠯᠵᠢᠯᠡᠨ ᠦᠯᠡᠳᠡᠭᠡᠨ᠎ᠡ᠃ ᠲᠦᠷᠦᠭᠦᠦ ᠳᠥᠷᠪᠡᠨ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ | ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠢᠨᠠᠨ ᠰᠢᠨᠵᠢᠯᠡᠯᠲᠡ ᠳᠤ | ᠬᠢᠷᠢ ᠲᠡᠩᠴᠡᠭᠰᠡᠨ ᠨᠡᠷᠡᠰ ᠲᠤ ᠵᠢᠭᠰᠠᠭᠠᠭᠳᠠᠭᠰᠠᠨ ᠦᠭᠡᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ | ᠣᠶ ᠰᠢᠭᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠢᠷᠢ | ᠬᠡᠮ ᠢ ᠨᠢ ᠬᠠᠰᠤᠨ᠎ᠠ᠃ ᠲᠠᠪᠤᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ | ᠦᠢᠯᠡᠰᠵᠢᠯᠲᠡ ᠶᠢᠨ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠨᠡᠷᠡᠰ ᠪᠣᠯᠣᠨ ᠲᠦᠷᠦᠭᠦᠦ | ᠳᠥᠷᠪᠡᠨ ᠪᠦᠯᠦᠭ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠨ ᠬᠢᠨᠠᠨ ᠰᠢᠨᠵᠢᠯᠡᠯᠲᠡ ᠳᠤ ᠬᠢᠷᠢ | ᠲᠡᠩᠴᠡᠭᠰᠡᠨ ᠨᠡᠷᠡᠰ ᠢ ᠪᠢᠴᠢᠭ ᠮᠠᠲ᠋ᠧᠷᠢᠶᠠᠯ ᠤᠨ ᠳᠠᠭᠠᠯᠳᠤᠭᠤᠯᠤᠯ ᠳᠤ ᠪᠣᠳᠠᠲᠠᠢ ᠪᠠᠷ ᠦᠵᠡᠭᠦᠯᠦᠨ᠎ᠡ᠃ ᠭᠤᠷᠪᠠ᠂ | ᠨᠤᠲᠠᠯᠠᠨ ᠲᠣᠭᠲᠠᠭᠠᠭᠰᠠᠨ ᠠᠴᠢ ᠬᠤᠯᠪᠣᠭᠳᠠᠯ ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠪᠣᠯ ᠮᠠᠨ ᠤ | ᠣᠷᠣᠨ ᠤ ᠣᠶ ᠰᠢᠭᠤᠢ ᠶᠢᠨ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠴᠢᠨᠠᠷ ᠰᠠᠶᠢᠲᠠᠢ ᠬᠥᠭᠵᠢᠬᠦ ᠶᠢ | ᠳᠠᠶᠢᠴᠢᠯᠠᠬᠤ ᠴᠢᠬᠤᠯᠠ ᠬᠦᠴᠦᠨ ᠪᠠᠶᠢᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠠᠬᠢᠭᠤᠯᠬᠤ᠂ ᠵᠢᠱᠢᠶ᠎ᠡ ᠦᠵᠡᠭᠦᠯᠬᠦ ᠠᠵᠤ ᠦᠢᠯᠡᠰ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡᠴᠢᠯᠡᠯᠲᠡ ᠬᠢᠬᠦ᠂ ᠣᠷᠣᠨ ᠪᠦᠰᠡ ᠶᠢᠨ ᠠᠵᠤ ᠦᠢᠯᠡᠰ ᠤᠨ ᠪᠦᠷᠢᠯᠳᠦᠯ ᠢ ᠳᠠᠶᠢᠴᠢᠯᠠᠬᠤ᠂ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠪᠠᠳᠠᠷᠠᠭᠤᠯᠪᠠ᠃ | ᠥᠪᠡᠷᠲᠡᠭᠡᠨ ᠵᠠᠰᠠᠬᠤ ᠣᠷᠣᠨ ᠠᠴᠠ ᠦᠨᠡᠯᠡᠨ ᠲᠣᠭᠲᠠᠭᠠᠭᠰᠠᠨ ᠣᠶ ᠰᠢᠭᠤᠢ ᠶᠢᠨ ᠠᠵᠤ ᠦᠢᠯᠡᠰᠵᠢᠯᠲᠡ ᠶᠢᠨ | ᠭᠤᠣᠯᠳᠠᠯᠭ᠎ᠠ ᠲᠠᠢ ᠲᠦᠷᠦᠭᠦᠯᠡᠭᠴᠢ ᠠᠵᠤ ᠠᠬᠤᠶᠢᠯᠠᠯ ᠤᠳ ᠬᠠᠷᠢᠭᠤᠴᠠᠯᠭᠠᠲᠤ ᠦᠵᠡᠯ ᠤᠬᠠᠮᠰᠠᠷ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠡᠵᠡᠩᠨᠡᠯᠲᠡ ᠬᠠᠮᠢᠶᠠᠷᠤᠯᠲᠠ ᠪᠠᠨ ᠴᠢᠩᠭᠠᠳᠬᠠᠨ᠂ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ ᠪᠠᠨ | ᠨᠡᠮᠡᠭᠳᠡᠭᠦᠯᠦᠨ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠪᠠᠨ ᠲᠦᠷᠭᠡᠳᠬᠡᠵᠦ᠂ ᠲᠣᠰ ᠪᠡᠶ᠎ᠡ ᠶᠢᠨ ᠠᠵᠤ | ᠠᠬᠤᠶᠢᠯᠠᠯ ᠢᠶᠠᠨ ᠲᠠᠰᠤᠷᠠᠯᠲᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠪᠡᠶᠡᠯᠡᠭᠦᠯᠦᠭᠰᠡᠨ ᠰᠠᠭᠤᠷᠢᠨ | ᠳᠡᠭᠡᠷ᠎ᠡ᠂ ᠠᠵᠤ ᠦᠢᠯᠡᠰ ᠤᠨ ᠲᠥᠪᠯᠡᠷᠡᠯ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠨᠠᠩ ᠰᠠᠶᠢᠲᠤᠷ | ᠳᠠᠶᠢᠴᠢᠯᠠᠬᠤ ᠬᠡᠷᠡᠭᠲᠡᠢ᠃ | | | | | | |