| | ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ | ᠬᠡᠷᠡᠭᠵᠢᠭᠦᠯᠬᠦ ᠠᠷᠭ᠎ᠠ︾ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠪᠠᠲᠤᠯᠠᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ | ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ | ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ | ︾ ︵ᠥᠪᠥᠷ ᠵᠠᠰᠠᠭ ᠥᠰᠥᠭ ﹇2022﹈ 40 ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ | ᠪᠠᠷᠢᠮᠵᠢᠶ᠎ᠠ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ ᠪᠥᠬᠦ ᠣᠷᠣᠨ ᠤ ᠨᠡᠶᠢᠭᠡᠮ ᠤᠨ ᠠᠪᠤᠷᠠᠨ | ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ 6 ᠳ᠋ᠤᠭᠠᠷ ᠰᠠᠷ᠎ᠠ ᠶᠢᠨ 10 ᠤ | ᠡᠳᠦᠷ ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭᠠᠷ ᠳᠡᠭᠡᠷ᠎ᠡ ᠬᠠᠭᠠᠰ ᠵᠢᠯ ᠤᠨ ᠪᠠᠯᠠ ᠮᠥᠩᠭᠦ ᠶᠢ ᠨᠥᠬᠦᠪᠥᠷᠢᠯᠡᠵᠦ | ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠰᠠᠷ᠎ᠠ | ᠰᠠᠷ᠎ᠠ ᠪᠠᠷ ᠲᠠᠷᠬᠠᠭᠠᠬᠤ ᠬᠡᠷᠡᠭᠲᠡᠶ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ ᠬᠠᠮᠢᠶ᠎ᠠ ᠪᠥᠬᠦᠶ | ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ ᠣᠶᠢᠯᠠᠭᠠᠭᠤᠯᠬᠤ ᠶᠢᠨ ᠲᠤᠯᠠᠳᠠ ᠡᠳᠦᠭᠡ ᠳᠠᠷᠠᠭᠠᠬᠢ ᠮᠡᠲᠦ | ᠲᠠᠶᠢᠯᠤᠮᠵᠢ ᠬᠢᠪᠡ᠃ ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠲᠥᠷᠥ ᠶᠢᠨ ᠶᠠᠪᠤᠳᠠᠯ ᠤᠨ ᠬᠤᠷᠢᠶᠠᠨ ᠤ ︽ | ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠢ | ᠦᠨᠳᠦᠰᠦᠯᠡᠪᠡᠯ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ | ᠪᠥᠬᠦᠶ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠲᠤᠬᠠᠶ ᠶᠢᠨ ᠭᠠᠵᠠᠷ ᠤᠨ ᠪᠠᠨ ᠰᠠᠭᠤᠭᠠᠯᠢ | ᠠᠷᠠᠳ ᠤᠨ ᠠᠮᠢᠳᠤᠷᠠᠯ ᠤᠨ ᠴᠢᠬᠤᠯᠠ ᠪᠥᠬᠦᠶ ᠵᠠᠷᠤᠳᠠᠯ ᠤᠳ ᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ ᠠᠷᠪᠠᠨ ᠲᠠᠪᠤᠳᠤᠭᠠᠷ ᠵᠦᠢᠯ ᠳᠤ᠄ ︽ᠮᠤᠵᠢ᠂ | ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠥᠬᠦᠶ ᠬᠤᠲᠠ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ | ᠲᠣᠭᠲᠠᠭᠠᠵᠤ ᠨᠡᠶᠢᠲᠡᠯᠡᠨ᠎ᠡ︾ ᠭᠡᠵᠦ ᠲᠣᠭᠲᠠᠭᠠᠵᠠᠶ᠃ ᠡᠭᠦᠨ ᠤ ᠬᠠᠮᠲᠤ᠂ ︽ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2015﹈ 94 ᠳ᠋ᠦ᠋ᠭᠡᠷ ᠲᠣᠭᠠᠲᠤ︶ ᠤᠨ ᠠᠷᠪᠠᠳᠤᠭᠠᠷ ᠵᠦᠢᠯ ᠢ ᠦᠨᠳᠦᠰᠦᠯᠡᠪᠡᠯ᠄ ︽ | ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ | ᠪᠥᠬᠦᠶ ᠵᠠᠷᠤᠳᠠᠯ ᠢ ᠦᠨᠳᠦᠰᠦᠯᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠬᠢᠨᠠᠨ ᠬᠠᠷᠭᠤᠭᠤᠯᠤᠭᠤᠯᠤᠨ ᠨᠡᠶᠢᠲᠡᠯᠡᠭᠦᠯᠬᠦ ᠶᠢᠨ ᠬᠠᠮᠲᠤ ᠴᠠᠭ ᠲᠤᠬᠠᠢ ᠳᠤ ᠨᠢ ᠳᠣᠬᠢᠷᠠᠭᠤᠯᠬᠤ︾ ᠪᠠ ᠠᠷᠪᠠᠨ | ᠨᠠᠢᠮᠠᠳᠤᠭᠠᠷ ᠵᠦᠢᠯ ᠳᠤ᠄ ︽ᠡᠯ᠎ᠡ ᠭᠠᠵᠠᠷ ᠣᠷᠣᠨ ᠨᠤᠭᠤᠳ ᠲᠤᠬᠠᠶ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ | ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠬᠢᠷᠢ ᠲᠥᠪᠰᠢᠨ ᠬᠢᠭᠡᠳ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ | ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠨ | ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠣᠬᠠᠢ ᠳᠤ ᠨᠢ ᠲᠤᠬᠢᠷᠠᠭᠤᠯᠤᠯᠳᠠ ᠬᠢᠬᠦ ᠬᠡᠷᠡᠭᠲᠡᠢ︾ ᠭᠡᠵᠦ | ᠲᠣᠭᠲᠠᠭᠠᠵᠠᠶ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠨᠢ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠦᠴᠢᠷᠳᠡᠯᠲᠡᠢ ᠤᠯᠠᠨ | ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ | ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠶᠠᠷ᠂ ︽ᠠᠪᠤᠷᠠᠨ | ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ | ᠬᠡᠮᠵᠢᠶ᠎ᠡ ᠮᠥᠨ 2021 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ ᠳᠤ ︽ᠵᠠᠩᠭᠢᠯᠠᠭ᠎ᠠ ᠶᠢᠨ ᠴᠠᠭ᠂ ᠬᠦᠴᠢᠷᠳᠡᠯ ᠲᠠᠢ ᠬᠥᠮᠦᠰ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ︾ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ | ︾ ᠭᠡᠵᠦ ᠲᠣᠳᠣᠷᠬᠠᠶ ᠲᠣᠭᠲᠠᠭᠠᠵᠠᠶ᠃ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 | ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ︽ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ | ᠪᠦᠷᠢᠨᠰᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠪᠤᠷᠠᠨ | ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︾ ᠭᠡᠵᠦ ᠲᠣᠳᠣᠷᠬᠠᠶ ᠳᠤᠷᠠᠳᠤᠨ ᠭᠠᠷᠭᠠᠪᠠ᠃ ᠪᠥᠬᠦ | ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠷᠤᠮᠵᠢᠭᠤᠯᠤᠨ ᠳᠣᠭᠢᠷᠠᠭᠤᠯᠵᠤ᠂ ᠪᠥᠬᠦ ᠣᠷᠣᠨ ᠤ | ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ | ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ︽ | ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ | ᠣᠯᠠᠨ ᠲᠦᠮᠡᠨ ᠳᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠶ ᠳᠤ ᠨᠢ ᠭᠦᠢᠴᠡᠳ | ᠡᠳ᠋ᠯᠡᠭᠦᠯᠬᠦ ᠪᠣᠳᠠᠲᠠᠶ ᠠᠷᠭ᠎ᠠ ᠬᠡᠮᠵᠢᠶ᠎ᠡ ᠮᠥᠨ᠃ ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ | ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠪᠣᠳᠠᠲᠤ | ᠪᠠᠶᠢᠳᠠᠯ ᠲᠠᠢ ᠨᠡᠶᠢᠴᠡᠵᠦ ᠪᠤᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ | ᠲᠣᠭᠲᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠠᠶᠢᠮᠠᠭ ᠬᠤᠲᠠ ᠶᠢᠨ ᠳᠡᠭᠡᠷ᠎ᠡ ᠱᠠᠲᠤᠨ ᠳᠤ ᠮᠡᠳᠡᠭᠦᠯᠦᠭᠰᠡᠨ | ᠪᠠᠷᠢᠮᠵᠢᠶ᠎ᠠ ᠪᠠᠷ ᠲᠥᠰᠦᠭᠡᠯᠡᠨ ᠪᠤᠳᠤᠪᠠᠯ᠂ 2022 ᠣᠨ ᠳᠤ ᠪᠥᠬᠦ ᠣᠷᠣᠨ ᠤ ᠬᠤᠲᠠ ᠶᠢᠨ ᠠᠷᠠᠳ ᠤᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠰᠠᠷ᠎ᠠ ᠳᠤ 813 ᠲᠥᠭᠦᠷᠢᠭ ᠲᠤ | ᠬᠦᠷᠴᠦ᠂ ᠨᠢᠳᠤᠨᠤᠨ ᠵᠢᠯ ᠤᠨ ᠬᠢ ᠠᠴᠠ 41 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 5.3% | ᠪᠣᠯᠣᠨ᠎ᠠ︔ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠳᠤᠮᠳᠠᠴᠢ ᠪᠠᠷᠢᠮᠵᠢᠶ᠎ᠠ ᠨᠢ ᠵᠢᠯ ᠳᠤ 7320 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 589 | ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 8.8% ᠪᠣᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ ᠮᠠᠨ ᠤ ᠣᠷᠣᠨ ᠤ | ᠪᠣᠳᠠᠲᠤ ᠪᠠᠶᠢᠳᠠᠯ ᠲᠠᠢ ᠨᠡᠶᠢᠴᠡᠨ᠎ᠡ᠃ ᠣᠨᠴᠠ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ | ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ︽ᠠᠮᠢᠳᠤᠷᠠᠯ ᠢᠶᠠᠨ ᠠᠷᠭᠠᠴᠠᠭᠠᠬᠤ | ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ | ᠠᠯᠳᠠᠭᠰᠠᠨ ᠣᠨᠴᠠ ᠬᠦᠴᠢᠷᠳᠡᠯ ᠲᠠᠢ ᠬᠥᠮᠦᠰ ᠢ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ | ᠨᠢᠳᠤᠨᠤᠨ ᠵᠢᠯ ᠤᠨ ᠪᠥᠬᠦ ᠣᠷᠣᠨ ᠤ ᠳᠤᠮᠳᠠᠴᠢ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 25%᠂ | 65% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ | 2022 ᠣᠨ ᠳᠤ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ | ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠰᠠᠷ᠎ᠠ ᠳᠤ 1358 ᠲᠥᠭᠦᠷᠢᠭ ᠲᠤ ᠬᠦᠷᠦᠭᠦᠯᠵᠦ᠂ | ᠨᠢᠳᠤᠨᠤᠨ ᠵᠢᠯ ᠤᠨ ᠬᠢ ᠠᠴᠠ 50 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 3.8% ᠪᠣᠯᠭᠠᠪᠠ︔ | ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠦᠨᠳᠦᠰᠦᠨ | ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ ᠵᠢᠯ ᠳᠤ 11259 ᠲᠥᠭᠦᠷᠢᠭ ᠲᠤ ᠬᠦᠷᠦᠭᠦᠯᠵᠦ᠂ | ᠨᠢᠳᠤᠨᠤᠨ ᠵᠢᠯ ᠤᠨ ᠬᠢ ᠠᠴᠠ 726 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 6. 9% ᠪᠣᠯᠭᠠᠪᠠ︔ | ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ | ᠲᠠᠯ᠎ᠠ ᠪᠠᠷ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 494 ᠲᠥᠭᠦᠷᠢᠭ ᠲᠤ | ᠬᠦᠷᠦᠭᠦᠯᠵᠦ᠂ ᠨᠢᠳᠤᠨᠤᠨ ᠵᠢᠯ ᠤᠨ ᠬᠢ ᠠᠴᠠ 63 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 14. | 6% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠦᠰ ᠤᠨ ᠠᠮᠢᠳᠤᠷᠠᠯ ᠢᠶᠠᠨ ᠠᠷᠭᠠᠴᠠᠭᠠᠬᠤ | ᠴᠢᠳᠠᠪᠤᠷᠢ ᠪᠠᠨ ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 1265 | ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 178 ᠲᠥᠭᠦᠷᠢᠭ ᠨᠡᠮᠡᠭᠳᠡᠭᠦᠯᠵᠦ᠂ 16.4% ᠪᠠᠷ | ᠨᠡᠮᠡᠭᠳᠡᠭᠦᠯᠵᠡᠢ᠃ | | | | | | |