ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠤᠴᠢᠷ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/4/14
                ᠥᠪᠥᠷ ᠵᠠᠰᠠᠭ ᠲᠠᠷᠬᠠᠭᠠᠭᠰᠠᠨ ︹2021︺ 8 ᠳ᠋ᠤᠭᠠᠷ ᠲᠣᠭᠠᠲᠤ                 2021 ᠣᠨ ᠤ 8 ᠳ᠋ᠤᠭᠠᠷ ᠰᠠᠷ᠎ᠠ ᠶᠢᠨ 30᠎ ᠤ ᠡᠳᠦᠷ            ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄           ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠲᠠᠲᠠᠪᠤᠷᠢᠯᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠵᠤ ᠲᠣᠭᠲᠠᠭᠠᠬᠤ ᠪᠠᠷ ᠳᠠᠮᠵᠢᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠬᠠᠤᠯᠢ︾᠎ ᠶᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠲᠤ ᠬᠡᠯᠡᠵᠦ ᠪᠠᠶᠢᠭ᠎ᠠ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠤᠨ ᠪᠣᠳᠠᠲᠠᠶ ᠭᠠᠵᠠᠷ ᠢ ᠳᠣᠤᠷᠠᠬᠢ ᠲᠣᠭᠲᠠᠭᠠᠯ ᠶᠣᠰᠣᠭᠠᠷ ᠲᠣᠭᠲᠠᠭᠠᠪᠠ᠃ ᠨᠢᠭᠡ᠂ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠭᠠᠶᠢᠯᠢ ᠶᠢᠨ ᠶᠠᠪᠤᠳᠠᠯ ᠤᠨ ᠪᠦᠷᠢᠳᠭᠡᠨ ᠳᠠᠩᠰᠠᠯᠠᠭᠤᠯᠤᠭᠰᠠᠨ ᠭᠠᠵᠠᠷ ᠢᠶᠠᠷ ᠨᠢ ᠲᠣᠭᠲᠠᠭᠠᠨ᠎ᠠ᠃ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠬᠢᠯᠭᠡᠭᠰᠡᠨ ᠥᠬᠡᠶ ᠭᠠᠶᠢᠯᠢ ᠲᠤᠰᠢᠶᠠᠭᠴᠢ ᠪᠦᠬᠦᠨ ᠤ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢ ᠲᠡᠭᠦᠨ ᠤ ᠥᠷᠲᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃ ᠬᠤᠶᠠᠷ᠂ ᠦᠷᠳᠡᠭ ᠨᠡᠮᠡᠭᠳᠡᠯ ᠤᠨ ᠭᠠᠶᠢᠯᠢ ᠪᠠ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ ᠲᠤᠰᠢᠶᠠᠬᠤ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠣᠷᠣᠯᠠᠨ ᠰᠠᠭᠤᠯᠭᠠᠵᠤ ᠣᠷᠣᠯᠠᠨ ᠲᠤᠰᠢᠶᠠᠭᠰᠠᠨ᠂ ᠣᠷᠣᠯᠠᠨ ᠬᠤᠷᠢᠶᠠᠵᠤ ᠣᠷᠣᠯᠠᠨ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ︔ ᠰᠢᠯᠵᠢᠩᠭᠦᠢ ᠡᠵᠡᠩᠨᠡᠯᠲᠡ ᠬᠢᠵᠦ ᠪᠠᠶᠢᠭ᠎ᠠ ᠵᠡᠷᠭᠡ ᠲᠣᠭᠲᠠᠮᠠᠯ ᠭᠠᠶᠢᠯᠢ ᠲᠤᠰᠢᠶᠠᠬᠤ ᠭᠠᠵᠠᠷ ᠦᠭᠡᠢ ᠨᠢᠭᠡᠴᠢ ᠪᠠ ᠬᠤᠪᠢ ᠬᠥᠮᠦᠨ ᠤ ᠪᠣᠯ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠪᠣᠳᠠᠲᠠᠶ ᠲᠤᠰᠢᠶᠠᠭᠰᠠᠨ ᠭᠠᠵᠠᠷ ᠢᠶᠠᠷ ᠨᠢ ᠲᠣᠭᠲᠠᠭᠠᠨ᠎ᠠ᠃ ᠭᠤᠷᠪᠠ᠂ ᠭᠠᠶᠢᠯᠢ ᠲᠤᠰᠢᠶᠠᠭᠴᠢ ᠨᠢ ᠭᠠᠵᠠᠷ ᠣᠷᠣᠨ ᠠᠯᠤᠰᠯᠠᠨ ᠪᠠᠷᠢᠯᠭ᠎ᠠ ᠶᠢᠨ ᠦᠢᠯᠡᠴᠢᠯᠡᠭᠡ ᠬᠠᠩᠭᠠᠬᠤ᠂ ᠦᠯᠦ ᠬᠥᠳᠡᠯᠬᠦ ᠬᠦᠷᠦᠩᠭᠡ ᠪᠣᠷᠣᠯᠠᠭᠤᠯᠬᠤ ᠪᠠ ᠲᠦᠷᠢᠶᠡᠰᠦᠯᠡᠭᠦᠯᠪᠡᠯ᠂ ᠪᠠᠷᠢᠯᠭ᠎ᠠ ᠶᠢᠨ ᠦᠢᠯᠡᠴᠢᠯᠡᠭᠡ ᠡᠭᠦᠰᠦᠭᠰᠡᠨ ᠭᠠᠵᠠᠷ᠂ ᠦᠯᠦ ᠬᠥᠳᠡᠯᠬᠦ ᠬᠦᠷᠦᠩᠭᠡ ᠶᠢᠨ ᠪᠠᠶᠢᠭ᠎ᠠ ᠭᠠᠵᠠᠷ ᠲᠤ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠳᠤ ᠪᠠᠨ᠂ ᠤᠷᠢᠳᠴᠢᠯᠠᠨ ᠲᠤᠰᠢᠶᠠᠬᠤ ᠦᠷᠳᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠦᠷᠳᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠵᠠᠷ ᠤᠨ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠪᠠᠷ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃ ᠥᠷᠲᠡᠭ ᠨᠡᠮᠡᠭᠳᠡᠯ ᠤᠨ ᠭᠠᠶᠢᠯᠢ ᠶᠢ ᠤᠷᠢᠳᠴᠢᠯᠠᠨ ᠲᠤᠰᠢᠶᠠᠬᠤ ᠭᠠᠶᠢᠯᠢ ᠲᠤᠰᠢᠶᠠᠭᠴᠢ ᠨᠢ ᠥᠪᠡᠷ ᠤᠨ ᠪᠠᠶᠢᠭᠤᠯᠤᠮᠵᠢ ᠶᠢᠨ ᠪᠠᠶᠢᠭ᠎ᠠ ᠭᠠᠵᠠᠷ ᠲᠤ ᠪᠠᠨ ᠥᠷᠲᠡᠭ ᠨᠡᠮᠡᠭᠳᠡᠯ ᠤᠨ ᠭᠠᠶᠢᠯᠢ ᠲᠤᠰᠢᠶᠠᠬᠤ ᠪᠠᠷ ᠮᠡᠳᠡᠭᠦᠯᠬᠦ ᠳᠤ ᠪᠠᠨ᠂ ᠲᠡᠭᠦᠨ ᠤ ᠪᠣᠳᠠᠲᠠᠶ ᠲᠤᠰᠢᠶᠠᠭᠰᠠᠨ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠶᠢᠨ ᠲᠤᠭ᠎ᠠ ᠪᠠᠷ ᠭᠠᠶᠢᠯᠢ ᠪᠤᠳᠤᠬᠤ ᠦᠨᠳᠦᠰᠦᠯᠡᠯ ᠪᠣᠯᠭᠠᠬᠤ ᠶᠢᠨ ᠬᠠᠮᠲᠤ᠂ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠣᠷᠮ᠎ᠠ ᠪᠠᠷ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠭᠠᠶᠢᠯᠢ ᠶᠢ ᠲᠤᠬᠠᠶ ᠶᠢᠨ ᠭᠠᠵᠠᠷ ᠲᠤ ᠨᠢ ᠪᠤᠳᠤᠵᠤ ᠲᠤᠰᠢᠶᠠᠯᠭᠠᠨ᠎ᠠ᠃ ᠲᠦᠷᠪᠡ᠂ ᠦᠷᠳᠡᠭ ᠨᠡᠮᠡᠭᠳᠡᠯ ᠤᠨ ᠭᠠᠶᠢᠯᠢ᠂ ᠬᠡᠷᠡᠭᠯᠡᠭᠡᠨ ᠤ ᠭᠠᠶᠢᠯᠢ ᠶᠢ ᠬᠤᠷᠢᠶᠠᠩᠭᠤᠶᠢᠯᠠᠨ ᠲᠤᠰᠢᠶᠠᠬᠤ ᠶᠢ ᠬᠡᠷᠡᠭᠵᠢᠭᠦᠯᠦᠭᠰᠡᠨ ᠭᠠᠶᠢᠯᠢ ᠲᠤᠰᠢᠶᠠᠭᠴᠢ᠂ ᠶᠡᠷᠦᠩᠬᠡᠶ ᠪᠠᠶᠢᠭᠤᠯᠤᠮᠵᠢ ᠂ ᠰᠠᠯᠪᠤᠷᠢ ᠪᠠᠶᠢᠭᠤᠯᠤᠮᠵᠢ ᠶᠢᠨ ᠬᠤᠪᠢ ᠬᠤᠪᠢ ᠪᠠᠷ ᠢᠶᠠᠨ ᠲᠤᠰᠢᠶᠠᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢ ᠪᠣᠯ ᠲᠤᠰ ᠲᠤᠰ ᠪᠠᠶᠢᠭ᠎ᠠ ᠭᠠᠵᠠᠷ ᠢᠶᠠᠷ ᠨᠢ ᠭᠠᠶᠢᠯᠢ ᠲᠤᠰᠢᠶᠠᠭᠴᠢ ᠶᠢᠨ ᠪᠠᠶᠢᠭ᠎ᠠ ᠭᠠᠵᠠᠷ ᠢᠶᠠᠷ ᠪᠣᠳᠤᠵᠤ᠂ ᠵᠣᠬᠢᠬᠤ ᠬᠤᠳᠠ ᠶᠢᠨ ᠬᠠᠮᠠᠭᠠᠯᠠᠯᠲᠠ ᠪᠦᠳᠦᠭᠡᠨ ᠪᠠᠶᠢᠭᠤᠯᠤᠯᠲᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠨᠤᠷᠮ᠎ᠠ ᠶᠢ ᠲᠣᠭᠲᠠᠭᠠᠨ᠎ᠠ᠃ ᠲᠠᠪᠤ᠂ ᠳᠡᠭᠡᠷ᠎ᠡ ᠳᠤᠷᠠᠳᠤᠭᠰᠠᠨ ᠲᠣᠭᠲᠠᠭᠠᠯ ᠨᠢ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠤᠶᠢᠰᠢᠳᠠ ᠨᠡᠶᠢᠲᠡᠯᠡᠬᠦ ᠬᠤᠯᠪᠣᠭᠳᠠᠯ ᠪᠦᠬᠦᠢ ᠲᠣᠭᠲᠠᠭᠠᠯ ᠲᠠᠢ ᠨᠢᠭᠡᠳᠦᠯ ᠦᠭᠡᠢ ᠪᠣᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠲᠣᠭᠲᠠᠭᠠᠯ ᠢᠶᠠᠷ ᠪᠠᠷᠢᠮᠵᠢᠶ᠎ᠠ ᠪᠣᠯᠭᠠᠨ᠎ᠠ᠃ ᠲᠤᠰ ᠮᠡᠳᠡᠭᠳᠡᠯ ᠢ 2021 ᠣᠨ ᠤ 9 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号