| | | | ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ︽ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︿ | ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ | ᠬᠡᠷᠡᠭᠵᠢᠭᠦᠯᠬᠦ︶︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠡᠢ᠂ ︽ | ᠵᠢᠯᠣᠭᠤᠳᠬᠤ ᠰᠠᠨᠠᠯ︾ ᠤᠨ ᠬᠠᠮᠢᠶ᠎ᠠ ᠪᠥᠬᠦᠶ ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠪᠥᠭᠡᠳ ᠵᠥᠪ ᠢᠶᠠᠷ | ᠣᠶᠢᠯᠠᠭᠠᠭᠤᠯᠬᠤ ᠶᠢᠨ ᠲᠤᠰᠠᠳᠠ᠂ ᠡᠳᠦᠭᠡ ᠠᠭᠤᠯᠭ᠎ᠠ ᠶᠢᠨ ᠭᠤᠤᠯᠳᠠᠯᠭ᠎ᠠ ᠶᠢ ᠳᠠᠷᠠᠭᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠣᠷᠳᠣ ᠬᠤᠭᠤᠴᠠᠭᠠᠨ ᠤ ᠲᠤᠷᠰᠢ᠂ ᠠᠵᠤ | ᠦᠢᠯᠡᠳᠪᠦᠷᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠦᠨᠡᠯᠡᠬᠦ ᠵᠦᠢᠯᠡᠰ ᠨᠢ ᠪᠤᠳᠤᠯᠢᠶᠠᠨᠲᠠᠶ᠂ | ᠬᠢᠨᠠᠨ ᠵᠥᠪᠰᠢᠶᠡᠷᠡᠬᠦ ᠦᠶᠡᠯᠡᠯ ᠤᠨ ᠬᠤᠭᠤᠴᠠᠭ᠎ᠠ ᠨᠢ ᠣᠷᠳᠣ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ | ︽ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠂ ᠬᠢᠨᠠᠨ ᠬᠠᠮᠢᠶᠠᠷᠬᠤ ᠶᠢ ᠬᠥᠩᠭᠡᠪᠴᠢᠯᠡᠬᠦ︾ ᠠᠴᠠ ᠪᠣᠯᠵᠣ | ᠬᠡᠷᠡᠭᠯᠡᠬᠦ ᠭᠠᠵᠠᠷ ᠨᠢ ᠪᠦᠳᠦᠭᠦᠯᠢᠭ᠂ ᠦᠢᠯᠡᠳᠪᠦᠷᠢᠯᠡᠵᠦ ᠭᠠᠷᠭᠠᠭᠰᠠᠨ ᠦᠷ᠎ᠡ ᠠᠰᠢᠭ ᠨᠢ ᠳᠣᠤᠷ᠎ᠠ ᠵᠡᠷᠭᠡ ᠲᠣᠪᠤᠶᠢᠮ᠎ᠠ | ᠠᠰᠠᠭᠤᠳᠠᠯ ᠤᠳ ᠣᠷᠣᠰᠢᠵᠤ ᠪᠠᠶᠢᠭᠰᠠᠨ ᠶᠤᠮ᠃ ᠲᠡᠳᠡᠭᠡᠷ ᠠᠰᠠᠭᠤᠳᠠᠯ ᠤᠳ ᠢ ᠰᠢᠢᠳᠪᠦᠷᠢᠯᠡᠬᠦ ᠶᠢᠨ ᠲᠥᠯᠥᠭᠡ᠂ | ᠡᠯ᠎ᠡ ᠭᠠᠵᠠᠷ ᠤᠨ ᠬᠢᠨ ᠰᠢᠨ᠎ᠡ ᠶᠢ ᠡᠭᠦᠳᠬᠦ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠡᠷᠡᠭᠯᠡᠬᠦ ᠭᠠᠵᠠᠷ ᠢ | ᠪᠠᠲᠤᠯᠠᠬᠤ ᠪᠠ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠶᠡᠭᠡ ᠬᠡᠮᠵᠢᠶᠡᠨ ᠤ ᠠᠰᠢᠭᠲᠠᠶ ᠰᠦᠪᠡᠭᠴᠢᠯᠡᠯᠳᠡ | ᠬᠢᠯ᠎ᠡ᠃ 2017 ᠣᠨ ᠤ 8 ᠳ᠋ᠤᠭᠠᠷ ᠰᠠᠷ᠎ᠠ ᠳᠤ᠂ ᠵᠧᠵᠢᠶᠠᠩ ᠮᠤᠵᠢ ᠶᠢᠨ ᠳ᠋ᠧ ᠴᠢᠩ ᠬᠤᠳᠠ ᠪᠦᠬᠦ ᠤᠯᠤᠰ ᠤᠨ | ᠠᠩᠬᠠᠳᠠᠭᠴᠢ ︽ᠪᠠᠷᠢᠮᠵᠢᠶᠠᠲᠤ ᠭᠠᠵᠠᠷ︾ ᠢ ᠭᠠᠷᠭᠠᠵᠠᠢ᠂ ︽ᠪᠠᠷᠢᠮᠵᠢᠶᠠᠲᠤ ᠭᠠᠵᠠᠷ︾ ᠭᠡᠳᠡᠭ ᠨᠢ ᠪᠦᠳᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠬᠤᠯᠪᠣᠭᠳᠠᠯ ᠪᠦᠬᠦᠢ ᠣᠷᠣᠨ ᠪᠦᠰᠡ ᠶᠢ ᠦᠨᠡᠯᠡᠨ ᠵᠢᠱᠢᠵᠦ | ᠳᠠᠭᠤᠰᠤᠭᠰᠠᠨ ᠰᠠᠭᠤᠷᠢᠨ ᠳᠡᠭᠡᠷ᠎ᠡ᠂ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ᠂ | ᠪᠦᠳᠦᠭᠡᠨ ᠪᠠᠶᠢᠭᠤᠯᠤᠯᠲᠠ᠂ ᠮᠦ ᠪᠦᠷᠢ ᠶᠢᠨ ᠳᠤᠮᠳᠠᠴᠢ ᠭᠠᠶᠢᠯᠢ᠂ ᠣᠷᠴᠢᠨ ᠲᠣᠭᠤᠷᠢᠨ ᠵᠡᠷᠭᠡ ᠬᠢᠵᠠᠭᠠᠷᠯᠠᠬᠤ | ᠴᠢᠨᠠᠷᠲᠠᠢ ᠭᠦᠢᠴᠡᠳᠬᠡᠯ ᠲᠤᠭ᠎ᠠ ᠶᠢ ᠲᠤᠳᠤᠷᠬᠠᠶᠢᠯᠠᠭᠰᠠᠨ ᠭᠡᠷ᠎ᠡ ᠶᠢ ᠭᠦᠢᠴᠡᠳᠬᠡᠨ ᠥᠭᠬᠦ ᠪᠠᠷ ᠠᠮᠠᠯᠳᠠᠭᠰᠠᠨ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠤᠯᠤᠰ ᠤᠨ ᠥᠮᠴᠢᠯᠡᠯᠲᠦ ᠭᠠᠵᠠᠷ ᠢ ᠵᠢᠭᠠᠵᠤ ᠪᠤᠢ᠃ 2018 ᠣᠨ ᠤ 7 | ᠳ᠋ᠤᠭᠠᠷ ᠰᠠᠷ᠎ᠠ ᠳᠤ᠂ ᠵᠧᠵᠢᠶᠠᠩ ᠮᠤᠵᠢ ᠨᠢ ᠳ᠋ᠧ ᠴᠢᠩ ᠵᠡᠷᠭᠡ ᠭᠠᠵᠠᠷ ᠣᠷᠣᠨ ᠤ ︽ᠪᠠᠷᠢᠮᠵᠢᠶᠠᠲᠤ ᠭᠠᠵᠠᠷ︾ ᠤᠨ | ᠲᠤᠷᠰᠢᠯᠲᠠ ᠶᠢᠨ ᠴᠡᠭ ᠤᠨ ᠲᠤᠷᠰᠢᠯᠭ᠎ᠠ ᠨᠤᠭᠤᠳ ᠢ ᠳ᠋ᠦᠩᠨᠡᠭᠰᠡᠨ ᠰᠠᠭᠤᠷᠢᠨ ᠳᠤ᠂ ᠮᠤᠵᠢ ᠶᠢᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ︽︿ᠪᠠᠷᠢᠮᠵᠢᠶᠠᠲᠤ ᠭᠠᠵᠠᠷ﹀ ᠤᠨ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠵᠧᠵᠢᠶᠠᠩ ᠵᠠᠰᠠᠭ ᠠᠯᠪᠠᠨ ᠲᠠᠷᠬᠠᠭᠠᠭᠰᠠᠨ ﹇2018﹈ 73 | ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽ᠪᠠᠷᠢᠮᠵᠢᠶᠠᠲᠤ ᠭᠠᠵᠠᠷ︾ ᠤᠨ ᠲᠦᠷᠢᠮ ᠢ ᠳᠡᠯᠭᠡᠷᠡᠭᠦᠯᠪᠡ᠃ | ᠲᠡᠭᠦᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠬᠡᠰᠡᠭ ᠭᠠᠵᠠᠷ ᠣᠷᠣᠨ ᠤ | ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠨᠡᠶᠢᠲᠡᠯᠢᠭ ᠠᠷᠭ᠎ᠠ ᠬᠢᠳᠡᠯ ᠤᠨ ᠲᠤᠬᠠᠶ ᠵᠠᠷᠯᠠᠯ | ︾ ︵ᠲᠥᠷᠥ ᠠᠯᠪᠠᠨ ᠵᠠᠬᠢᠳᠠᠯ ﹇2018﹈ 46 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠳ᠂ ᠵᠧᠵᠢᠶᠠᠩ ᠤᠨ | ︽ᠪᠠᠷᠢᠮᠵᠢᠶᠠᠲᠤ ᠭᠠᠵᠠᠷ︾ ᠤᠨ ᠨᠡᠶᠢᠲᠡᠯᠢᠭ ᠠᠷᠭ᠎ᠠ ᠬᠢᠳᠡᠯ ᠢ ᠨᠤᠲᠠᠯᠠᠭᠰᠠᠨ ᠤ ᠬᠠᠮᠲᠤ ᠡᠯ᠎ᠡ ᠭᠠᠵᠠᠷ ᠢ | ᠰᠠᠨᠠᠭᠠᠴᠢᠯᠠᠭ᠎ᠠ ᠠᠴᠠ ᠪᠠᠨ ᠲᠡᠷᠢᠭᠦᠨ ᠤ ᠬᠢ ᠲᠠᠢ ᠬᠠᠷᠢᠴᠠᠭᠤᠯᠤᠨ ᠰᠤᠷᠤᠯᠴᠠᠵᠤ ᠯᠠᠪᠯᠠᠯᠲᠠ ᠪᠣᠯᠭᠠᠬᠤ ᠬᠡᠷᠡᠭᠲᠡᠶ ᠭᠡᠵᠦ | ᠱᠠᠭᠠᠷᠳᠠᠵᠠᠢ᠃ 2021 ᠣᠨ ᠤ 12 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ︽ᠴᠢᠬᠤᠯᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠳᠣᠭᠢᠷᠠᠭᠤᠯᠬᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠶᠡᠷᠦᠩᠬᠡᠶ ᠲᠥᠰᠦᠯ︾ ᠢ ᠳᠠᠷᠤᠮᠠᠯᠯᠠᠨ ᠲᠠᠷᠬᠠᠭᠠᠳ᠂ ᠠᠵᠤ ᠦᠢᠯᠡᠰ ᠲᠤ | ᠬᠡᠷᠡᠭᠯᠡᠬᠦ ᠭᠠᠵᠠᠷ ᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ ᠬᠤᠳᠠᠯᠳᠤᠬᠤ ᠶᠢ ᠳᠡᠮᠵᠢᠨ ᠬᠡᠷᠡᠭᠵᠢᠭᠦᠯᠵᠦ᠂ | ᠵᠠᠬ᠎ᠠ ᠳᠡᠯᠭᠡᠭᠦᠷ ᠤᠨ ᠳᠣᠭᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ 2022 ᠣᠨ ᠤ 2 ᠳ᠋ᠤᠭᠠᠷ | ᠰᠠᠷ᠎ᠠ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠵᠡᠷᠭᠡ 12 ᠰᠠᠯᠠᠭ᠎ᠠ ᠮᠥᠴᠢᠷ ᠬᠠᠮᠲᠤᠷᠠᠨ ︽ᠠᠵᠤ ᠦᠢᠯᠡᠳᠪᠦᠷᠢ ᠶᠢᠨ ᠠᠵᠤ ᠠᠬᠤᠶ ᠶᠢᠨ ᠲᠣᠭᠲᠠᠭᠤᠨ | ᠨᠡᠮᠡᠭᠳᠡᠯ ᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ | ᠢ ᠪᠠᠭᠤᠯᠭᠠᠵᠤ᠂ ᠠᠵᠤ ᠦᠢᠯᠡᠰ ᠲᠤ ᠬᠡᠷᠡᠭᠯᠡᠬᠦ ᠭᠠᠵᠠᠷ ᠰᠢᠷᠣᠶ ᠶᠢ ︽ᠪᠠᠷᠢᠮᠵᠢᠶᠠᠲᠤ ᠭᠠᠵᠠᠷ︾ ᠢᠶᠠᠷ ᠰᠢᠯᠵᠢᠭᠦᠯᠦᠨ | ᠭᠠᠷᠭᠠᠬᠤ ᠶᠢ ᠳᠡᠮᠵᠢᠨ ᠬᠡᠷᠡᠭᠵᠢᠭᠦᠯᠵᠦ᠂ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠭᠡᠵᠦ | ᠳᠠᠬᠢᠨᠲᠠ ᠳᠤᠷᠠᠳᠴᠠᠢ᠃ 2022 ᠣᠨ ᠤ 2 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ︽ᠥᠪᠡᠷᠲᠡᠭᠡᠨ ᠵᠠᠰᠠᠬᠤ ᠣᠷᠣᠨ ᠤ 2022 ᠣᠨ ᠤ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠳ᠂ ᠰᠢᠨ᠎ᠡ ᠪᠠᠷ ᠪᠠᠶᠢᠭᠤᠯᠬᠤ ᠠᠵᠤ | ᠦᠢᠯᠡᠳᠪᠦᠷᠢ ᠶᠢᠨ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠲᠤ ᠭᠠᠵᠠᠷ ᠬᠠᠩᠭᠠᠬᠤ ᠲᠥᠷᠥ ᠶᠢᠨ | ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ︽ᠪᠠᠷᠢᠮᠵᠢᠶᠠᠲᠤ ᠭᠠᠵᠠᠷ︾ | ᠲᠤ ᠭᠠᠵᠠᠷ ᠬᠠᠩᠭᠠᠬᠤ ᠶᠢ ᠠᠬᠢᠭᠤᠯᠬᠤ ᠱᠠᠭᠠᠷᠳᠠᠯᠭ᠎ᠠ ᠶᠢ ᠳᠤᠷᠠᠳᠤᠨ ᠭᠠᠷᠭᠠᠭᠰᠠᠨ ᠶᠤᠮ᠃ ᠬᠤᠶᠠᠷ᠂ ᠲᠥᠷᠥ ᠶᠢᠨ | ᠪᠣᠳᠣᠯᠭ᠎ᠠ ᠶᠢᠨ ᠭᠤᠤᠯ ᠠᠭᠤᠯᠭ᠎ᠠ ︽ᠵᠢᠯᠣᠭᠤᠳᠬᠤ ᠰᠠᠨᠠᠯ︾ ᠢ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠭᠤᠷᠪᠠᠨ ᠬᠡᠰᠡᠭ ᠲᠤ ᠬᠤᠪᠢᠶᠠᠨ᠎ᠠ᠂ ᠭᠤᠤᠯ ᠠᠭᠤᠯᠭ᠎ᠠ ᠨᠢ᠄ ︵ᠨᠢᠭᠡ︶ | ᠦᠨᠳᠦᠰᠦᠨ ᠵᠠᠷᠴᠢᠮ ᠪᠠ ᠬᠠᠷᠠᠯᠲᠠ ᠱᠠᠭᠠᠷᠳᠠᠯᠭ᠎ᠠ᠃ ᠮᠠᠨ ᠤ ᠣᠷᠣᠨ ᠳᠤ ᠣᠳᠣᠬᠠᠨ ᠳᠤ ᠪᠠᠨ ᠬᠠᠷᠠᠬᠠᠨ ︽ | ᠪᠠᠷᠢᠮᠵᠢᠶᠠᠲᠤ ᠭᠠᠵᠠᠷ︾ ᠤᠨ ᠲᠤᠷᠰᠢᠯᠲᠠ ᠶᠢᠨ ᠴᠡᠭ ᠤᠨ ᠵᠢᠱᠢᠶ᠎ᠡ ᠪᠠᠶᠢᠬᠤ ᠥᠬᠡᠶ ᠪᠠᠶᠢᠳᠠᠯ ᠢ ᠦᠨᠳᠦᠰᠦᠯᠡᠨ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠤᠷᠤᠭᠰᠢᠯᠠᠭᠤᠯᠬᠤ︔ ᠵᠠᠬ᠎ᠠ ᠳᠡᠯᠭᠡᠭᠦᠷ ᠲᠣᠬᠢᠷᠠᠭᠤᠯᠬᠤ᠂ ᠠᠷᠪᠢᠲᠠᠶ ᠡᠷᠴᠢᠮᠯᠢᠭ ᠪᠠᠶᠢᠬᠤ︔ ᠪᠦᠬᠦ ᠶᠠᠪᠤᠴᠠ ᠳᠤ | ᠬᠢᠨᠠᠨ ᠬᠠᠮᠢᠶᠠᠷᠬᠤ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠵᠠᠷᠴᠢᠮ ᠢ ᠯᠠᠪᠳᠠᠭᠤᠨ ᠢᠶᠠᠷ ᠠᠬᠢᠭᠤᠯᠬᠤ ᠶᠢ ︽ | ᠵᠢᠯᠣᠭᠤᠳᠬᠤ ᠰᠠᠨᠠᠯ︾ ᠳᠤ ᠳᠤᠷᠠᠳᠴᠠᠢ᠃ ᠡᠯ᠎ᠡ ᠠᠶᠢᠮᠠᠭ ᠬᠤᠲᠠ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠣᠰ ᠭᠠᠵᠠᠷ ᠣᠷᠣᠨ ᠤ ᠪᠠᠨ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷᠠᠬᠢ ᠠᠵᠤ ᠦᠢᠯᠡᠳᠪᠦᠷᠢ ᠳᠤ | ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ | ᠨᠠᠷᠢᠨ ᠲᠦᠷᠢᠮ ᠢ ᠰᠤᠳᠤᠯᠤᠨ ᠨᠡᠶᠢᠲᠡᠯᠡᠵᠦ᠂ ᠰᠢᠯᠵᠢᠭᠦᠯᠦᠨ ᠥᠭᠬᠦ ᠶᠠᠪᠤᠴᠠ ᠶᠢ ᠲᠣᠳᠣᠷᠬᠠᠶᠢᠯᠠᠨ᠂ ᠠᠵᠢᠯ ᠤᠨ | ᠵᠢᠯᠣᠭᠤᠳᠤᠮᠵᠢ ᠲᠣᠭᠲᠠᠭᠠᠵᠤ᠂ ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠤᠨ ︽ | ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠥᠭᠬᠦ ᠠᠵᠢᠯ ᠢ ᠡᠬᠢᠯᠡᠭᠦᠯᠬᠦ ᠬᠡᠷᠡᠭᠲᠡᠶ︔ ᠲᠤᠰ ᠵᠢᠯ ᠳᠤ ᠨᠠᠭᠠᠳᠤ | ᠵᠠᠬ᠎ᠠ ᠳᠤ ᠪᠠᠨ ᠨᠢᠭᠡ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠶᠢ ᠪᠡᠶᠡᠯᠡᠭᠦᠯᠬᠦ ᠶᠢᠨ ᠬᠠᠮᠲᠤ | ᠠᠵᠤ ᠦᠢᠯᠡᠳᠪᠦᠷᠢ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠢ ᠰᠢᠯᠵᠢᠭᠦᠯᠦᠨ ᠬᠤᠳᠠᠯᠳᠤᠬᠤ ᠳᠠᠬᠢ ︽ | ᠪᠠᠷᠢᠮᠵᠢᠶᠠᠲᠤ ᠭᠠᠵᠠᠷ︾ ᠤᠨ ᠡᠵᠡᠯᠡᠬᠦ ᠬᠠᠷᠢᠴᠠᠯ ᠢ ᠵᠢᠯ ᠳᠠᠷᠠᠭᠠᠯᠠᠨ ᠳᠡᠯᠭᠡᠷᠡᠭᠦᠯᠦᠨ ᠦᠷᠭᠡᠳᠬᠡᠬᠦ ᠬᠡᠷᠡᠭᠲᠡᠢ ᠭᠡᠵᠦ ︽ | ᠵᠢᠯᠣᠭᠤᠳᠬᠤ ᠰᠠᠨᠠᠯ︾ ᠳᠤ ᠱᠠᠭᠠᠷᠳᠠᠵᠠᠢ᠃ ︵ᠬᠤᠶᠠᠷ︶ ᠭᠤᠤᠯ ᠡᠭᠦᠷᠭᠡ᠃ ᠦᠨᠳᠦᠰᠦᠨ ᠵᠠᠷᠴᠢᠮ ᠶᠣᠰᠣᠭᠠᠷ᠂ | ︽ᠵᠢᠯᠣᠭᠤᠳᠬᠤ ᠰᠠᠨᠠᠯ︾ ᠳᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠬᠠᠤᠯᠢ ᠶᠣᠰᠣᠭᠠᠷ | ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠣᠷᠣᠨ ᠤ ᠳᠣᠲᠣᠷ᠎ᠠ ᠵᠠᠰᠠᠭ ᠤᠨ ᠣᠷᠳᠣᠨ ᠰᠣᠩᠭᠤᠯᠲᠠ ᠶᠢᠨ | ᠴᠢᠨᠠᠷᠲᠠᠶ ᠣᠷᠣᠨ ᠪᠦᠰᠡ ᠶᠢᠨ ᠦᠨᠡᠯᠡᠨ ᠵᠢᠱᠢᠯᠲᠡ ᠶᠢ ᠨᠢᠭᠡᠳᠦᠯᠲᠡᠶ ᠵᠣᠬᠢᠶᠠᠨ ᠪᠠᠶᠢᠭᠤᠯᠵᠤ ᠥᠷᠨᠢᠭᠦᠯᠦᠨ᠎ᠡ︔ | ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠲᠣᠳᠤᠷᠬᠠᠶᠢᠯᠠᠨ᠂ ᠡᠯ᠎ᠡ ᠭᠠᠵᠠᠷ ᠣᠷᠣᠨ ᠨᠤᠭᠤᠳ ᠠᠵᠤ | ᠦᠢᠯᠡᠰ ᠢ ᠵᠥᠪᠰᠢᠶᠡᠷᠡᠨ ᠣᠷᠣᠭᠤᠯᠬᠤ᠂ ᠴᠢᠳᠠᠮᠵᠢ ᠶᠢᠨ ᠣᠷᠣᠨ ᠢ ᠬᠤᠪᠢᠶᠠᠷᠢᠯᠠᠬᠤ ᠪᠠ ᠬᠠᠮᠢᠶ᠎ᠠ ᠪᠥᠬᠦᠶ ᠣᠷᠣᠨ | ᠪᠦᠰᠡ ᠶᠢᠨ ᠦᠨᠡᠯᠡᠨ ᠵᠢᠱᠢᠬᠦ ᠱᠠᠭᠠᠷᠳᠠᠯᠭ᠎ᠠ ᠶᠢ ᠦᠨᠳᠦᠰᠦᠯᠡᠨ᠂ ᠬᠡᠷᠡᠭᠵᠢᠭᠦᠯᠵᠦ ᠪᠣᠯᠬᠤᠶᠢᠴᠠ᠂ ᠬᠢᠨᠠᠨ | ᠬᠠᠮᠢᠶᠠᠷᠬᠤ ᠳᠤ ᠲᠥᠬᠦᠮ ᠪᠠᠶᠢᠯᠭᠠᠬᠤ ᠵᠠᠷᠴᠢᠮ ᠶᠣᠰᠣᠭᠠᠷ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ | ᠲᠥᠷᠥᠯ ᠵᠦᠢᠯ ᠤᠨ ︽3 + X︾ ᠤᠨ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠰᠤᠳᠤᠯᠤᠨ | ᠳᠤᠷᠠᠳᠤᠨ᠎ᠠ︔ ︽ᠪᠠᠷᠢᠮᠵᠢᠶᠠᠲᠤ ᠭᠠᠵᠠᠷ︾ ᠤᠨ ᠬᠠᠩᠭᠠᠯᠭ᠎ᠠ ᠶᠢᠨ ᠠᠷᠭ᠎ᠠ ᠮᠠᠶ᠋ᠢᠭ ᠢ ᠵᠢᠷᠤᠮᠵᠢᠭᠤᠯᠵᠤ᠂ ᠣᠷᠣᠨ | ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠪᠠ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢ ᠨᠠᠷᠢᠨ | ᠳᠠᠩᠰᠠ ᠶᠢᠨ ᠬᠡᠯᠪᠡᠷᠢ ᠪᠠᠷ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠲᠥᠰᠦᠯ ᠨᠢᠭᠡᠪᠦᠷᠢ ᠳᠤ ᠬᠡᠷᠡᠭᠯᠡᠬᠦ | ᠪᠦᠭᠡᠳ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠠᠯᠪᠠᠨ ᠵᠠᠷ ᠲᠤ ᠬᠠᠮᠲᠤ ᠳᠤ ᠨᠢ ᠨᠡᠶᠢᠲᠡᠯᠡᠵᠦ᠂ | ᠥᠷᠢᠰᠥᠯᠳᠦᠨ ᠬᠤᠳᠠᠯᠳᠤᠨ ᠠᠪᠤᠭᠴᠢ ᠳᠤ ᠨᠢᠭᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ︔ ︽ᠪᠠᠷᠢᠮᠵᠢᠶᠠᠲᠤ | ᠭᠠᠵᠠᠷ︾ ᠤᠨ ᠭᠡᠷ᠎ᠡ ᠶᠢ ᠭᠦᠢᠴᠡᠳᠬᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠠᠵᠠᠷ ᠬᠡᠷᠡᠭᠯᠡᠬᠦ ᠠᠵᠤ ᠠᠬᠤᠶᠢᠯᠠᠯ ᠨᠢ | ᠵᠠᠰᠠᠭ ᠤᠨ ᠣᠷᠳᠣᠨ ᠪᠤᠶᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ︵ᠪᠠᠶᠢᠭᠤᠯᠤᠮᠵᠢ︶ ᠯᠦᠭᠡ ︽ᠪᠠᠷᠢᠮᠵᠢᠶᠠᠲᠤ | ᠭᠠᠵᠠᠷ︾ ᠤᠨ ᠪᠠᠯᠠ ᠣᠷᠣᠭᠤᠯᠵᠤ ᠪᠥᠲᠥᠭᠡᠨ ᠪᠠᠶᠢᠭᠤᠯᠬᠤ ᠭᠡᠷ᠎ᠡ ᠲᠣᠭᠲᠠᠵᠤ᠂ ᠬᠢᠵᠠᠭᠠᠷᠯᠠᠬᠤ ᠴᠢᠨᠠᠷᠲᠠᠶ | ᠭᠦᠢᠴᠡᠳᠬᠡᠯ ᠲᠤᠭ᠎ᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠦᠢᠯᠡᠳᠪᠦᠷᠢᠯᠡᠯ ᠳᠤ ᠭᠠᠷᠭᠠᠭᠰᠠᠨ ᠢ ᠳᠠᠬᠢᠨ | ᠬᠢᠨᠠᠬᠤ᠂ ᠭᠡᠷ᠎ᠡ ᠠᠴᠠ ᠵᠥᠷᠢᠴᠡᠭᠰᠡᠨ ᠪᠣᠯ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠵᠦᠢᠯᠡᠰ ᠢ ᠲᠣᠳᠤᠷᠬᠠᠶᠢᠯᠠᠨ᠎ᠠ︔ | ᠭᠡᠷ᠎ᠡ ᠶᠢ ᠭᠦᠢᠴᠡᠳᠬᠡᠬᠦ ᠶᠢ ᠬᠢᠨᠠᠨ ᠬᠠᠮᠢᠶᠠᠷᠬᠤ ᠳᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠭᠠᠵᠠᠷ ᠰᠢᠷᠣᠶ | ᠬᠡᠷᠡᠭᠯᠡᠬᠦ ᠠᠵᠤ ᠠᠬᠤᠶᠢᠯᠠᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠦᠢᠯᠡᠳᠪᠦᠷᠢᠯᠡᠯ ᠳᠤ | ᠭᠠᠷᠭᠠᠬᠤ ᠶᠢ ᠳᠠᠬᠢᠨ ᠬᠢᠨᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠨ ᠬᠡᠮᠵᠢᠵᠦ ᠬᠠᠷᠭᠤᠭᠤᠯᠤᠨ | ᠪᠠᠶᠢᠴᠠᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ | ᠬᠤᠳᠠᠯᠳᠤᠬᠤ ᠭᠠᠵᠠᠷ ᠰᠢᠷᠣᠶ ᠶᠢᠨ ᠨᠥᠭᠡᠴᠡ ᠶᠢ ᠰᠠᠶᠢᠲᠤᠷ ᠬᠢᠨ᠎ᠡ ᠭᠡᠵᠦ ︽ᠵᠢᠯᠣᠭᠤᠳᠬᠤ ᠰᠠᠨᠠᠯ︾ ᠳᠤ ᠳᠤᠷᠠᠳᠪᠠ | ︔ ᠪᠠᠰᠠ ︽ᠪᠠᠷᠢᠮᠵᠢᠶᠠᠲᠤ ᠭᠠᠵᠠᠷ︾ ᠤᠨ ᠬᠡᠷᠡᠭᠯᠡᠬᠦ ᠬᠡᠪᠴᠢᠶ᠎ᠡ ᠶᠢᠨ ᠲᠤᠯᠤᠭᠠᠨ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠥᠷᠭᠡᠳᠬᠡᠵᠦ᠂ ︽ᠪᠠᠷᠢᠮᠵᠢᠶᠠᠲᠤ ᠭᠠᠵᠠᠷ︾ ᠢ ᠰᠢᠯᠵᠢᠭᠦᠯᠦᠨ ᠬᠤᠳᠠᠯᠳᠤᠬᠤ ᠠᠴᠠ ᠡᠮᠦᠨᠡᠬᠢ | ᠬᠤᠭᠤᠴᠠᠭᠠᠨ ᠤ ᠪᠡᠯᠡᠳᠬᠡᠯ᠂ ᠬᠠᠩᠭᠠᠯᠭ᠎ᠠ ᠶᠢᠨ ᠭᠡᠷ᠎ᠡ ᠶᠢ ᠭᠦᠢᠴᠡᠳᠬᠡᠬᠦ᠂ ᠬᠠᠩᠭᠠᠯᠭ᠎ᠠ ᠶᠢᠨ ᠳᠠᠷᠠᠭᠠᠬᠢ ᠬᠢᠨᠠᠯᠲᠠ | ᠬᠠᠮᠢᠶᠠᠷᠤᠯᠲᠠ ᠵᠡᠷᠭᠡ ᠳᠤ ᠥᠭᠡᠷᠡᠴᠢᠯᠡᠯᠲᠡ ᠬᠢᠬᠦ ᠬᠠᠶᠢᠨ ᠰᠦᠪᠡᠭᠴᠢᠯᠡᠯᠲᠡ ᠶᠢᠨ ᠱᠠᠭᠠᠷᠳᠠᠯᠭ᠎ᠠ ᠳᠤᠷᠠᠳᠴᠠᠢ᠃ ︵ | ᠭᠤᠷᠪᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ ᠠᠵᠢᠯ ᠢ | ᠠᠬᠢᠭᠤᠯᠤᠭᠰᠠᠨ ᠪᠠᠶᠢᠳᠠᠯ ᠢ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ | ᠦᠨᠡᠯᠡᠬᠦ ᠳᠣᠭᠲᠠᠯᠴᠠᠭ᠎ᠠ ᠳᠤ ᠣᠷᠣᠭᠤᠯᠤᠨ᠎ᠠ︔ ᠣᠷᠣᠨ ᠪᠦᠰᠡ ᠶᠢᠨ ᠦᠨᠡᠯᠡᠨ ᠵᠢᠱᠢᠬᠦ᠂ ᠬᠢᠨᠠᠨ ᠵᠥᠪᠰᠢᠶᠡᠷᠡᠬᠦ | ᠲᠦᠷᠢᠮ ᠤᠨ ᠥᠭᠡᠷᠡᠴᠢᠯᠡᠯᠲᠡ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠵᠣᠯᠭᠠᠭᠤᠯᠵᠤ᠂ | ᠥᠭᠡᠷᠡᠴᠢᠯᠡᠯᠲᠡ ᠶᠢᠨ ᠳᠠᠪᠬᠤᠴᠠᠬᠤ ᠦᠷ᠎ᠡ ᠨᠥᠯᠦᠭᠡ ᠶᠢ ᠭᠦᠢᠴᠡᠳ ᠪᠠᠳᠠᠷᠠᠭᠤᠯᠤᠨ᠎ᠠ︔ ᠠᠵᠤ ᠦᠢᠯᠡᠳᠪᠦᠷᠢ ᠳᠤ | ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠰᠢᠷᠣᠶ ᠶᠢᠨ ︽ᠪᠠᠷᠢᠮᠵᠢᠶᠠᠲᠤ ᠭᠠᠵᠠᠷ︾ ᠤᠨ ᠥᠭᠡᠷᠡᠴᠢᠯᠡᠯᠲᠡ ᠶᠢᠨ | ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠵᠡᠷᠭᠡ ᠥᠭᠡᠷᠡᠴᠢᠯᠡᠯᠲᠡ ᠶᠢ ᠬᠡᠷᠡᠭᠵᠢᠭᠦᠯᠦᠨ ᠠᠬᠢᠭᠤᠯᠬᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠢᠳᠡᠪᠬᠢᠲᠡᠶ ᠪᠠᠷ ᠳᠡᠯᠭᠡᠷᠡᠭᠦᠯᠦᠨ᠎ᠡ | ᠭᠡᠵᠦ ︽ᠵᠢᠯᠣᠭᠤᠳᠬᠤ ᠰᠠᠨᠠᠯ︾ ᠳᠤ ᠳᠤᠷᠠᠳᠪᠠ᠃ | | | | | | |