| | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ | ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠂ | ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠤᠨ ᠬᠦᠴᠢᠷᠳᠡᠯ ᠢ | ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠣᠶᠢᠷ᠎ᠠ ᠳᠤ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ | ᠨᠢᠭᠡᠴᠢ ᠶᠢᠨ ᠲᠤᠰᠢᠶᠠᠬᠤ ᠰᠦᠢᠳᠬᠡᠯ ᠢ ᠱᠠᠲᠤᠴᠢ ᠴᠢᠨᠠᠷᠲᠠᠢ ᠪᠠᠷ ᠬᠤᠶᠢᠰᠢᠯᠠᠭᠤᠯᠤᠨ ᠲᠤᠰᠢᠶᠠᠬᠤ ᠲᠤᠬᠠᠢ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠮᠡᠳᠡᠭᠳᠡᠯ ᠢ ᠤᠯᠠᠮᠵᠢᠯᠠᠨ ᠶᠠᠪᠤᠭᠤᠯᠬᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 7 ᠳ᠋ᠤᠭᠠᠷ | ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠵᠡᠷᠭᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ | ᠲᠤᠰᠢᠶᠠᠬᠤ ᠪᠣᠯᠭᠠᠵᠠᠢ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠨᠥᠯᠥᠭᠡᠯᠡᠭᠳᠡᠬᠦ ᠦᠭᠡᠢ ᠪᠣᠯᠭᠠᠪᠠ᠃ ① ᠬᠤᠶᠢᠰᠢᠯᠠᠭᠤᠯᠤᠨ | ᠲᠤᠰᠢᠶᠠᠬᠤ ᠬᠦᠷᠢᠶ᠎ᠡ ᠬᠡᠪᠴᠢᠶ᠎ᠡ ᠪᠠ ᠬᠤᠭᠤᠴᠠᠭ᠎ᠠ ᠶᠢ ᠲᠣᠳᠣᠷᠬᠠᠶᠢᠯᠠᠵᠠᠢ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ︵ᠬᠥᠩᠭᠡᠵᠢᠯ ᠤᠨ ᠳᠠᠭᠠᠳᠬᠠᠯ ᠪᠠᠭᠲᠠᠨ᠎ᠠ︶ ᠨᠢᠭᠡᠳᠦᠯᠲᠡᠢ ᠲᠥᠯᠥᠪᠯᠡᠬᠦ ᠰᠠᠭᠤᠷᠢ | ᠮᠥᠩᠭᠦ ᠶᠢᠨ ᠨᠡᠶᠢᠲᠡ ᠦᠯᠡᠳᠡᠪᠦᠷᠢ ᠨᠢ 6 ᠰᠠᠷ᠎ᠠ ᠠᠴᠠ ᠳᠡᠭᠡᠭᠰᠢᠬᠢ ᠥᠭᠴᠦ ᠳᠡᠶᠢᠯᠬᠦ ᠨᠢᠭᠡᠳᠦᠯᠲᠡᠢ ᠲᠥᠯᠥᠪᠯᠡᠬᠦ | ᠭᠠᠵᠠᠷ ᠣᠷᠣᠨ᠂ 2022 ᠣᠨ ᠤ 7 ᠳ᠋ᠤᠭᠠᠷ ᠰᠠᠷ᠎ᠠ ᠠᠴᠠ ᠡᠬᠢᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ | ᠨᠢᠭᠡᠴᠢ ᠶᠢᠨ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ︵ᠬᠥᠩᠭᠡᠵᠢᠯ ᠤᠨ ᠳᠠᠭᠠᠳᠬᠠᠯ ᠪᠠᠭᠲᠠᠨ᠎ᠠ︶ ᠤᠨ | ᠨᠢᠭᠡᠴᠢ ᠶᠢᠨ ᠲᠤᠰᠢᠶᠠᠬᠤ ᠰᠦᠢᠳᠬᠡᠯ ᠢ 3 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠤᠨ᠎ᠠ᠂ ᠬᠤᠶᠢᠰᠢᠯᠠᠭᠤᠯᠤᠨ | ᠲᠤᠰᠢᠶᠠᠬᠤ ᠬᠤᠭᠤᠴᠠᠭᠠᠨ ᠳᠤ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠬᠡᠯᠲᠦᠷᠢᠭᠦᠯᠦᠨ᠎ᠡ᠃ | ᠨᠡᠶᠢᠭᠡᠮ ᠤᠨ ᠪᠦᠯᠬᠦᠮ ᠰᠠᠭᠤᠷᠢ ᠮᠥᠩᠭᠦᠨ ᠤ ᠨᠡᠶᠢᠭᠡᠮᠯᠢᠭ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ ᠨᠡᠶᠢᠭᠡᠮ ᠤᠨ | ᠵᠣᠬᠢᠶᠠᠨ ᠪᠠᠶᠢᠭᠤᠯᠤᠯᠲᠠ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ② ᠬᠤᠶᠢᠰᠢᠯᠠᠭᠤᠯᠤᠨ ᠲᠤᠰᠢᠶᠠᠬᠤ | ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ ᠬᠠᠷᠠᠭᠠᠯᠵᠠᠯ ᠢ ᠪᠠᠭᠤᠷᠠᠭᠤᠯᠬᠤ ᠦᠭᠡᠢ ᠪᠠᠶᠢᠬᠤ ᠶᠢ ᠦᠨᠡᠨ | ᠬᠦ ᠪᠠᠲᠤᠯᠠᠨ᠎ᠠ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠳ ᠤᠨ | ᠬᠠᠷᠠᠭᠠᠯᠵᠠᠯ ᠢ ᠬᠥᠷᠲᠡᠬᠦ ᠶᠣᠰᠣᠲᠠᠢ ᠶᠢ ᠨᠢ ᠴᠥᠮ ᠬᠥᠷᠲᠡᠬᠦ ᠶᠢ ᠦᠨᠡᠨ ᠬᠦ ᠪᠠᠲᠤᠯᠠᠵᠤ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠨᠢᠭᠡᠴᠢ ᠶᠢᠨ ᠲᠤᠰᠢᠶᠠᠬᠤ | ᠵᠠᠷᠤᠳᠠᠯ ᠢ ᠬᠤᠶᠢᠰᠢᠯᠠᠭᠤᠯᠤᠨ ᠲᠤᠰᠢᠶᠠᠬᠤ ᠳᠤ ᠲᠣᠰ ᠠᠵᠤ ᠠᠬᠤᠶᠢᠯᠠᠯ ᠤᠨ ᠳᠠᠭᠠᠳᠬᠠᠯ ᠳᠤ ᠣᠷᠣᠯᠴᠠᠭᠰᠠᠳ ᠤᠨ | ᠡᠪᠡᠳᠴᠢᠨ ᠦᠵᠡᠭᠦᠯᠦᠭᠰᠡᠨ ᠡᠮᠴᠢᠯᠡᠭᠡᠨ ᠤ ᠵᠠᠷᠤᠳᠠᠯ ᠤᠨ ᠬᠡᠪ ᠢᠶᠠᠷ ᠲᠠᠩᠰᠠ ᠲᠠᠶᠢᠯᠬᠤ ᠶᠢ ᠨᠥᠯᠥᠭᠡᠯᠡᠬᠦ ᠦᠭᠡᠢ | ᠪᠠᠶᠢᠯᠭᠠᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠢᠷᠢ ᠲᠦᠪᠰᠢᠨ ᠤ ᠲᠣᠭᠲᠠᠭᠤᠨ | ᠪᠥᠭᠡᠳ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠠᠮᠢᠶ᠎ᠠ ᠪᠦᠬᠦᠢ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠢ᠃ | ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠠᠵᠢᠯᠲᠠᠨ | ᠠᠵᠢᠯᠴᠢᠨ ᠤ ᠬᠤᠪᠢ ᠬᠦᠮᠦᠨ ᠤ ᠲᠤᠰᠢᠶᠠᠬᠤ ᠰᠦᠢᠳᠬᠡᠯ ᠢ ᠣᠷᠣᠯᠠᠨ ᠰᠠᠭᠤᠯᠭᠠᠨ ᠣᠷᠣᠯᠠᠨ ᠲᠤᠰᠢᠶᠠᠬᠤ | ᠡᠭᠦᠷᠭᠡ ᠶᠢ ᠬᠠᠤᠯᠢ ᠶᠣᠰᠤᠭᠠᠷ ᠭᠦᠢᠴᠡᠳᠬᠡᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ | ᠮᠡᠳᠡᠭᠡ ᠵᠠᠩᠭᠢ ᠶᠢ ᠬᠡᠪ ᠤᠨ ᠪᠠᠶᠢᠳᠠᠯ ᠢᠶᠠᠷ ᠮᠡᠳᠡᠭᠦᠯᠵᠦ᠂ ᠠᠵᠢᠯᠲᠠᠨ ᠠᠵᠢᠯᠴᠢᠨ ᠤ ᠦᠷᠭᠦᠯᠵᠢᠯᠡᠨ ᠳᠠᠭᠠᠳᠬᠠᠯ ᠳᠤ | ᠣᠷᠤᠯᠴᠠᠬᠤ᠂ ᠬᠤᠪᠢ ᠬᠥᠮᠥᠨ ᠤ ᠡᠷᠬᠡ ᠠᠰᠢᠭ ᠢᠶᠠᠨ ᠦᠷᠭᠦᠯᠵᠢᠯᠡᠨ ᠲᠡᠮᠳᠡᠭᠯᠡᠬᠦ ᠶᠢ ᠨᠢ ᠦᠨᠡᠨ ᠬᠦ ᠪᠠᠲᠤᠯᠠᠬᠤ | ᠬᠡᠷᠡᠭᠲᠡᠢ᠃ ③ ︽ᠭᠤᠶᠤᠴᠢᠯᠠᠬᠤ ᠦᠭᠡᠢ ᠪᠠᠷ ᠳᠠᠷᠤᠢ ᠬᠥᠷᠲᠡᠬᠦ︾ ᠭᠠᠷᠲᠠᠨ ᠭᠦᠢᠴᠡᠳᠬᠡᠬᠦ ᠵᠠᠭᠪᠤᠷ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ ᠨᠥᠬᠦᠴᠡᠯ ᠳᠤ ᠨᠡᠶᠢᠴᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ | ᠬᠤᠶᠢᠰᠢᠯᠠᠭᠤᠯᠤᠨ ᠲᠤᠰᠢᠶᠠᠬᠤ ᠭᠤᠶᠤᠴᠢᠯᠠᠯ ᠭᠠᠷᠭᠠᠬᠤ ᠦᠭᠡᠢ ᠪᠠᠷ ᠨᠢᠭᠡᠴᠢ ᠶᠢᠨ ᠲᠤᠰᠢᠶᠠᠬᠤ ᠰᠦᠢᠳᠬᠡᠯ ᠢ | ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠪᠠ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠳ ᠠᠵᠢᠯᠯᠠᠬᠤ ᠴᠤᠪᠤᠷᠠᠯ ᠢ | ᠲᠣᠳᠣᠷᠬᠠᠶᠢᠯᠠᠵᠤ᠂ ᠠᠵᠤ ᠠᠬᠤᠶᠢᠯᠠᠯ ᠤᠨ ᠨᠡᠷᠡᠰ ᠢ ᠲᠣᠭᠲᠠᠭᠠᠨ᠎ᠠ᠃ ᠣᠲᠣ ᠶᠢᠨ ᠪᠠᠶᠢᠭ᠎ᠠ ᠲᠤᠭ᠎ᠠ ᠪᠠᠷᠢᠮᠲᠠ ᠨᠢ | ᠠᠵᠤ ᠠᠬᠤᠶᠢᠯᠠᠯ ᠤᠨ ᠬᠡᠯᠪᠡᠷᠢ ᠬᠤᠪᠢᠶᠠᠷᠢᠯᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯ᠂ | ᠠᠵᠤ ᠠᠬᠤᠶᠢᠯᠠᠯ ᠨᠢ ᠰᠦᠢᠳᠬᠡᠯ ᠲᠤᠰᠢᠶᠠᠬᠤ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠲᠤ ᠪᠢᠴᠢᠭ ᠤᠨ | ᠠᠮᠠᠯᠠᠯᠲᠠ ᠬᠢᠵᠦ ᠪᠣᠯᠣᠨ᠎ᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ | ᠠᠵᠢᠯ ᠤᠨ ᠭᠤᠭᠴᠤᠭ᠎ᠠ ᠶᠢ ᠰᠢᠯᠢᠳᠡᠭᠵᠢᠭᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠤ | ᠠᠬᠤᠶᠢᠯᠠᠯ ᠤᠨ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ | | | | | | |