| | | | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ | ᠳᠠᠭᠠᠳᠬᠠᠯ ᠢᠶᠠᠷ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ | ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ | ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠳᠤ ᠲᠠᠶᠢᠯᠤᠮᠵᠢ | ᠬᠢᠶ᠎ᠡ᠃ ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ ᠡᠮᠴᠢᠯᠡᠭᠡᠨ ᠤ ᠪᠠᠲᠤᠯᠠᠭ᠎ᠠ ᠪᠣᠯ | ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠲᠦᠮᠡᠨ ᠤ ᠵᠣᠯ ᠵᠢᠷᠭᠠᠯ ᠢ | ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ | ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠤᠨ ᠵᠣᠬᠢᠰᠲᠠᠢ ᠲᠤᠬᠢᠷᠠᠭᠤᠯᠤᠯᠳᠠ ᠶᠢ ᠵᠣᠬᠢᠴᠠᠭᠤᠯᠬᠤ᠂ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ | ᠢᠳᠡᠪᠬᠢᠲᠡᠢ ᠦᠢᠯᠡᠳᠦᠯ ᠦᠵᠡᠭᠦᠯᠳᠡᠭ᠃ ᠡᠮᠴᠢᠯᠡᠭᠡᠨ ᠤ ᠳᠠᠭᠠᠳᠬᠠᠯ ᠤᠨ ᠡᠭᠦᠷᠭᠡ ᠴᠢᠳᠠᠪᠬᠢ ᠪᠠ ᠦᠢᠯᠡᠳᠦᠯ ᠢ | ᠭᠦᠢᠴᠡᠳ ᠪᠠᠳᠠᠷᠠᠭᠤᠯᠤᠨ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠭᠠᠳᠬᠠᠯ ᠢ ᠳᠡᠮᠵᠢᠬᠦ ᠲᠥᠷᠥ ᠶᠢᠨ | ᠪᠣᠳᠣᠯᠭ᠎ᠠ ᠶᠢ ᠤᠯᠠᠮ ᠴᠢᠨᠠᠭᠰᠢᠲᠠ ᠪᠦᠷᠢᠨᠰᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠮᠥᠨ ᠴᠤ ᠠᠷᠠᠳ ᠣᠯᠠᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠶᠢ ᠬᠠᠩᠭᠠᠬᠤ ᠶᠢᠨ ᠵᠠᠶᠢᠯᠠᠰᠢ ᠥᠬᠡᠶ | ᠱᠠᠭᠠᠷᠳᠠᠯᠭ᠎ᠠ ᠶᠤᠮ᠃ ︽ᠡᠮᠴᠢᠯᠡᠭᠡᠨ ᠤ ᠳᠠᠭᠠᠳᠬᠠᠯ ᠢᠶᠠᠷ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠬᠤ ᠰᠠᠨᠠᠯ︾ ᠤᠨ ᠵᠣᠷᠢᠭ | ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠮᠠᠨ ᠤ | ᠣᠷᠣᠨ ᠤ ᠪᠣᠳᠠᠲᠠᠶ ᠲᠠᠢ ᠤᠶᠠᠯᠳᠤᠭᠤᠯᠤᠨ ︽ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠭᠰᠠᠨ ᠪᠠᠶᠢᠨ᠎ᠠ᠃ ᠬᠤᠶᠠᠷ᠂ | ︽ᠠᠷᠭ᠎ᠠ ᠬᠡᠮᠵᠢᠶ᠎ᠡ ᠨᠦᠭᠦᠳ︾ ᠤᠨ ᠭᠤᠣᠯ ᠠᠭᠤᠯᠭ᠎ᠠ ︽ᠠᠷᠭ᠎ᠠ ᠬᠡᠮᠵᠢᠶ᠎ᠡ ᠨᠦᠭᠦᠳ︾ ᠨᠢ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ | ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠯᠴᠠᠭ᠎ᠠ ᠶᠢ ᠪᠦᠷᠢᠨᠰᠢᠭᠦᠯᠬᠦ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠳᠣᠭᠢᠷᠠᠭᠰᠠᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ | ᠪᠦᠷᠢᠨᠰᠢᠭᠦᠯᠬᠦ ᠵᠡᠷᠭᠡ ᠶᠢ ᠳᠤᠷᠠᠳᠪᠠ᠃ ᠡᠭᠦᠨ ᠤ ᠬᠠᠮᠲᠤ᠂ ᠰᠠᠭᠤᠷᠢ ᠮᠥᠩᠭᠦᠨ ᠤ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠡᠳᠦᠷ ᠲᠤᠲᠤᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠬᠦ ᠪᠣᠳᠠᠲᠠᠶ ᠱᠠᠭᠠᠷᠳᠠᠯᠭ᠎ᠠ ᠳᠤᠷᠠᠳᠴᠠᠢ᠃ ᠭᠤᠷᠪᠠ᠂ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ ᠨᠢᠭᠡ᠂ ᠨᠥᠬᠦᠴᠡᠯ ᠳᠤ ᠨᠡᠶᠢᠴᠡᠬᠦ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠵᠡᠷᠭᠡ ᠶᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠴᠡᠭ | ᠲᠣᠭᠲᠠᠭᠠᠭᠰᠠᠨ ᠵᠥᠪᠳᠡᠯᠴᠡᠬᠡᠷ ᠤᠨ ᠬᠠᠮᠢᠶᠠᠷᠤᠯᠲᠠ ᠳᠤ ᠣᠷᠣᠭᠤᠯᠤᠨ᠎ᠠ︔ ᠬᠤᠶᠠᠷ᠂ ᠨᠥᠬᠦᠴᠡᠯ ᠳᠤ ᠨᠡᠶᠢᠴᠡᠬᠦ ᠴᠡᠭ | ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ ᠢ | ᠣᠨᠳᠣᠤ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ ᠲᠣᠭᠲᠠᠭᠠᠭᠰᠠᠨ | ᠬᠡᠪᠴᠢᠶᠡᠨ ᠳᠤ ᠴᠠᠭ ᠲᠤᠬᠠᠶ ᠳᠤ ᠨᠢ ᠣᠷᠣᠭᠤᠯᠤᠨ᠎ᠠ︔ ᠭᠤᠷᠪᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠢᠨᠲ᠋ᠧᠷ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ | ᠦᠢᠯᠡᠴᠢᠯᠡᠭᠡ ᠥᠷᠨᠢᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ | ᠪᠠᠶᠢᠭᠤᠯᠤᠮᠵᠢ ᠨᠤᠭᠤᠳ ᠢ ᠴᠠᠭ ᠲᠤᠬᠠᠶ ᠳᠤ ᠨᠢ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢᠨ | ᠴᠡᠭ ᠲᠣᠭᠲᠠᠭᠠᠭᠰᠠᠨ ᠬᠡᠪᠴᠢᠶᠡᠨ ᠳᠤ ᠣᠷᠣᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠭᠤᠷ | ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠳᠥᠷᠪᠡ᠂ ᠦᠢᠯᠡᠴᠢᠯᠡᠭᠡᠨ ᠤ | ᠠᠭᠤᠯᠤᠭᠳᠠᠬᠤᠨ ᠤ ᠬᠥᠭᠵᠢᠯᠲᠡ ᠶᠢ ᠳᠡᠮᠵᠢᠬᠦ ᠲᠠᠯ᠎ᠠ ᠪᠠᠷ ᠨᠢᠭᠡ᠂ ᠤᠯᠤᠰ ᠠᠴᠠ ᠲᠣᠭᠲᠠᠭᠠᠭᠰᠠᠨ ᠳᠣᠭᠢᠷᠠᠭᠤᠯᠬᠤ | ᠡᠷᠬᠡ ᠶᠢᠨ ᠬᠢᠵᠠᠭᠠᠷ ᠪᠠ ᠲᠠᠰ ᠳᠠᠷᠠᠭᠠᠯᠠᠯ ᠤᠨ ᠶᠣᠰᠣᠭᠠᠷ᠂ ᠨᠥᠬᠦᠴᠡᠯ ᠳᠤ ᠨᠡᠶᠢᠴᠡᠬᠦ ᠮᠣᠩᠭᠤᠯ ᠪᠡᠯᠡᠨ ᠡᠮ᠂ | ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ ᠡᠮ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ | ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ | ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠬᠦ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠨᠠᠶᠢᠷᠠᠯᠭ᠎ᠠ ᠶᠢ ᠰᠢᠶᠠᠨ ᠤ ᠬᠡᠪᠴᠢᠶᠡᠨ ᠤ ᠨᠢᠭᠲᠠ | ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠤᠯᠪᠤᠭᠠᠲᠤ ᠴᠣᠭᠴᠠ ᠶᠢᠨ ᠳᠣᠲᠤᠭᠠᠳᠤ ᠳᠠᠬᠢ | ᠪᠠᠶᠢᠭᠤᠯᠤᠮᠵᠢ ᠨᠤᠭᠤᠳ ᠤᠨ ᠬᠤᠭᠤᠷᠣᠨᠳᠣ ᠳᠣᠭᠢᠷᠠᠭᠤᠯᠤᠨ ᠬᠡᠷᠡᠭᠯᠡᠵᠦ ᠪᠣᠯᠬᠤ ᠪᠥᠭᠡᠳ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠬᠤᠶᠠᠷ᠂ ᠡᠮᠴᠢᠯᠡᠭᠡᠨ ᠤ ᠦᠷ᠎ᠡ ᠳ᠋ᠦᠩ ᠨᠢ | ᠣᠨᠣᠪᠴᠢᠲᠠᠶ ᠪᠥᠭᠡᠳ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠣᠨᠴᠠᠯᠢᠭ ᠢ | ᠬᠠᠷᠠᠭᠤᠯᠤᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠮᠵᠢᠲᠠᠢ ᠮᠡᠷᠭᠡᠵᠢᠯ ᠢ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠭᠤᠷᠪᠠ᠂ ᠬᠦᠨᠳᠦ ᠶᠡᠭᠡ ᠬᠢᠵᠢᠭ ᠢ | ᠰᠡᠷᠭᠡᠶᠢᠯᠡᠨ ᠵᠠᠰᠠᠬᠤ ᠦᠶᠡᠰ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠢᠳᠡᠪᠬᠢ ᠦᠢᠯᠡᠳᠦᠯ ᠢ | ᠴᠢᠬᠤᠯᠠᠴᠢᠯᠠᠨ ᠪᠠᠳᠠᠷᠠᠭᠤᠯᠵᠤ᠂ ᠬᠢᠵᠢᠭ ᠢ ᠣᠨᠣᠰᠢᠯᠠᠨ ᠡᠮᠴᠢᠯᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ ᠶᠣᠰᠣᠭᠠᠷ ᠲᠦᠷ ᠴᠠᠭ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ | ᠲᠣᠭᠲᠠᠯᠴᠠᠭ᠎ᠠ ᠶᠢ ᠪᠦᠷᠢᠨᠰᠢᠭᠦᠯᠬᠦ ᠲᠠᠯ᠎ᠠ ᠪᠠᠷ ᠨᠢᠭᠡ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ | ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠤᠳ ᠠᠴᠠ | ᠢᠷᠡᠯᠲᠡ ᠲᠠᠢ᠂ ᠣᠲᠣ ᠬᠦᠷᠲᠡᠯ᠎ᠡ ᠥᠷᠭᠡᠨ ᠢᠶᠠᠷ ᠬᠡᠷᠡᠭᠯᠡᠭᠰᠡᠭᠡᠷ ᠪᠠᠶᠢᠭ᠎ᠠ᠂ ᠡᠮᠴᠢᠯᠡᠭᠡᠨ ᠤ ᠦᠷ᠎ᠡ ᠳ᠋ᠦᠩ | ᠣᠨᠣᠪᠴᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ | ᠡᠭᠦᠳᠬᠦ ᠴᠢᠨᠠᠷᠲᠠᠶ᠂ ᠠᠵᠤ ᠠᠬᠤᠶ ᠶᠢᠨ ᠴᠢᠨᠠᠷᠲᠠᠶ ᠳᠠᠪᠠᠭᠤᠯᠢᠭ ᠢᠶᠠᠷ ᠲᠣᠪᠤᠶᠢᠮ᠎ᠠ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ᠂ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ | ᠵᠦᠢᠯ ᠤᠨ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠥᠭᠦᠮᠴᠢᠯᠡᠵᠦ᠂ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ | ᠥᠭᠭᠦᠨ᠎ᠡ᠃ ᠬᠤᠶᠠᠷ᠂ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠬᠤᠷᠴᠠ ᠰᠡᠷᠭᠡᠭ ᠪᠥᠭᠡᠳ | ᠪᠠᠷᠢᠮᠵᠢᠶᠠᠲᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨ᠎ᠡ | ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠶᠢᠨ ᠳᠠᠭᠠᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠨ᠎ᠠ᠃ ᠭᠤᠷᠪᠠ᠂ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ | ᠲᠠᠪᠴᠠᠩ ᠠᠴᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠬᠤ ᠡᠮ ᠢ ᠬᠤᠳᠠᠯᠳᠤᠨ ᠠᠪᠤᠭᠰᠠᠨ ᠤ | ᠳᠠᠷᠠᠭ᠎ᠠ᠂ ᠣᠷᠤᠭᠤᠯᠤᠭᠰᠠᠨ ᠪᠣᠳᠠᠲᠠᠶ ᠦᠨ᠎ᠡ ᠶᠢ ᠴᠢᠩᠭ᠎ᠠ ᠵᠢᠷᠤᠮᠯᠠᠨ 25% ᠠᠴᠠ ᠬᠡᠲᠦᠷᠡᠭᠦᠯᠬᠦ ᠥᠬᠡᠶ ᠪᠠᠷ | ᠦᠨ᠎ᠡ ᠨᠡᠮᠡᠵᠤ ᠪᠣᠷᠣᠯᠠᠭᠤᠯᠤᠨ᠎ᠠ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ ᠣᠷᠣᠭᠤᠯᠤᠭᠰᠠᠨ ᠪᠣᠳᠠᠲᠠᠶ | ᠦᠨ᠎ᠡ ᠶᠢᠨ ︽ᠵᠥᠷᠢᠶ᠎ᠡ ᠥᠬᠡᠶ ᠨᠣᠷᠮ᠎ᠠ︾ ᠶᠣᠰᠣᠭᠠᠷ ᠪᠣᠷᠤᠯᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ | ᠨᠣᠮᠣᠬᠠᠳᠬᠠᠨ ᠬᠡᠷᠡᠭᠯᠡᠬᠦ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠤᠨ ᠴᠢᠨᠠᠬᠤ ᠡᠮ ᠪᠠ | ᠨᠠᠶᠢᠷᠠᠭᠤᠯᠤᠭᠰᠠᠨ ᠨᠠᠶᠢᠷᠠᠯᠭ᠎ᠠ ᠶᠢᠨ ᠦᠨ᠎ᠡ ᠶᠢ ᠡᠮᠴᠢᠯᠡᠭᠡᠨ ᠤ ᠪᠠᠶᠢᠭᠤᠯᠤᠮᠵᠢ ᠥᠪᠡᠷᠲᠡᠭᠡᠨ ᠲᠣᠭᠲᠠᠭᠠᠨ᠎ᠠ᠃ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠢᠲᠠᠳ ᠡᠮ ᠤᠨ | ᠨᠠᠶᠢᠷᠠᠯᠭ᠎ᠠ ᠶᠢᠨ ᠮᠥᠬᠦᠯᠢᠭ ᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ | ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠡᠭᠡᠷ᠎ᠡ ᠬᠤᠳᠠᠯᠳᠤᠵᠤ᠂ ᠠᠷᠠᠯᠵᠢᠶ᠎ᠠ ᠶᠢᠨ ᠢᠯᠡ ᠲᠣᠳᠣ | ᠪᠠᠶᠢᠬᠤ ᠶᠢ ᠠᠬᠢᠭᠤᠯᠤᠨ᠎ᠠ᠃ ᠵᠢᠷᠭᠤᠭ᠎ᠠ᠂ ᠲᠣᠭᠠᠴᠠᠭ᠎ᠠ ᠬᠢᠬᠦ ᠲᠦᠷᠦ ᠶᠢᠨ ᠪᠤᠳᠤᠯᠭ᠎ᠠ ᠶᠢ ᠪᠦᠷᠢᠨᠰᠢᠭᠦᠯᠬᠦ ᠲᠠᠯ᠎ᠠ ᠪᠠᠷ | ᠨᠢᠭᠡ᠂ ᠡᠮᠴᠢᠯᠡᠭᠡᠨ ᠤ ᠳᠠᠭᠠᠳᠬᠠᠯ ᠤᠨ ᠶᠡᠷᠦᠩᠬᠡᠶ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶ | ᠲᠥᠰᠦᠪ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ | ᠲᠣᠯᠤᠭᠠᠶᠢᠯᠠᠨ ᠪᠠᠶᠢᠭᠤᠯᠤᠭᠰᠠᠨ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ | ᠬᠤᠯᠪᠤᠭᠠᠲᠤ ᠴᠣᠭᠴᠠ ᠶᠢ ᠵᠣᠬᠢᠬᠤ ᠬᠡᠮᠵᠢᠶ᠎ᠡ ᠪᠠᠷ ᠬᠠᠷᠠᠭᠠᠯᠵᠠᠨ᠎ᠠ᠃ ᠬᠤᠶᠠᠷ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠳᠤ ᠡᠪᠡᠳᠴᠢᠨ ᠤ | ᠲᠥᠷᠥᠯ ᠤᠨ ᠨᠣᠭᠳᠠᠬᠤ ᠦᠷᠲᠡᠭ ︵DIP︶ ᠵᠢᠴᠢ ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠥᠬᠦᠶ | ᠠᠩᠭᠢᠯᠠᠯ ︵DRG︶ ᠢ ᠨᠢ ᠦᠨᠳᠦᠰᠦᠯᠡᠨ ᠲᠣᠭᠠᠴᠠᠭ᠎ᠠ ᠬᠢᠬᠦ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ | ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠲᠥᠷᠥᠯ ᠤᠨ ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠦᠨ᠎ᠡ᠃ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠬᠦ ᠳᠤ ᠴᠢᠳᠠᠮᠠᠭᠠᠢ ᠡᠪᠡᠳᠴᠢᠨ ᠤ ᠲᠥᠷᠥᠯ ᠢ | ᠰᠢᠭᠰᠢᠨ ᠰᠣᠩᠭᠤᠵᠤ᠂ ᠧᠦ᠋ᠷᠣᠫᠠ ᠡᠮᠨᠡᠯᠭᠡ ᠳᠤ ᠣᠨᠣᠰᠢᠯᠠᠨ ᠡᠮᠴᠢᠯᠡᠬᠦ ︽ᠠᠳᠠᠯᠢ ᠲᠥᠷᠦᠯ ᠤᠨ ᠡᠪᠡᠳᠴᠢᠨ ᠢ | ᠠᠳᠠᠯᠢ ᠦᠷ᠎ᠡ ᠠᠰᠢᠭ ᠲᠠᠢ᠂ ᠠᠳᠠᠯᠢ ᠦᠨ᠎ᠡ ᠬᠠᠩᠰᠢ ᠪᠠᠷ ᠡᠮᠴᠢᠯᠡᠬᠦ︾ ᠶᠢ ᠬᠡᠷᠡᠭᠵᠢᠭᠦᠯᠦᠨ᠎ᠡ᠃ ᠭᠤᠷᠪᠠ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠬᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠡᠮᠵᠢᠨ ᠵᠣᠷᠢᠭᠵᠢᠭᠤᠯᠵᠤ᠂ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠮᠴᠢ ᠪᠠ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠡᠮᠴᠢᠯᠡᠭᠡᠨ ᠤ ᠭᠠᠵᠠᠷ ᠠᠴᠠ ᠪᠦᠯᠬᠦᠮ ᠵᠣᠬᠢᠶᠠᠨ ᠪᠠᠶᠢᠭᠤᠯᠵᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ | ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠳᠥᠷᠪᠡ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ | ᠶᠢᠨ ᠡᠮᠴᠢᠯᠡᠭᠡᠨ ᠤ ᠪᠠᠶᠢᠭᠤᠯᠤᠮᠵᠢ ᠲᠣᠯᠤᠭᠠᠶᠢᠯᠠᠨ ᠪᠠᠶᠢᠵᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ | ᠬᠤᠯᠪᠤᠭᠠᠲᠤ ᠴᠣᠭᠴᠠ ᠪᠠᠶᠢᠭᠤᠯᠬᠤ ᠶᠢ ᠳᠡᠮᠵᠢᠨ᠎ᠡ᠃ ᠳᠣᠯᠤᠭ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ ᠨᠢᠭᠡ᠂ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠬᠢᠨᠠᠯᠲᠠ ᠬᠠᠮᠢᠶᠠᠷᠤᠯᠲᠠ ᠶᠢᠨ ᠬᠡᠪᠰᠢᠭᠰᠡᠨ ᠲᠣᠭᠲᠠᠴᠠ ᠶᠢ ᠲᠡᠭᠦᠯᠳᠡᠷᠵᠢᠭᠦᠯᠵᠤ᠂ | ᠴᠡᠭ ᠲᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ | ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠴᠢᠯᠡᠬᠦ᠂ ᠬᠠᠭᠤᠷᠮᠠᠭᠯᠠᠨ ᠡᠮᠨᠡᠯᠭᠡ ᠳᠤ ᠰᠠᠭᠤᠯᠭᠠᠬᠤ᠂ | ᠬᠤᠳᠠᠯ ᠢᠶᠠᠷ ᠡᠮ ᠬᠤᠳᠠᠯᠳᠤᠬᠤ᠂ ᠣᠨᠣᠰᠢᠯᠠᠨ ᠡᠮᠨᠡᠬᠦ ᠲᠥᠷᠥᠯ ᠵᠦᠢᠯ ᠢ ᠬᠤᠳᠠᠯ ᠢᠶᠠᠷ ᠡᠷᠬᠢᠯᠡᠬᠦ ᠵᠡᠷᠭᠡ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠨᠤᠭᠤᠳ ᠢ ᠰᠡᠷᠭᠡᠶᠢᠯᠡᠨ᠎ᠡ | ᠃ ᠬᠤᠶᠠᠷ᠂ ᠶᠡᠷᠦᠩᠬᠡᠶᠢᠯᠡᠨ ᠬᠢᠨᠠᠨ ᠬᠠᠮᠢᠶᠠᠷᠬᠤ ᠲᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ | ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ | ᠳᠠᠭᠠᠳᠬᠠᠯ ᠤᠨ ᠰᠠᠯᠠᠭ᠎ᠠ ᠮᠥᠴᠢᠷ ᠬᠢᠭᠡᠳ ᠬᠢᠲᠠᠳ ᠡᠮ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠤᠨ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠨ | ᠬᠠᠮᠢᠶᠠᠷᠬᠤ ᠲᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠦᠨ᠎ᠡ᠃ | | | | | | |