| | ︵2018 ᠤᠨ ᠤ 10 ᠰᠠᠷ᠎ᠠ ᠶᠢᠨ 31 ᠤ ᠡᠳᠦᠷ ᠤᠯᠠᠭᠠᠨᠬᠠᠳᠠ ᠬᠤᠲᠠ ᠶᠢᠨ ᠳᠤᠯᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠢᠩᠭᠤ ᠶᠢᠨ ᠬᠤᠷᠢᠶᠠᠨ ᠤ ᠲᠠᠪᠤᠳᠤᠭᠠᠷ | ᠬᠤᠷᠠᠯ ᠠᠴᠠ ᠪᠠᠲᠤᠯᠠᠵᠤ᠂ 2018 ᠤᠨ ᠤ 12 ᠰᠠᠷ᠎ᠠ ᠶᠢᠨ 6 ᠤ ᠡᠳᠦᠷ ᠦᠪᠦᠷ ᠮᠤᠩᠭᠤᠯ ᠤᠨ ᠦᠪᠡᠷᠲᠡᠭᠡᠨ | ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠢᠩᠭᠤ ᠶᠢᠨ ᠬᠤᠷᠢᠶᠠᠨ ᠤ ᠠᠷᠪᠠᠳᠤᠭᠠᠷ ᠬᠤᠷᠠᠯ ᠠᠴᠠ ᠵᠦᠪᠰᠢᠶᠡᠷᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ ᠨᠢᠭᠡᠳᠦᠭᠡᠷ ᠵᠤᠷᠪᠤᠰ ᠭᠠᠵᠠᠷ ᠳᠤᠤᠷᠠᠬᠢ ᠤᠰᠤ ᠶᠢ | ᠬᠠᠮᠠᠭᠠᠯᠠᠨ ᠬᠠᠮᠢᠶᠠᠷᠬᠤ ᠪᠠᠨ ᠴᠢᠩᠭᠠᠳᠬᠠᠵᠤ᠂ ᠭᠠᠵᠠᠷ ᠳᠤᠤᠷᠠᠬᠢ ᠤᠰᠤᠨ ᠤ ᠦᠷᠬᠦᠯᠵᠢᠯᠡᠬᠦ᠋ᠢᠢᠴᠠ ᠠᠰᠢᠭᠯᠠᠯᠲᠠ | ᠪᠠ ᠠᠵᠤ ᠠᠬᠤᠢ ᠨᠡᠶᠢᠢᠭᠡᠮ ᠤᠨ ᠦᠷᠭᠦᠯᠵᠢᠯᠡᠬᠦ᠋ᠢᠢᠴᠡ ᠬᠦᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠦᠭᠦᠳᠡ | ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠬᠠᠤᠯᠢ︾᠂ ︽ᠪᠦᠭᠦᠳᠡ ᠨᠠᠶᠢᠢᠷᠠᠮᠳᠠᠬᠤ ᠳᠤᠮᠳᠠᠲᠤ | ᠠᠷᠠᠳ ᠤᠯᠤᠰ ᠤᠨ ᠤᠰᠤᠨ ᠤ ᠪᠤᠬᠢᠷᠳᠤᠯ ᠢ ᠰᠡᠷᠭᠡᠶᠢᠢᠯᠡᠨ ᠵᠠᠰᠠᠬᠤ ᠬᠠᠤᠯᠢ︾᠂ ︽ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ︿ᠪᠦᠭᠦᠳᠡ ᠨᠠᠶᠢᠢᠷᠠᠮᠳᠠᠬᠤ ᠳᠤᠮᠳᠠᠲᠤ ᠠᠷᠠᠳ ᠤᠯᠤᠰ ᠤᠨ ᠤᠰᠤᠨ ᠤ ᠬᠠᠤᠯᠢ﹀ | ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠳᠦᠷᠢᠮ ᠢ ᠦᠨᠳᠦᠰᠦᠯᠡᠵᠦ᠂ ᠮᠠᠨ ᠤ ᠬᠤᠲᠠ ᠶᠢᠨ | ᠪᠤᠳᠠᠲᠠᠢ ᠪᠠᠶᠢᠳᠠᠯ ᠲᠠᠢ ᠤᠶᠠᠯᠳᠤᠭᠤᠯᠵᠤ ᠲᠤᠰ ᠳᠦᠷᠢᠮ ᠢ ᠲᠤᠭᠲᠠᠭᠠᠪᠠ᠃ ᠬᠤᠶᠠᠳᠤᠭᠠᠷ ᠵᠤᠷᠪᠤᠰ ᠲᠤᠰ | ᠬᠤᠲᠠ ᠶᠢᠨ ᠵᠠᠰᠠᠭ ᠵᠠᠬᠢᠷᠭᠠᠨ ᠤ ᠤᠷᠤᠨ ᠭᠡᠴᠡ ᠶᠢᠨ ᠳᠣᠲᠣᠨᠠᠬᠢ ᠭᠠᠵᠠᠷ ᠳᠤᠤᠷᠠᠬᠢ ᠤᠰᠤ ᠶᠢ ᠨᠡᠭᠡᠭᠡᠨ | ᠠᠰᠢᠭᠯᠠᠬᠤ᠂ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠵᠢᠴᠢ ᠲᠡᠭᠦᠨ ᠤ ᠬᠠᠮᠢᠶ᠎ᠠ ᠪᠦᠬᠦᠢ ᠠᠵᠢᠯᠯᠠᠭᠠᠨ ᠳᠤ ᠲᠤᠰ | ᠳᠦᠷᠢᠮ ᠢ ᠬᠡᠷᠡᠭᠯᠡᠨ᠎ᠡ᠃ ᠲᠤᠰ ᠳᠦᠷᠢᠮ ᠳᠤ ᠳᠤᠷᠠᠳᠤᠭᠰᠠᠨ ᠭᠠᠵᠠᠷ ᠳᠤᠤᠷᠠᠬᠢ ᠤᠰᠤ ᠭᠡᠳᠡᠭ ᠨᠢ ᠭᠠᠵᠠᠷ ᠤᠨ | ᠭᠠᠳᠠᠷᠭᠤ ᠠᠴᠠ ᠳᠤᠷᠤᠭᠰᠢᠬᠢ ᠤᠰᠤ ᠠᠭᠤᠯᠬᠤ ᠳᠠᠪᠬᠤᠷᠭ᠎ᠠ ᠳᠤ ᠬᠠᠳᠠᠭᠠᠯᠠᠭᠳᠠᠵᠤ ᠪᠠᠶᠢᠢᠭ᠎ᠠ ᠤᠰᠤ ᠶᠢ ᠵᠢᠭᠠᠨ᠎ᠠ᠃ | ᠭᠤᠷᠪᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠠᠮᠤᠭ | ᠴᠢᠩᠭ᠎ᠠ ᠬᠢᠨᠠᠮᠠᠭᠠᠢ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠨᠠᠶᠢᠢᠳᠠᠪᠤᠷᠢᠵᠢᠭᠤᠯᠵᠤ᠂ ᠲᠤᠰ | ᠵᠠᠰᠠᠭ ᠵᠠᠬᠢᠷᠭᠠᠨ ᠤ ᠤᠷᠤᠨ ᠭᠡᠴᠡ ᠶᠢᠨ ᠳᠤᠲᠤᠷᠠᠬᠢ ᠭᠠᠵᠠᠷ ᠳᠤᠤᠷᠠᠬᠢ ᠤᠰᠤᠨ ᠤ ᠠᠰᠢᠭᠯᠠᠯᠲᠠ ᠬᠠᠮᠠᠭᠠᠯᠠᠯᠲᠠ ᠳᠤ | ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠤᠰᠤ ᠪᠠᠷ ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠦᠷᠢᠯᠡᠯ ᠢ | ᠲᠤᠭᠲᠠᠭᠠᠬᠤ᠂ ᠲᠠᠳᠠᠨ ᠬᠡᠷᠡᠭᠯᠡᠬᠦ ᠪᠠ ᠨᠦᠬᠦᠪᠦᠷᠢᠯᠡᠬᠦ ᠶᠢ ᠲᠡᠩᠴᠡᠭᠦᠷᠢᠰᠢᠭᠦᠯᠬᠦ᠂ ᠦᠷᠭᠦᠯᠵᠢᠯᠡᠬᠦ᠋ᠢᠢᠴᠡ ᠬᠥᠭᠵᠢᠭᠦᠯᠬᠦ | ᠵᠠᠷᠴᠢᠮ ᠢᠶᠠᠷ ᠭᠠᠵᠠᠷ ᠳᠤᠤᠷᠠᠬᠢ ᠤᠰᠤᠨ ᠳᠤ ᠬᠤᠯᠪᠤᠭᠳᠠᠬᠤ ᠵᠦᠢᠯ ᠢ ᠲᠤᠭᠲᠠᠭᠠᠵᠤ᠂ ᠭᠠᠵᠠᠷ ᠳᠤᠤᠷᠠᠬᠢ ᠤᠰᠤ ᠶᠢ | ᠠᠰᠢᠭᠯᠠᠨ ᠬᠠᠮᠠᠭᠠᠯᠠᠬᠤ ᠪᠠ ᠠᠵᠤ ᠠᠬᠤᠢ ᠨᠡᠶᠢᠢᠭᠡᠮ ᠤᠨ ᠬᠦᠭᠵᠢᠯᠲᠡ ᠬᠠᠷᠢᠯᠴᠠᠨ ᠵᠣᠬᠢᠴᠠᠯᠳᠤᠬᠤ ᠶᠢ ᠪᠠᠳᠤᠯᠠᠨ᠎ᠠ᠃ | ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠭᠲᠠᠭᠠᠭᠰᠠᠨ ᠡᠷᠬᠡ ᠮᠡᠳᠡᠯ ᠤᠨ ᠬᠡᠪᠴᠢᠶᠡᠨ | ᠳᠤᠲᠤᠷ᠎ᠠ ᠪᠠᠨ ᠭᠠᠵᠠᠷ ᠳᠤᠤᠷᠠᠬᠢ ᠤᠰᠤ ᠶᠢ ᠨᠢᠭᠡᠲᠦᠯᠲᠡᠢ ᠬᠠᠮᠢᠶᠠᠷᠬᠤ ᠪᠠ ᠬᠢᠨᠠᠯᠲᠠ ᠲᠠᠯᠪᠢᠵᠤ᠂ ᠪᠤᠰᠤᠳ ᠬᠠᠮᠢᠶ᠎ᠠ | ᠪᠦᠬᠦᠢ ᠰᠠᠯᠠᠭ᠎ᠠ ᠮᠦᠴᠢᠷ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯᠲᠠ ᠶᠣᠰᠣᠭᠠᠷ᠂ ᠭᠠᠵᠠᠷ ᠳᠤᠤᠷᠠᠬᠢ | ᠤᠰᠤᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ | ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠳᠤ ᠬᠤᠯᠪᠤᠭᠳᠠᠭᠰᠠᠨ ᠠᠵᠢᠯ ᠢ ᠬᠢᠬᠦ ᠳᠤ ᠬᠠᠮᠢᠶᠠᠷᠬᠤ ᠡᠷᠬᠡ ᠪᠦᠬᠦᠢ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠬᠤᠷᠢᠶᠠᠬᠤ | ᠬᠡᠷᠡᠭᠲᠡᠢ᠂ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠤᠨ ᠰᠠᠨᠠᠯ ᠢ ᠠᠪᠤᠭᠰᠠᠨ ᠦᠭᠡᠢ ᠪᠤᠶᠤ ᠬᠠᠮᠢᠶᠠᠷᠬᠤ ᠡᠷᠬᠡ ᠪᠦᠬᠦᠢ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠪᠤᠰᠤ ᠰᠠᠨᠠᠯ ᠲᠠᠢ ᠪᠤᠯ᠂ ᠭᠠᠵᠠᠷ ᠳᠤᠤᠷᠠᠬᠢ | ᠤᠰᠤ ᠶᠢ ᠲᠠᠲᠠᠨ ᠬᠡᠷᠡᠭᠯᠡᠬᠦ ᠳᠤ ᠬᠤᠯᠪᠤᠭᠳᠠᠭᠰᠠᠨ ᠵᠦᠢᠯ ᠳᠤ ᠰᠢᠢᠳᠪᠦᠷᠢ ᠭᠠᠷᠭᠠᠵᠤ ᠪᠤᠯᠬᠤ ᠦᠭᠡᠢ᠂ ᠭᠡᠪᠡᠴᠦ | ᠬᠠᠤᠯᠢ ᠳᠦᠷᠢᠮ ᠬᠠᠤᠯᠢ ᠲᠣᠭᠲᠠᠭᠠᠯ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ ᠳᠦᠷᠪᠡᠳᠦᠭᠡᠷ | ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠲᠤᠭᠠᠳᠤ ᠶᠢ | ᠬᠠᠮᠠᠭᠠᠯᠠᠬᠤ ᠪᠠᠶᠢᠭᠤᠯᠭ᠎ᠠ ᠬᠠᠤᠯᠢ ᠶᠤᠰᠤᠭᠠᠷ ᠲᠤᠰ ᠱᠠᠲᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯ ᠳᠤ ᠬᠠᠮᠵᠢᠯᠴᠠᠨ | ᠲᠤᠰᠠᠯᠠᠬᠤ ᠬᠡᠷᠡᠭᠲᠡᠢ᠃ ᠲᠠᠪᠤᠳᠤᠭᠠᠷ ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ | ᠤᠷᠳᠤᠨ ᠭᠠᠵᠠᠷ ᠳᠤᠤᠷᠠᠬᠢ ᠤᠰᠤ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠦᠷᠢᠮ ᠪᠤᠯᠤᠨ ᠠᠷᠪᠢᠯᠠᠨ ᠭᠠᠮᠨᠠᠵᠦ | ᠠᠰᠢᠭᠯᠠᠬᠤ ᠤᠬᠠᠭᠤᠯᠭ᠎ᠠ ᠬᠦᠮᠦᠵᠢᠯ ᠢ ᠴᠢᠩᠭᠠᠳᠬᠠᠵᠦ᠂ ᠭᠠᠵᠠᠷ ᠳᠤᠤᠷᠠᠬᠢ ᠤᠰᠤᠨ ᠤ ᠬᠠᠮᠠᠭᠠᠯᠠᠯᠲᠠ | ᠬᠠᠮᠢᠶᠠᠷᠤᠯᠲᠠ ᠶᠢᠨ ᠵᠤᠷᠢᠭᠵᠢᠭᠤᠯᠬᠤ ᠲᠤᠭᠳᠠᠴᠠ ᠶᠢ ᠪᠦᠷᠢᠨᠰᠢᠬᠦᠯᠤᠨ᠂ ᠭᠠᠵᠠᠷ ᠳᠤᠤᠷᠠᠬᠢ ᠤᠰᠤ ᠶᠢ ᠠᠷᠪᠢᠯᠠᠬᠤ᠂ | ᠬᠠᠮᠠᠭᠠᠯᠠᠬᠤ ᠪᠤᠯᠤᠨ ᠬᠠᠮᠢᠶᠠᠷᠬᠤ ᠳᠤ ᠳᠤᠪᠤᠶᠢᠢᠮᠠ ᠬᠤᠪᠢ ᠨᠡᠮᠡᠷᠢ ᠦᠵᠡᠬᠦᠯᠦᠭᠰᠡᠨ ᠨᠢᠭᠡᠴᠡ ᠪᠤᠯᠤᠨ ᠬᠤᠪᠢ | ᠬᠦᠮᠦᠨ ᠢ ᠬᠠᠮᠢᠶ ᠠ ᠪᠦᠬᠦᠢ ᠲᠤᠭᠳᠠᠭᠠᠯ ᠶᠣᠰᠣᠭᠠᠷ ᠱᠠᠩᠨᠠᠨ ᠬᠥᠬᠢᠭᠦᠯᠬᠦ ᠬᠡᠷᠡᠭᠲᠡᠢ᠃ ᠵᠢᠷᠭᠤᠳᠤᠭᠠᠷ ᠵᠤᠷᠪᠤᠰ | ᠶᠠᠮᠠᠷᠪᠠ ᠨᠢᠭᠡᠴᠡ ᠪᠤᠯᠤᠨ ᠬᠤᠪᠢ ᠬᠦᠮᠦᠨ ᠴᠦᠮ ᠭᠠᠵᠠᠷ ᠲᠤᠤᠷᠠᠬᠢ ᠤᠰᠤ ᠶᠢ ᠠᠷᠪᠢᠯᠠᠨ ᠭᠠᠮᠨᠠᠬᠤ ᠪᠤᠯᠤᠨ | ᠬᠠᠮᠠᠭᠠᠯᠠᠬᠤ ᠡᠷᠭᠦᠭᠡ ᠲᠠᠢ᠂ ᠭᠠᠵᠠᠷ ᠲᠤᠤᠷᠠᠬᠢ ᠤᠰᠤ ᠶᠢ ᠬᠤᠬᠢᠷᠠᠭᠤᠯᠤᠨ᠂ ᠪᠤᠬᠢᠷᠳᠤᠭᠤᠯᠤᠭᠰᠠᠨ ᠪᠠ ᠬᠠᠤᠯᠢ | ᠪᠤᠰᠤ ᠪᠠᠷ ᠨᠡᠬᠡᠬᠡᠨ ᠠᠰᠢᠭᠯᠠᠭᠰᠠᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠬᠦᠯᠬᠦ ᠡᠷᠬᠡ ᠲᠠᠢ᠃ ᠬᠤᠳᠠ᠂ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ | ᠭᠠᠵᠠᠷ ᠳᠤᠤᠷᠠᠬᠢ ᠤᠰᠤ ᠶᠢ ᠬᠤᠬᠢᠷᠠᠭᠤᠯᠤᠭᠰᠠᠨ᠂ ᠪᠤᠬᠢᠷᠳᠤᠭᠤᠯᠤᠭᠰᠠᠨ ᠪᠠ ᠬᠠᠤᠯᠢ ᠪᠤᠰᠤ ᠪᠠᠷ ᠨᠡᠬᠡᠬᠡᠨ | ᠠᠰᠢᠭᠯᠠᠭᠰᠠᠨ ᠢ ᠢᠯᠡᠴᠢᠯᠡᠨ ᠮᠡᠳᠡᠬᠦᠯᠵᠦ᠂ ᠵᠠᠭᠠᠯᠳᠤᠭᠰᠠᠨ᠂ ᠬᠢᠨᠠᠯᠳᠠ ᠲᠠᠯᠪᠢᠬᠰᠠᠨ ᠰᠠᠨᠠᠯ ᠢ ᠴᠠᠭ ᠲᠤᠬᠠᠢ ᠳᠤᠨᠢ | ᠪᠠᠶᠢᠢᠴᠠᠭᠠᠨ ᠰᠢᠢᠳᠪᠦᠷᠢᠯᠡᠬᠦ ᠶᠢᠨ ᠬᠠᠮᠳᠤ ᠲᠤᠭᠳᠠᠭᠠᠯ ᠶᠤᠰᠤᠭᠠᠷ ᠪᠠᠶᠢᠢᠴᠠᠭᠠᠨ ᠰᠢᠢᠳᠪᠦᠷᠢᠯᠡᠭᠰᠡᠨ ᠦᠷ ᠡ | ᠳ᠋ᠦᠢᠩ ᠢᠶᠠᠨ ᠴᠠᠭ ᠲᠤᠬᠠᠢ ᠳᠤᠨᠢ ᠢᠯᠡ ᠨᠡᠶᠢᠢᠳᠡᠯᠡᠬᠦ ᠬᠡᠷᠡᠭᠳᠡᠢ᠃ ᠭᠠᠵᠠᠷ ᠲᠤᠤᠷᠠᠬᠢ ᠤᠰᠤ ᠶᠢ ᠬᠤᠬᠢᠷᠠᠭᠤᠯᠤᠭᠰᠠᠨ | ᠂ ᠪᠤᠬᠢᠷᠳᠤᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠳᠤ ᠲᠤᠭᠳᠠᠭᠠᠭᠰᠠᠨ ᠪᠠᠶᠢᠭᠤᠯᠭ᠎ᠠ ᠪᠤᠯᠤᠨ ᠬᠤᠯᠪᠤᠭᠳᠠᠯ | ᠪᠦᠬᠦᠢ ᠵᠤᠬᠢᠶᠠᠨ ᠪᠠᠶᠢᠢᠭᠤᠯᠤᠯᠳᠠ ᠠᠴᠠ ᠠᠷᠠᠳ ᠤᠨ ᠰᠢᠬᠦᠬᠦ ᠬᠤᠷᠢᠶᠠᠨ ᠳᠤ ᠨᠡᠶᠢᠳᠡ ᠶᠢᠨ ᠠᠰᠠᠷᠠᠮᠵᠢ ᠶᠢᠨ | ᠵᠠᠭᠠᠯᠳᠤᠯᠭ᠎ᠠ ᠭᠠᠷᠭᠠᠵᠦ ᠪᠤᠯᠤᠨ᠎ᠠ᠃ ᠬᠤᠶᠠᠳᠤᠭᠠᠷ ᠪᠦᠯᠦᠭ ᠲᠦᠯᠦᠪᠵᠢᠬᠦᠯᠭᠡ ᠪᠠ ᠨᠤᠳᠠᠯᠠᠯᠳᠠ ᠳᠤᠯᠤᠳᠤᠭᠠᠷ | ᠵᠤᠷᠪᠤᠰ ᠬᠤᠳᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ | ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ ᠳᠡᠭᠡᠷ ᠡ ᠨᠢᠭᠡ ᠱᠠᠳᠤᠨ ᠤ ᠠᠷᠠᠳ ᠤᠨ | ᠵᠠᠰᠠᠭ ᠤᠨ ᠤᠷᠳᠤᠨ ᠤ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠭᠠᠮᠨᠠᠵᠦ ᠠᠰᠢᠭᠯᠠᠬᠤ | ᠲᠦᠯᠦᠪᠵᠢᠬᠦᠯᠭᠡ ᠶᠢ ᠦᠨᠳᠤᠰᠤᠯᠡᠨ᠂ ᠲᠤᠰ ᠵᠠᠰᠠᠭ ᠵᠠᠬᠢᠷᠭᠠᠨ ᠤ ᠤᠷᠤᠨ ᠬᠡᠴᠡ ᠳᠠᠬᠢ ᠭᠠᠵᠠᠷ ᠳᠤᠤᠷᠠᠬᠢ | ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ ᠲᠣᠭᠲᠠᠭᠰᠠᠨ ᠬᠤᠭᠤᠴᠠᠭ᠎ᠠ ᠲᠠᠢ | ᠨᠠᠶᠢᠷᠠᠭᠤᠯᠤᠨ ᠳᠤᠭᠳᠠᠭᠠᠵᠦ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠡᠷᠬᠡ | ᠤᠯᠭᠤᠭᠰᠠᠨ ᠰᠠᠯᠠᠭ᠎ᠠ ᠮᠦᠴᠢᠷ ᠲᠤ ᠮᠡᠳᠡᠬᠦᠯᠵᠤ ᠵᠦᠪᠰᠢᠶᠡᠷᠡᠬᠦᠯᠬᠦ ᠭᠡᠷᠡᠭᠳᠡᠢ᠃ ᠭᠠᠵᠠᠷ ᠳᠤᠤᠷᠠᠬᠢ ᠤᠰᠤ ᠶᠢ | ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠶᠢ ᠨᠠᠶᠢᠢᠷᠠᠭᠤᠯᠤᠨ ᠲᠣᠭᠲᠠᠭᠠᠬᠤ ᠳᠠᠭᠠᠨ ᠤᠯᠠᠨ | ᠨᠡᠶᠢᠢᠳᠡ ᠠᠴᠠ ᠢᠯᠡ ᠪᠠᠷ ᠰᠠᠨᠠᠯ ᠬᠤᠷᠢᠶᠠᠵᠦ᠂ ᠲᠤᠰᠬᠠᠢ ᠮᠡᠷᠭᠡᠵᠢᠯᠳᠡᠨ ᠠᠴᠠ ᠨᠤᠳᠠᠯᠠᠬᠤ ᠲᠦᠷᠢᠮ ᠢ | ᠬᠡᠷᠡᠭᠵᠢᠬᠦᠯᠦᠨ᠎ᠡ᠃ ᠭᠠᠵᠠᠷ ᠳᠤᠤᠷᠠᠬᠢ ᠤᠰᠤ ᠶᠢ ᠬᠠᠮᠠᠭᠠᠯᠠᠬᠤ ᠪᠤᠯᠤᠨ ᠠᠷᠪᠢᠯᠠᠨ ᠠᠰᠢᠭᠯᠠᠬᠤ ᠲᠦᠯᠦᠪᠵᠢᠬᠦᠯᠭᠡ ᠨᠢ | ᠵᠥᠪᠰᠢᠶᠡᠷᠡᠭᠳᠡᠬᠦ ᠲᠠᠢ ᠵᠡᠷᠭᠡ ᠡᠷᠬᠡᠪᠰᠢ ᠴᠢᠩᠭ᠎ᠠ ᠬᠡᠷᠡᠭᠵᠢᠬᠦᠯᠬᠦ ᠬᠡᠷᠡᠭᠳᠡᠢ᠃ ᠬᠡᠷᠪᠡ ᠵᠠᠰᠠᠪᠤᠷᠢ ᠤᠷᠤᠭᠤᠯᠬᠤ | ᠴᠢᠬᠤᠯᠠᠳᠠᠢ ᠪᠤᠯ᠂ ᠲᠦᠯᠦᠪᠵᠢᠬᠦᠯᠭᠡ ᠶᠢ ᠨᠠᠶᠢᠷᠠᠭᠤᠯᠤᠨ ᠲᠣᠭᠲᠠᠭᠠᠭᠰᠠᠨ ᠶᠠᠪᠤᠴᠠ ᠶᠤᠰᠤᠭᠠᠷ ᠤᠤᠯ ᠤᠨ | ᠵᠥᠪᠰᠢᠶᠡᠷᠡᠭᠰᠡᠨ ᠪᠠᠶᠢᠢᠭᠤᠯᠤᠯᠭᠠ ᠪᠠᠷ ᠵᠦᠪᠰᠢᠶᠡᠷᠡᠬᠦᠯᠬᠦ ᠶᠢᠨ ᠬᠠᠮᠳᠤ ᠳᠡᠭᠡᠷ ᠡ ᠨᠢᠭᠡ ᠱᠠᠳᠤᠨ ᠤ ᠤᠰᠤᠨ ᠤ | ᠶᠠᠪᠤᠳᠠᠯ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠬᠦᠯᠦᠨ ᠲᠠᠩᠰᠠᠯᠠᠭᠤᠯᠬᠤ | ᠭᠡᠷᠡᠭᠳᠡᠢ᠃ ᠨᠠᠶ᠋ᠮᠠᠳᠤᠭᠠᠷ ᠵᠤᠷᠪᠤᠰ ᠤᠯᠤᠰ ᠠᠷᠠᠳ ᠤᠨ ᠠᠵᠦ ᠠᠬᠤᠢ ᠪᠤᠯᠤᠨ ᠨᠡᠶᠢᠢᠭᠡᠮ ᠤᠨ ᠬᠦᠭᠵᠢᠯᠳᠡ ᠶᠢᠨ | ᠲᠦᠯᠦᠪᠵᠢᠬᠦᠯᠭᠡ᠂ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠭᠡ᠂ ᠬᠤᠳᠠ ᠶᠢᠨ ᠶᠡᠷᠦᠩᠬᠡᠢ | ᠲᠦᠯᠦᠪᠵᠢᠬᠦᠯᠭᠡ ᠪᠤᠯᠤᠨ ᠠᠵᠦ ᠦᠢᠯᠡᠰ ᠤᠨ ᠬᠦᠷᠢᠶᠡᠯᠡᠩ ᠲᠤᠭᠤᠷᠢᠭ᠂ ᠬᠤᠳᠠ ᠶᠢᠨ ᠰᠢᠨ᠎ᠡ ᠲᠤᠭᠤᠷᠢᠭ ᠵᠡᠷᠭᠡ | ᠲᠤᠰᠬᠠᠢ ᠲᠦᠷᠦᠯ ᠤᠨ ᠲᠦᠯᠦᠪᠵᠢᠬᠦᠯᠭᠡ ᠵᠢᠴᠢ ᠪᠤᠰᠤᠳ ᠬᠠᠮᠢᠶ ᠠ ᠪᠦᠬᠦᠢ ᠲᠤᠰᠬᠠᠢ ᠲᠦᠯᠦᠪᠵᠢᠬᠦᠯᠭᠡ ᠶᠢ | ᠨᠠᠶᠢᠢᠷᠠᠭᠤᠯᠤᠨ ᠲᠣᠭᠲᠠᠭᠠᠬᠤ ᠦᠶᠡᠰ᠂ ᠭᠠᠵᠠᠷ ᠳᠤᠤᠷᠠᠬᠢ ᠤᠰᠤ ᠶᠢ ᠨᠡᠬᠡᠬᠡᠨ ᠠᠰᠢᠭᠯᠠᠬᠤ ᠳᠤ ᠬᠤᠯᠪᠤᠭᠳᠠᠭᠰᠠᠨ | ᠪᠤᠶᠤ ᠭᠠᠵᠠᠷ ᠳᠤᠤᠷᠠᠬᠢ ᠤᠰᠤᠨ ᠤ ᠨᠦᠬᠦᠪᠦᠷᠢᠯᠡᠯᠳᠡ ᠶᠢ ᠬᠠᠮᠠᠭᠠᠯᠠᠬᠤ ᠶᠢ ᠨᠦᠯᠦᠭᠡᠯᠡᠬᠦ ᠳᠤ ᠬᠦᠷᠪᠡᠯ᠂ ᠤᠰᠤᠨ ᠤ | ᠡᠬᠢ ᠪᠠᠶᠠᠯᠢᠭ ᠢ ᠲᠦᠯᠦᠪᠵᠢᠬᠦᠯᠬᠦ ᠨᠤᠳᠠᠯᠠᠯᠳᠠ ᠬᠢᠬᠦ ᠶᠢᠨ ᠬᠠᠮᠳᠤ ᠭᠠᠵᠠᠷ ᠳᠤᠤᠷᠠᠬᠢ ᠤᠰᠤᠨ ᠤ | ᠲᠦᠯᠦᠪᠵᠢᠬᠦᠯᠭᠡ ᠲᠠᠢ ᠬᠠᠷᠢᠯᠴᠠᠨ ᠵᠤᠬᠢᠴᠠᠭᠤᠯᠬᠤ ᠬᠡᠷᠡᠭᠳᠡᠢ᠃ ᠭᠠᠵᠠᠷ ᠲᠤᠤᠷᠠᠬᠢ ᠤᠰᠤ ᠶᠢ ᠬᠡᠷᠡᠭᠯᠡᠬᠦ ᠪᠤᠶᠤ | ᠠᠭᠤᠷᠬᠠᠢ ᠶᠢᠨ ᠪᠤᠯᠠᠭᠳᠠᠴᠠ ᠶᠢ ᠨᠡᠬᠡᠬᠡᠨ ᠮᠠᠯᠳᠠᠬᠤ᠂ ᠪᠠᠷᠢᠯᠭ᠎ᠠ ᠶᠢᠨ ᠪᠦᠳᠦᠭᠡᠨ ᠪᠠᠶᠢᠢᠭᠤᠯᠤᠯᠳᠠ ᠬᠢᠬᠦ ᠵᠡᠷᠭᠡ ᠭᠠᠵᠠᠷ | ᠳᠤᠤᠷᠠᠬᠢ ᠤᠰᠤ ᠶᠢ ᠨᠦᠯᠦᠭᠡᠯᠡᠬᠦ ᠰᠢᠨ᠎ᠡ ᠪᠠᠷ ᠪᠠᠶᠢᠢᠭᠤᠯᠬᠤ᠂ ᠦᠭᠡᠷᠡᠴᠢᠯᠡᠨ ᠪᠠᠶᠢᠢᠭᠤᠯᠬᠤ ᠪᠤᠯᠤᠨ ᠦᠷᠭᠡᠳᠭᠡᠨ | ᠪᠠᠶᠢᠢᠭᠤᠯᠬᠤ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠪᠦᠳᠦᠭᠡᠨ ᠪᠠᠶᠢᠢᠭᠤᠯᠤᠯᠳᠠ ᠶᠢᠨ ᠲᠦᠷᠦᠯ | ᠵᠦᠢᠯ ᠤᠨ ᠤᠰᠤᠨ ᠤ ᠡᠬᠢ ᠪᠠᠶᠠᠯᠢᠭ ᠤᠨ ᠨᠤᠳᠠᠯᠠᠯᠳᠠ ᠬᠢᠬᠦ ᠬᠡᠷᠡᠭᠳᠡᠢ᠃ ᠭᠤᠷᠪᠠᠳᠤᠭᠠᠷ ᠪᠦᠯᠦᠭ ᠠᠰᠢᠭᠯᠠᠬᠤ ᠪᠠ | ᠠᠷᠪᠢᠯᠠᠬᠤ ᠶᠢᠰᠦᠳᠦᠭᠡᠷ ᠵᠤᠷᠪᠤᠰ ᠭᠠᠵᠠᠷ ᠳᠤᠤᠷᠠᠬᠢ ᠤᠰᠤ ᠶᠢ ᠰᠢᠭᠤᠳ ᠲᠠᠲᠠᠵᠤ ᠬᠡᠷᠡᠭᠯᠡᠬᠦ ᠨᠢᠭᠡᠴᠡ ᠪᠠ ᠬᠤᠪᠢ | ᠬᠦᠮᠦᠨ ᠬᠠᠤᠯᠢ ᠶᠤᠰᠤᠭᠠᠷ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠦᠨᠡᠮᠯᠡᠯ ᠭᠤᠶᠤᠴᠢᠯᠠᠬᠤ ᠶᠢᠨ ᠬᠠᠮᠲᠤ ᠲᠤᠰ | ᠤᠰᠤ ᠲᠠᠲᠠᠨ ᠬᠡᠷᠡᠭᠯᠡᠬᠦ ᠶᠢ ᠵᠥᠪᠰᠢᠶᠡᠷᠡᠨ ᠴᠤᠬᠤᠯᠠᠪᠤᠷᠢᠯᠠᠭᠰᠠᠨ ᠭᠠᠵᠠᠷ ᠪᠠ ᠤᠰᠤ ᠠᠭᠤᠯᠬᠤ ᠳᠠᠪᠬᠤᠷᠭ᠎ᠠ ᠠᠴᠠ | ᠤᠰᠤ ᠲᠠᠲᠠᠨ᠎ᠠ᠂ ᠭᠡᠪᠡᠴᠦ ᠬᠠᠤᠯᠢ ᠳᠦᠷᠢᠮ ᠳᠤ ᠪᠤᠰᠤᠳ ᠲᠤᠭᠲᠠᠭᠠᠯ ᠲᠠᠢ ᠨᠢ ᠪᠠᠭᠲᠠᠬᠤ ᠦᠭᠡᠢ᠃ ᠠᠷᠪᠠᠳᠤᠭᠠᠷ | ᠵᠤᠷᠪᠤᠰ ᠳᠤᠤᠷᠠᠬᠢ ᠪᠠᠶᠢᠢᠳᠠᠯ ᠤᠨ ᠠᠯᠢ ᠨᠢᠭᠡ ᠨᠢ ᠢᠯᠡᠷᠡᠪᠡᠯ᠂ ᠬᠤᠲᠠ᠂ ᠬᠤᠰᠢᠭᠤ ᠰᠢᠶᠠᠨ ᠲᠤᠭᠤᠷᠢᠭ ᠤᠨ | ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠭᠠᠵᠠᠷ ᠳᠤᠤᠷᠠᠬᠢ ᠤᠰᠤ ᠶᠢ ᠰᠢᠨ᠎ᠡ ᠪᠠᠷ ᠲᠠᠲᠠᠨ ᠬᠡᠷᠡᠭᠯᠡᠬᠦ ᠶᠢ ᠵᠦᠪᠰᠢᠶᠡᠷᠡᠬᠦ ᠦᠭᠡᠢ ᠮᠦᠷᠲᠡᠭᠡᠨ | ᠪᠢᠴᠢᠭ ᠤᠨ ᠬᠡᠯᠪᠡᠷᠢ ᠪᠠᠷ ᠡᠷᠡᠮᠡᠯᠵᠡᠯᠡᠭᠴᠢ ᠳᠤ ᠵᠦᠪᠰᠢᠶᠡᠷᠡᠭᠰᠡᠨ ᠦᠭᠡᠢ ᠰᠢᠯᠲᠠᠭᠠᠨ ᠪᠠ ᠭᠡᠷᠡᠴᠢ ᠦᠨᠳᠦᠰᠦᠯᠡᠯ ᠢᠶᠠᠨ | ᠲᠤᠳᠤᠷᠬᠠᠶᠢᠢᠯᠠᠬᠤ ᠬᠡᠷᠡᠭᠲᠡᠢ᠃ ︵ᠨᠢᠭᠡ︶ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠭᠰᠠᠨ ᠶᠡᠷᠦᠩᠬᠡᠢ | ᠬᠡᠮᠵᠢᠶ᠎ᠡ ᠨᠢ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ | ᠶᠡᠷᠦᠩᠬᠡᠢ ᠬᠡᠮᠵᠢᠶ᠎ᠡ ᠶᠢᠨ ᠬᠢᠵᠠᠭᠠᠷᠯᠠᠬᠤ ᠵᠢᠭᠠᠯᠲᠠ ᠲᠤᠭ᠎ᠠ ᠳᠤ ᠬᠦᠷᠦᠭᠰᠡᠨ ᠪᠤᠶᠤ ᠬᠡᠳᠦᠷᠡᠭᠰᠡᠨ᠃ ︵ᠬᠤᠶᠠᠷ︶ | ᠭᠠᠵᠠᠷ ᠳᠤᠤᠷᠠᠬᠢ ᠤᠰᠤᠨ ᠲᠦᠪᠰᠢᠨ ᠨᠢ ᠲᠤᠰ ᠵᠠᠰᠠᠭ ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ | ᠤᠰᠤᠨ ᠤ ᠬᠢᠵᠠᠭᠠᠷᠯᠠᠬᠤ ᠤᠰᠤᠨ ᠲᠦᠪᠰᠢᠨ ᠳᠤ ᠬᠦᠷᠦᠭᠰᠡᠨ ᠪᠤᠶᠤ ᠳᠤᠤᠷ᠎ᠠ ᠪᠤᠯᠤᠭᠰᠠᠨ᠃ ︵ᠭᠤᠷᠪᠠ︶ | ᠲᠤᠭᠳᠠᠭᠠᠯ ᠶᠤᠰᠤᠭᠠᠷ ᠭᠠᠵᠠᠷ ᠳᠤᠤᠷᠠᠬᠢ ᠤᠰᠤ ᠲᠠᠲᠠᠨ ᠬᠡᠷᠡᠭᠯᠡᠬᠦ ᠶᠢ ᠴᠠᠭᠠᠵᠠᠯᠠᠬᠤ ᠤᠷᠤᠨ ᠲᠣᠭᠤᠷᠢᠭ ᠲᠤ ᠭᠠᠵᠠᠷ | ᠳᠤᠤᠷᠠᠬᠢ ᠤᠰᠤ ᠶᠢ ᠲᠠᠲᠠᠨ ᠬᠡᠷᠡᠭᠯᠡᠭᠰᠡᠨ᠃ ︵ᠳᠦᠷᠪᠡ︶ ᠠᠵᠢᠯ ᠲᠦᠷᠦᠯ ᠤᠨ ᠤᠰᠤ ᠬᠡᠷᠡᠭᠯᠡᠬᠦ ᠲᠤᠭᠲᠠᠮᠠᠯ | ᠨᠤᠷᠮ᠎ᠠ ᠪᠠ ᠤᠰᠤ ᠠᠷᠪᠢᠯᠠᠬᠤ ᠱᠠᠭᠠᠷᠳᠠᠯᠭ᠎ᠠ ᠳᠤ ᠦᠯᠦ ᠨᠡᠶᠢᠢᠴᠡᠬᠦ᠃ ︵ᠲᠠᠪᠤ︶ ᠳᠠᠬᠢᠯᠲᠠ ᠤᠰᠤ ᠪᠤᠶᠤ ᠭᠠᠵᠠᠷ | ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠪᠦᠷᠬᠦᠭᠰᠡᠨ ᠬᠡᠪᠴᠢᠶᠡᠨ ᠳᠤ ᠪᠠᠶᠢᠢᠬᠤ ᠮᠦᠷᠲᠡᠭᠡᠨ | ᠤᠰᠤ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ᠃ ︵ᠵᠢᠷᠭᠤᠭ᠎ᠠ︶ ᠭᠠᠵᠠᠷ ᠳᠤᠤᠷᠠᠬᠢ ᠤᠰᠤ ᠶᠢ | ᠪᠤᠬᠢᠷᠳᠤᠭᠤᠯᠬᠤ ᠡᠰᠡᠪᠡᠯ ᠭᠠᠵᠠᠷ ᠳᠤᠤᠷᠠᠬᠢ ᠤᠰᠤᠨ ᠳᠤ ᠬᠦᠨᠳᠦ ᠨᠤᠴᠢᠲᠠᠢ ᠠᠰᠢᠭ ᠦᠭᠡᠢ ᠨᠦᠯᠦᠭᠡ ᠠᠪᠴᠢᠷᠠᠬᠤ | ᠪᠤᠯᠤᠮᠵᠢ ᠲᠠᠢ᠃ ︵ᠳᠤᠯᠤᠭ᠎ᠠ︶ ᠤᠰᠤᠨ ᠤ ᠡᠬᠢ ᠪᠠᠶᠠᠯᠢᠭ ᠬᠤᠮᠰᠠ᠂ ᠠᠮᠢ ᠠᠬᠤᠢ ᠬᠡᠪᠡᠷᠡᠭ ᠵᠡᠷᠭᠡ ᠭᠠᠵᠠᠷ | ᠤᠷᠤᠨ ᠳᠤ ᠨᠡᠭᠦᠷᠡᠰᠦ ᠪᠠᠷ ᠴᠠᠬᠢᠯᠭᠠᠨ ᠭᠠᠷᠭᠠᠬᠤ ᠦᠷᠲᠡᠭᠡ ᠵᠡᠷᠭᠡ ᠤᠰᠤᠨ ᠤ ᠬᠤᠷᠤᠭᠳᠠᠴᠠ ᠶᠡᠭᠡ ᠲᠦᠷᠦᠯ | ᠵᠦᠢᠯ ᠢ ᠰᠢᠨ᠎ᠡ ᠪᠠᠷ ᠪᠠᠶᠢᠭᠤᠯᠬᠤ ᠪᠤᠶᠤ ᠦᠷᠭᠡᠳᠭᠡᠨ ᠪᠠᠶᠢᠭᠤᠯᠬᠤ᠂ ᠡᠰᠡᠪᠡᠯ ᠠᠲᠠᠷ ᠬᠠᠭᠠᠯᠪᠤᠷᠢᠯᠠᠨ ᠲᠠᠷᠢᠮᠠᠯ ᠤᠨ | ᠲᠠᠯᠠᠪᠠᠢ ᠶᠢ ᠦᠷᠭᠡᠳᠬᠡᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ᠃ ︵ᠨᠠᠢᠮᠠ︶ ᠬᠠᠤᠯᠢ ᠴᠠᠭᠠᠵᠠ᠂ ᠬᠠᠤᠯᠢ | ᠳᠦᠷᠢᠮ ᠳᠤ ᠲᠤᠭᠲᠠᠭᠠᠭᠰᠠᠨ ᠪᠤᠰᠤᠳ ᠪᠠᠶᠢᠢᠳᠠᠯ᠃ ᠠᠷᠪᠠᠨ ᠨᠢᠭᠡᠳᠦᠭᠡᠷ ᠵᠤᠷᠪᠤᠰ ᠰᠠᠭᠤᠭᠠᠯᠢ ᠠᠷᠠᠳ ᠤᠨ | ᠠᠮᠢᠳᠤᠷᠠᠯ ᠳᠤ ᠬᠡᠷᠡᠭᠰᠡᠬᠦ ᠤᠰᠤᠨ ᠳᠤ ᠳᠡᠭᠲᠡᠷᠯᠡᠭᠰᠡᠨ ᠬᠡᠯᠪᠡᠷᠢ ᠶᠢᠨ ᠦᠨ᠎ᠡ ᠬᠠᠨᠭ᠍ᠰᠢ ᠶᠢᠨ ᠳᠦᠷᠢᠮ ᠢ ᠬᠡᠷᠡᠭᠵᠢᠭᠦᠯᠵᠦ | ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠰᠡᠬᠦ ᠪᠤᠰᠤ ᠤᠰᠤᠨ ᠳᠤ ᠲᠦᠯᠦᠪᠯᠡᠭᠡ ᠠᠴᠠ ᠬᠡᠲᠦᠷᠡᠭᠰᠡᠨ᠂ | ᠲᠤᠭᠲᠠᠮᠠᠯ ᠨᠤᠷᠮ᠎ᠠ ᠠᠴᠠ ᠬᠡᠲᠦᠷᠡᠭᠰᠡᠨ ᠢ ᠳᠡᠪᠰᠢᠭᠦᠯᠦᠨ ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ | ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠵᠤ᠂ ᠲᠤᠬᠠᠢ ᠶᠢᠨ ᠭᠠᠵᠠᠷ ᠤᠷᠤᠨ ᠤ ᠤᠰᠤᠨ ᠤ ᠡᠬᠢ ᠪᠠᠶᠠᠯᠢᠭ ᠤᠨ ᠪᠠᠶᠢᠢᠳᠠᠯ ᠪᠠ | ᠠᠵᠤ ᠠᠬᠤᠢ ᠮᠡᠷᠭᠡᠵᠢᠯ ᠤᠨ ᠨᠦᠭᠦᠴᠡᠯ ᠢᠶᠠᠨ ᠦᠨᠳᠦᠰᠦᠯᠡᠵᠦ᠂ ᠦᠪᠡᠷᠲᠡᠭᠡᠨ ᠵᠠᠰᠠᠬᠤ ᠤᠷᠤᠨ ᠠᠴᠠ ᠬᠠᠲᠠᠭᠤ | ᠴᠢᠩᠭ᠎ᠠ ᠲᠠᠷᠢᠶᠠᠯᠠᠩ᠂ ᠤᠢ ᠰᠢᠭᠤᠢ᠂ ᠡᠪᠡᠰᠦᠨ ᠤ ᠦᠢᠯᠡᠰ ᠪᠠ ᠮᠠᠯ ᠵᠢᠭᠦᠷᠲᠡᠨ ᠲᠡᠵᠢᠭᠡᠨ ᠦᠷᠡᠵᠢᠭᠦᠯᠬᠦ | ᠦᠢᠯᠡᠰ ᠤᠨ ᠤᠰᠤ ᠬᠡᠷᠡᠭᠯᠡᠬᠦ ᠲᠤᠭᠲᠠᠮᠠᠯ ᠨᠤᠷᠮ᠎ᠠ ᠲᠤᠭᠲᠠᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠠᠷᠪᠠᠨ ᠭᠤᠷᠪᠠᠳᠤᠭᠠᠷ ᠵᠤᠷᠪᠤᠰ | ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤᠰᠤᠯᠠᠯᠲᠠ ᠶᠢᠨ ᠲᠠᠷᠢᠶᠠᠯᠠᠩ᠂ | ᠤᠢ ᠰᠢᠭᠤᠢ᠂ ᠡᠪᠡᠰᠦᠨ ᠤ ᠦᠢᠯᠡᠰ ᠤᠨ ᠬᠡᠪᠴᠢᠶᠡᠵᠢᠯ ᠢ ᠬᠢᠵᠠᠭᠠᠷᠯᠠᠵᠤ᠂ ᠲᠠᠷᠢᠮᠠᠯ ᠤᠨ ᠪᠦᠲᠦᠴᠡ ᠳᠤ | ᠲᠤᠬᠢᠷᠠᠭᠤᠯᠤᠯᠲᠠ ᠬᠢᠵᠦ᠂ ᠬᠠᠭᠤᠷᠠᠢ ᠲᠠᠷᠢᠶ᠎ᠠ ᠶᠢ ᠬᠥᠭᠵᠢᠭᠦᠯᠵᠦ᠂ ᠤᠰᠤ ᠠᠷᠪᠢᠯᠠᠵᠤ ᠤᠰᠤᠯᠠᠬᠤ ᠮᠡᠷᠭᠡᠵᠢᠯ ᠢ | ᠳᠡᠯᠭᠡᠷᠡᠭᠦᠯᠵᠦ᠂ ᠤᠰᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠠᠷᠪᠠᠨ ᠳᠦᠷᠪᠡᠳᠦᠭᠡᠷ ᠵᠤᠷᠪᠤᠰ | ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠳᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ | ᠪᠦᠷᠬᠦᠯᠳᠡ ᠶᠢᠨ ᠬᠡᠪᠴᠢᠶᠡᠨ ᠳᠤᠲᠤᠷ᠎ᠠ᠂ ᠢᠳᠡᠭᠡᠨ᠂ ᠡᠮ ᠦᠢᠯᠡᠳᠬᠦ ᠵᠡᠷᠭᠡ ᠤᠰᠤᠨ ᠤ ᠶᠠᠰᠤ ᠴᠢᠨᠠᠷ ᠲᠤ | ᠤᠨᠴᠠᠭᠠᠢ ᠱᠠᠭᠠᠷᠳᠠᠯᠭ᠎ᠠ ᠲᠠᠢ ᠠᠵᠤ ᠠᠬᠤᠶᠢᠢᠯᠠᠯ ᠠᠴᠠ ᠭᠠᠳᠠᠨ᠎ᠠ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠳᠤ | ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ ᠬᠡᠷᠡᠭᠯᠡᠬᠦ ᠶᠢ | ᠴᠠᠭᠠᠵᠠᠯᠠᠨ᠎ᠠ᠃ ᠠᠷᠪᠠᠨ ᠲᠠᠪᠤᠳᠤᠭᠠᠷ ᠵᠤᠷᠪᠤᠰ ᠢᠳᠡᠬᠦ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ | ᠬᠡᠪᠴᠢᠶ᠎ᠡ ᠠᠴᠠ ᠭᠠᠳᠠᠨ᠎ᠠ᠂ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ | ᠲᠣᠣᠷᠵᠢᠯ ᠤᠨ ᠪᠦᠷᠬᠦᠯᠳᠡ ᠶᠢᠨ ᠬᠡᠪᠴᠢᠶᠡᠨ ᠳᠤᠲᠤᠷᠠᠬᠢ ᠴᠡᠴᠡᠷᠯᠢᠭᠵᠢᠭᠦᠯᠦᠯᠲᠡ ᠨᠤᠭᠤᠭᠠᠷᠠᠭᠤᠯᠤᠯᠲᠠ᠂ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠵᠡᠷᠭᠡ ᠳᠤ ᠳᠠᠬᠢᠯᠲᠠ ᠤᠰᠤ ᠶᠢ ᠬᠡᠷᠡᠭᠯᠡᠬᠦ ᠬᠡᠷᠡᠭᠲᠡᠢ᠂ ᠭᠠᠵᠠᠷ ᠳᠤᠤᠷᠠᠬᠢ ᠤᠰᠤ ᠶᠢ | ᠬᠡᠷᠡᠭᠯᠡᠬᠦ ᠶᠢ ᠴᠠᠭᠠᠵᠠᠯᠠᠨ᠎ᠠ︔ ᠳᠠᠬᠢᠯᠲᠠ ᠤᠰᠤ ᠪᠤᠶᠤ ᠭᠠᠵᠠᠷ ᠳᠡᠭᠡᠷᠡᠬᠢ ᠤᠰᠤ ᠳᠠᠮᠵᠢᠭᠤᠯᠤᠨ ᠬᠦᠷᠭᠡᠬᠦ ᠬᠤᠭᠤᠯᠠᠢ | ᠲᠣᠣᠷᠵᠢᠯ ᠤᠨ ᠪᠦᠷᠬᠦᠯᠳᠡ ᠶᠢᠨ ᠬᠡᠪᠴᠢᠶ᠎ᠡ ᠠᠴᠠ ᠭᠠᠳᠠᠨ᠎ᠠ᠂ ᠤᠷᠢᠳᠠᠪᠡᠷ ᠭᠠᠵᠠᠷ ᠳᠡᠭᠡᠷᠡᠬᠢ ᠤᠰᠤ ᠪᠠ ᠦᠶᠡᠷ | ᠪᠤᠷᠤᠭᠠᠨ ᠤ ᠤᠰᠤ ᠶᠢ ᠬᠡᠷᠡᠭᠯᠡᠵᠦ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠢ ᠬᠢᠵᠠᠭᠠᠷᠯᠠᠨ᠎ᠠ᠃ ᠭᠠᠵᠠᠷ ᠳᠤᠤᠷᠠᠬᠢ | ᠤᠰᠤ᠂ ᠠᠮᠢᠳᠤᠷᠠᠯ ᠳᠤ ᠬᠡᠷᠡᠭᠰᠡᠬᠦ ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ ᠨᠠᠭᠤᠷ ᠲᠤ ᠬᠡᠷᠡᠭᠯᠡᠬᠦ ᠶᠢ | ᠴᠠᠭᠠᠵᠠᠯᠠᠨ᠎ᠠ᠃ ᠠᠷᠪᠠᠨ ᠵᠢᠷᠭᠤᠳᠤᠭᠠᠷ ᠵᠤᠷᠪᠤᠰ ᠤᠯᠤᠰ ᠤᠨ ᠪᠠᠶᠢᠢᠯᠳᠤᠬᠤ ᠪᠤᠳᠤᠯᠭ᠎ᠠ ᠶᠢᠨ ᠴᠢᠨᠠᠷ ᠤᠨ ᠪᠤᠰᠤ | ᠠᠭᠤᠷᠬᠠᠢ ᠶᠢᠨ ᠡᠬᠢ ᠪᠠᠶᠠᠯᠢᠭ ᠢ ᠮᠠᠯᠲᠠᠨ ᠨᠡᠭᠡᠭᠡᠬᠦ ᠶᠠᠪᠤᠴᠠ ᠳᠤᠮᠳᠠ ᠭᠠᠵᠠᠷ ᠳᠤᠤᠷᠠᠬᠢ ᠤᠰᠤ ᠶᠢ ᠶᠡᠭᠡ | ᠬᠡᠮᠵᠢᠶ᠎ᠡ ᠪᠠᠷ ᠲᠠᠲᠠᠨ ᠭᠠᠷᠭᠠᠬᠤ ᠴᠢᠬᠤᠯᠠᠲᠠᠢ ᠪᠣᠯᠵᠤ᠂ ᠡᠷᠭᠢᠨ ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ | ᠤᠰᠤᠨ ᠲᠦᠪᠰᠢᠨ ᠢ ᠪᠠᠭᠤᠷᠠᠭᠤᠯᠬᠤ ᠪᠤᠶᠤ ᠤᠷᠴᠢᠨ ᠲᠤᠭᠤᠷᠢᠨ ᠢ ᠪᠣᠬᠢᠷᠲᠤᠭᠤᠯᠬᠤ ᠳᠠᠯᠳᠠ ᠭᠡᠮ ᠲᠠᠢ ᠪᠤᠯ᠂ | ᠠᠭᠤᠷᠬᠠᠢ ᠨᠡᠭᠡᠭᠡᠨ ᠮᠠᠯᠲᠠᠬᠤ ᠤᠰᠤ ᠲᠠᠲᠠᠬᠤ ᠵᠦᠪᠰᠢᠶᠡᠷᠡᠯ ᠤᠨ ᠡᠷᠡᠮᠡᠯᠵᠡᠯᠡᠯ ᠢ ᠵᠦᠪᠰᠢᠶᠡᠷᠡᠵᠦ ᠪᠤᠯᠬᠤ ᠦᠭᠡᠢ᠃ | ᠨᠢᠭᠡᠨᠲᠡ ᠨᠡᠭᠡᠭᠡᠨ ᠮᠠᠯᠲᠠᠭᠰᠠᠨ ᠠᠭᠤᠷᠬᠠᠢ ᠳᠤ᠂ ᠭᠠᠵᠠᠷ ᠳᠤᠤᠷᠠᠬᠢ ᠤᠰᠤ ᠶᠢ ᠲᠠᠲᠠᠨ ᠭᠠᠳᠠᠭᠰᠢᠯᠠᠭᠤᠯᠬᠤ ᠠᠴᠠ | ᠪᠤᠯᠵᠤ ᠡᠷᠭᠢᠨ ᠲᠤᠭᠤᠷᠢᠨ ᠤ ᠭᠠᠵᠠᠷ ᠤᠷᠤᠨ ᠤ ᠭᠠᠵᠠᠷ ᠳᠤᠤᠷᠠᠬᠢ ᠤᠰᠤᠨ ᠲᠦᠪᠰᠢᠨ ᠦᠷᠭᠦᠯᠵᠢᠯᠡᠨ | ᠳᠣᠷᠣᠭᠰᠢᠯᠠᠭᠰᠠᠨ ᠪᠤᠶᠤ ᠤᠷᠴᠢᠨ ᠲᠤᠭᠤᠷᠢᠨ ᠪᠣᠬᠢᠷᠲᠤᠭᠤᠯᠪᠠᠯ᠂ ᠬᠤᠭᠤᠴᠠᠭ᠎ᠠ ᠬᠢᠵᠠᠭᠠᠷᠯᠠᠨ ᠬᠠᠭᠠᠵᠤ | ᠵᠣᠭᠰᠣᠭᠠᠨ᠎ᠠ᠃ ᠲᠦᠷᠪᠡᠳᠦᠭᠡᠷ ᠪᠦᠯᠦᠭ ᠬᠠᠮᠠᠭᠠᠯᠠᠬᠤ ᠪᠠ ᠬᠠᠮᠢᠶᠠᠷᠬᠤ ᠠᠷᠪᠠᠨ ᠲᠤᠯᠤᠳᠤᠭᠠᠷ ᠵᠤᠷᠪᠤᠰ ᠬᠤᠲᠠ᠂ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠠᠵᠠᠷ ᠳᠤᠤᠷᠠᠬᠢ ᠤᠰᠤ ᠶᠢ ᠬᠠᠮᠠᠭᠠᠯᠠᠬᠤ | ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠢᠵᠢᠷᠠᠭᠤᠯᠬᠤ᠂ ᠭᠠᠵᠠᠷ ᠳᠤᠤᠷᠠᠬᠢ | ᠤᠰᠤᠨ ᠰᠤᠷᠪᠤᠯᠵᠢ ᠶᠢ ᠬᠠᠳᠠᠭᠠᠯᠠᠬᠤ᠂ ᠭᠠᠵᠠᠷ ᠳᠡᠭᠡᠷᠡᠬᠢ ᠤᠰᠤ ᠶᠢ ᠰᠢᠯᠢᠳᠡᠭᠵᠢᠭᠦᠯᠦᠨ ᠲᠤᠬᠢᠷᠠᠭᠤᠯᠬᠤ᠂ | ᠭᠠᠳᠠᠨ᠎ᠠ ᠠᠴᠠ ᠤᠰᠤ ᠲᠠᠲᠠᠬᠤ ᠪᠠ ᠳᠠᠬᠢᠯᠲᠠ ᠤᠰᠤ ᠶᠢ ᠠᠰᠢᠭᠯᠠᠬᠤ ᠵᠡᠷᠭᠡ ᠠᠷᠭ᠎ᠠ ᠬᠡᠮᠵᠢᠶ᠎ᠡ ᠠᠪᠴᠦ᠂ ᠭᠠᠵᠠᠷ | ᠳᠤᠤᠷᠠᠬᠢ ᠤᠰᠤ ᠶᠢ ᠲᠠᠲᠠᠨ ᠬᠡᠷᠡᠭᠯᠡᠬᠦ ᠪᠠ ᠨᠦᠬᠦᠪᠦᠷᠢᠯᠡᠬᠦ ᠲᠡᠩᠴᠡᠭᠦᠷᠢ ᠶᠢ ᠬᠠᠮᠠᠭᠠᠯᠠᠬᠤ ᠬᠡᠷᠡᠭᠲᠡᠢ᠃ ᠠᠷᠪᠠᠨ | ᠨᠠᠶ᠋ᠮᠠᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠨᠢ ᠭᠠᠵᠠᠷ ᠳᠤᠤᠷᠠᠬᠢ | ᠤᠰᠤ ᠶᠢ ᠬᠡᠳᠦᠷᠡᠲᠡᠯ᠎ᠡ ᠬᠡᠷᠡᠭᠯᠡᠭᠰᠡᠨ ᠣᠷᠣᠨ ᠢ ᠲᠦᠯᠦᠪᠯᠡᠭᠡ ᠲᠠᠢ ᠪᠠᠷ ᠵᠠᠰᠠᠨ ᠴᠡᠭᠴᠡᠯᠡᠬᠦ ᠬᠡᠷᠡᠭᠲᠡᠢ᠃ ᠬᠤᠰᠢᠭᠤ | ᠰᠢᠶᠠᠨ ᠲᠤᠭᠤᠷᠢᠭ ᠠᠯᠤᠰᠯᠠᠭᠰᠠᠨ ᠭᠠᠵᠠᠷ ᠳᠤᠤᠷᠠᠬᠢ ᠤᠰᠤ ᠶᠢ ᠬᠡᠳᠦᠷᠡᠲᠡᠯ᠎ᠡ ᠬᠡᠷᠡᠭᠯᠡᠭᠰᠡᠨ ᠣᠷᠣᠨ ᠢ ᠵᠠᠰᠠᠨ | ᠴᠡᠭᠴᠡᠯᠡᠬᠦ ᠳᠤ ᠬᠤᠲᠠ ᠶᠢᠨ ᠠᠷᠠᠳ ᠤᠨ ᠵᠠᠰᠠᠭ ᠤᠨ ᠤᠷᠳᠤᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠬᠡᠷᠡᠭᠯᠡᠭᠰᠡᠨ ᠣᠷᠣᠨ ᠢ ᠵᠠᠰᠠᠨ ᠴᠡᠭᠴᠡᠯᠡᠬᠦ ᠲᠦᠰᠦᠯ ᠵᠣᠬᠢᠶᠠᠨ ᠪᠠᠶᠢᠭᠤᠯᠤᠨ ᠲᠤᠭᠳᠠᠭᠠᠵᠦ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠵᠤᠬᠢᠶᠠᠨ ᠪᠠᠶᠢᠢᠭᠤᠯᠤᠨ ᠬᠡᠷᠡᠭᠵᠢᠭᠦᠯᠦᠨ᠎ᠡ᠃ ᠠᠷᠪᠠ ᠶᠢᠰᠦᠳᠦᠭᠡᠷ | ᠵᠤᠷᠪᠤᠰ ᠤᠷᠤᠨ ᠬᠡᠴᠡ ᠶᠢᠨ ᠭᠠᠵᠠᠷ ᠳᠤᠤᠷᠠᠬᠢ ᠤᠰᠤᠨ ᠤ ᠬᠡᠮᠵᠢᠶ᠎ᠡ ᠪᠤᠯᠤᠨ ᠤᠰᠤᠨ ᠲᠦᠪᠰᠢᠨ ᠢ ᠬᠢᠵᠠᠭᠠᠷᠯᠠᠬᠤ | ᠲᠦᠷᠢᠮ ᠢ ᠬᠡᠷᠡᠭᠵᠢᠬᠦᠯᠦᠨ᠎ᠡ᠃ ᠬᠤᠰᠢᠭᠤ ᠰᠢᠶᠡᠨ ᠲᠤᠭᠤᠷᠢᠭ ᠢᠶᠠᠷ ᠨᠢᠭᠡᠴᠢ ᠪᠤᠯᠭᠠᠨ᠂ ᠵᠢᠯ ᠤᠨ ᠭᠠᠵᠠᠷ ᠳᠤᠤᠷᠠᠬᠢ | ᠤᠰᠤ ᠶᠢ ᠲᠠᠲᠠᠨ ᠬᠡᠷᠡᠭᠯᠡᠭᠰᠡᠨ ᠶᠡᠷᠤᠩᠬᠡᠢ ᠬᠡᠮᠵᠢᠶ᠎ᠡ ᠨᠢ ᠬᠢᠵᠠᠭᠠᠷᠯᠠᠬᠤ ᠵᠢᠭᠠᠯᠲᠠ ᠲᠤᠭᠠᠨ ᠳᠤ ᠬᠦᠷᠬᠦ ᠪᠤᠶᠤ | ᠬᠡᠳᠦᠷᠡᠭᠰᠡᠨ ᠡᠰᠡᠭᠦᠯ᠎ᠡ ᠭᠠᠵᠠᠷ ᠳᠤᠤᠷᠠᠬᠢ ᠤᠰᠤᠨ ᠲᠥᠪᠰᠢᠨ ᠲᠤᠰ ᠵᠠᠰᠠᠭ ᠵᠠᠬᠢᠷᠭᠠᠨ ᠤ ᠤᠷᠤᠨ ᠤ ᠬᠢᠵᠠᠭᠠᠷᠯᠠᠬᠤ | ᠤᠰᠤᠨ ᠲᠦᠪᠰᠢᠨ ᠳᠤ ᠬᠦᠷᠦᠭᠰᠡᠨ ᠪᠤᠶᠤ ᠲᠤᠤᠷ᠎ᠠ ᠪᠤᠯᠪᠠᠯ ᠲᠤᠰ ᠵᠠᠰᠠᠭ ᠵᠠᠬᠢᠷᠭᠠᠨ ᠤ ᠤᠷᠤᠨ ᠤ ᠳᠠᠷᠠᠭ᠎ᠠ ᠨᠢᠭᠡ | ᠵᠢᠯ ᠤᠨ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠬᠦ ᠪᠠᠷᠢᠮᠵᠢᠶ᠎ᠠ ᠶᠢ ᠵᠤᠬᠢᠬᠤ ᠬᠡᠮᠵᠢᠶ᠎ᠡ ᠪᠠᠷ ᠬᠠᠰᠤᠨ | ᠪᠠᠭᠠᠰᠬᠠᠬᠤ ᠶᠢᠨ ᠬᠠᠮᠲᠦ ᠬᠠᠭᠤᠴᠢᠨ ᠬᠤᠳᠳᠤᠭ ᠢᠶᠠᠨ ᠰᠢᠨᠡᠳᠭᠡᠬᠦ ᠶᠢ ᠴᠢᠩᠭ᠎ᠠ ᠬᠢᠵᠠᠭᠠᠷᠯᠠᠨ᠎ᠠ᠃ ᠲᠤᠰ | ᠵᠤᠷᠪᠤᠰ ᠲᠠᠬᠢ ᠬᠠᠭᠤᠴᠢᠨ ᠬᠤᠳᠳᠤᠭ ᠢ ᠰᠢᠨᠡᠳᠭᠡᠬᠦ ᠬᠡᠳᠡᠭ ᠨᠢ ᠰᠢᠷᠭᠢᠭᠰᠡᠨ ᠬᠤᠳᠳᠤᠭ ᠪᠤᠶᠤ ᠤᠰᠤᠨ ᠤ | ᠬᠡᠮᠵᠢᠶ᠎ᠡ ᠲᠡᠩᠳᠡᠭᠦᠦ ᠪᠠᠭ᠎ᠠ ᠵᠢᠴᠢ ᠬᠤᠳᠳᠤᠭ ᠤᠨ ᠬᠠᠨ᠎ᠠ ᠨᠢ ᠨᠤᠷᠠᠭᠰᠠᠨ ᠵᠡᠷᠭᠡ ᠰᠢᠯᠳᠠᠭᠠᠨ ᠠᠴᠠ ᠲᠤᠰ | ᠬᠤᠳᠳᠤᠭ ᠨᠢ ᠬᠡᠷᠡᠭᠯᠡᠭᠡᠨ ᠠᠴᠠ ᠭᠠᠷᠴᠤ᠂ ᠤᠤᠯ ᠬᠤᠳᠳᠤᠭ ᠢᠶᠠᠷ ᠲᠦᠪ ᠪᠤᠯᠭᠠᠨ ᠷᠠᠳᠢᠦ᠋ᠰ ᠨᠢ 60 ᠮᠧᠳ᠋ᠷ ᠤᠨ | ᠲᠤᠳᠤᠷ᠎ᠠ ᠰᠢᠨ᠎ᠡ ᠬᠤᠳᠳᠤᠭ ᠮᠠᠯᠲᠠᠬᠤ ᠶᠢ ᠵᠢᠭᠠᠵᠦ ᠪᠤᠢ᠃ ᠬᠤᠷᠢᠳᠤᠭᠠᠷ ᠵᠤᠷᠪᠤᠰ ᠮᠠᠰᠢᠨ ᠬᠤᠳᠳᠤᠭ ᠤᠨ | ᠲᠤᠭ᠎ᠠ ᠶᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ ᠶᠡᠷᠦ ᠶᠢᠨ ᠪᠠᠶᠢᠢᠳᠠᠯ ᠳᠤ ᠨᠢᠭᠡ ᠬᠤᠳᠳᠤᠭ ᠰᠢᠨᠡᠳᠭᠡᠪᠡᠯ | ᠬᠤᠶᠠᠷ ᠬᠠᠭᠤᠴᠢᠨ ᠬᠤᠳᠳᠤᠭ ᠢ ᠪᠢᠲᠡᠭᠦᠮᠵᠢᠯᠡᠨ᠎ᠡ᠃ ᠬᠤᠷᠢᠨ ᠨᠢᠭᠡᠳᠦᠭᠡᠷ ᠵᠤᠷᠪᠤᠰ ᠮᠠᠰᠢᠨ ᠬᠤᠳᠳᠤᠭ ᠤᠨ | ᠬᠦᠨ ᠢ ᠬᠢᠵᠠᠭᠠᠷᠯᠠᠬᠤ ᠲᠦᠷᠢᠮ ᠢ ᠬᠡᠷᠡᠭᠵᠢᠬᠦᠯᠦᠨ᠂ ᠬᠦᠮᠦᠨ ᠮᠠᠯ ᠤᠨ ᠤᠰᠤ ᠤᠮᠳᠠ ᠳᠤ ᠬᠡᠷᠡᠭᠯᠡᠬᠦ᠂ ᠪᠠᠶᠢᠢᠯᠳᠤᠬᠤ | ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ ᠰᠤᠷᠪᠤᠯᠵᠢ ᠠᠴᠠ ᠭᠠᠳᠠᠨ᠎ᠠ ᠮᠠᠰᠢᠨ | ᠬᠤᠳᠳᠤᠭ ᠤᠨ ᠭᠦᠨ ᠢ ᠵᠠᠭᠤᠨ ᠮᠧᠳ᠋ᠷ ᠠᠴᠠ ᠬᠡᠳᠦᠷᠡᠵᠦ ᠪᠤᠯᠬᠤ ᠦᠬᠡᠢ᠃ ᠬᠤᠷᠢᠨ ᠬᠤᠶᠠᠳᠤᠭᠠᠷ ᠵᠤᠷᠪᠤᠰ ᠤᠯᠠᠨ | ᠨᠡᠶᠢᠢᠲᠡ ᠶᠢᠨ ᠤᠰᠤ ᠬᠠᠨᠭ᠍ᠭᠠᠬᠤ ᠬᠤᠭᠤᠯᠠᠢ ᠲᠣᠣᠷᠵᠢᠯ ᠤᠨ ᠪᠦᠷᠬᠦᠯᠲᠡ ᠶᠢᠨ ᠬᠡᠪᠴᠢᠶᠡᠨ ᠲᠤᠳᠤᠷᠠᠬᠢ ᠦᠪᠡᠷ ᠤᠨ | ᠪᠡᠯᠡᠳᠬᠡᠯ ᠬᠤᠳᠳᠤᠭ ᠢ ᠦᠮᠴᠢᠯᠡᠯ ᠤᠨ ᠨᠢᠭᠡᠴᠡ ᠪᠤᠶᠤ ᠬᠤᠪᠢ ᠬᠦᠮᠦᠨ ᠬᠠᠮᠢᠶ᠎ᠠ ᠪᠦᠬᠦᠢ ᠲᠤᠭᠲᠠᠭᠠᠯ ᠢᠶᠠᠷ | ᠲᠤᠭᠲᠠᠭᠰᠠᠨ ᠬᠤᠭᠤᠴᠠᠭᠠᠨ ᠳᠤ ᠪᠢᠳᠡᠭᠦᠮᠵᠢᠯᠡᠬᠦ ᠬᠡᠷᠡᠭᠲᠡᠢ᠃ ᠬᠤᠷᠢᠨ ᠭᠤᠷᠪᠠᠳᠤᠭᠠᠷ ᠵᠤᠷᠪᠤᠰ ᠤᠰᠤ ᠲᠠᠳᠠᠨ | ᠬᠡᠷᠡᠭᠯᠡᠬᠦ ᠨᠢᠭᠡᠴᠡ ᠪᠤᠶᠤ ᠬᠤᠪᠢ ᠬᠦᠮᠦᠨ ᠰᠢᠨ᠎ᠡ ᠪᠠᠷ ᠤᠭᠰᠠᠷᠠᠬᠤ ᠪᠤᠶᠤ ᠴᠠᠬᠢᠯᠭᠠᠨ ᠬᠡᠷᠡᠭᠯᠡᠬᠦ ᠪᠠᠨ | ᠨᠡᠮᠡᠭᠳᠡᠭᠦᠯᠬᠦ ᠪᠠᠷ ᠡᠷᠡᠮᠡᠯᠵᠡᠯᠡᠬᠦ ᠦᠶᠡᠰ ᠤᠰᠤ ᠳᠠᠳᠠᠨ ᠬᠡᠷᠡᠭᠯᠡᠬᠦ ᠭᠤᠶᠤᠴᠢᠯᠠᠯ ᠤᠨ ᠵᠦᠪᠰᠢᠶᠡᠷᠡᠯ ᠤᠨ ᠪᠢᠴᠢᠭ | ᠤᠯᠤᠭᠰᠠᠨ ᠪᠠᠶᠢᠢᠬᠤ ᠬᠡᠷᠡᠭᠲᠡᠢ᠂ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠦᠨᠡᠮᠯᠡᠯ ᠡᠷᠡᠮᠡᠯᠵᠡᠯᠡᠬᠦ ᠴᠢᠬᠤᠯᠠ | ᠦᠭᠡᠢ ᠨᠢ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ | ᠨᠤᠲᠠᠯᠠᠬᠤ ᠬᠡᠷᠡᠭᠲᠡᠢ᠃ ᠬᠤᠷᠢᠨ ᠳᠦᠷᠪᠡᠳᠦᠭᠡᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ | ᠵᠠᠰᠠᠭ ᠤᠨ ᠤᠷᠳᠤᠨ ᠨᠢ ᠭᠤᠤᠯ ᠤᠨ ᠬᠡᠪᠡᠯᠢ ᠠᠴᠠ ᠬᠠᠶᠢᠢᠷ ᠮᠠᠯᠲᠠᠬᠤ᠂ ᠬᠦᠳᠡᠭᠡ ᠲᠤᠰᠬᠤᠨ ᠤ ᠬᠤᠭ ᠨᠤᠪᠰᠢ ᠶᠢ | ᠰᠢᠢᠳᠪᠦᠷᠢᠯᠡᠬᠦ ᠪᠠ ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ ᠭᠠᠵᠠᠷ ᠳᠤᠤᠷᠠᠬᠢ ᠤᠰᠤᠨ ᠤ ᠪᠣᠬᠢᠷᠲᠤᠯ ᠢ ᠰᠡᠷᠭᠡᠶᠢᠢᠯᠡᠬᠦ ᠬᠡᠷᠡᠭᠲᠡᠢ᠃ | ᠭᠤᠤᠯ ᠤᠨ ᠤᠷᠤᠰᠬᠠᠯ ᠢ ᠨᠦᠯᠦᠭᠡᠯᠡᠨ ᠬᠠᠷᠰᠢᠯᠠᠬᠤ ᠬᠠᠶᠢᠢᠷ ᠤᠨ ᠨᠦᠬᠡ ᠶᠢ ᠦᠮᠴᠢᠲᠡᠨ ᠪᠤᠶᠤ ᠬᠠᠮᠢᠶ᠎ᠠ ᠪᠦᠬᠦᠢ | ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠴᠠᠭ ᠲᠤᠬᠠᠢ ᠳᠤᠨᠢ ᠪᠤᠯᠠᠵᠤ᠂ ᠪᠤᠵᠠᠷ ᠤᠰᠤ | ᠵᠡᠷᠭᠡ ᠪᠤᠬᠢᠷᠳᠤᠯᠲᠤ ᠪᠤᠳᠠᠰ ᠬᠤᠷᠠᠮᠳᠤᠵᠤ ᠭᠠᠵᠠᠷ ᠳᠤᠤᠷᠠᠬᠢ ᠤᠰᠤᠨ ᠤ ᠪᠤᠬᠢᠷᠳᠤᠯ ᠡᠭᠦᠰᠬᠦ ᠶᠢ ᠰᠡᠷᠭᠡᠶᠢᠢᠯᠡᠬᠦ | ᠬᠡᠷᠡᠭᠲᠡᠢ᠃ ᠬᠦᠳᠡᠭᠡ ᠲᠤᠰᠬᠤᠨ ᠮᠠᠯᠵᠢᠬᠤ ᠣᠷᠣᠨ ᠤ ᠬᠤᠭ ᠨᠤᠪᠰᠢ ᠪᠠᠨ ᠲᠦᠪᠯᠡᠷᠡᠬᠦᠯᠦᠨ ᠤᠪᠤᠭᠠᠯᠠᠵᠤ ᠪᠤᠯᠠᠨ | ᠰᠢᠢᠳᠪᠤᠷᠢᠯᠡᠵᠦ ᠪᠠᠶᠢᠢᠭ᠎ᠠ ᠭᠠᠵᠠᠷ ᠤᠷᠤᠨ ᠤ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ | ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠨᠠᠪᠴᠢᠨ ᠭᠤᠭᠤᠵᠢᠬᠤ ᠶᠢ ᠰᠡᠷᠭᠡᠶᠢᠢᠯᠡᠬᠦ ᠠᠷᠭ᠎ᠠ ᠠᠪᠴᠤ᠂ | ᠭᠠᠵᠠᠷ ᠳᠤᠤᠷᠠᠬᠢ ᠤᠰᠤ ᠶᠢ ᠪᠤᠬᠢᠷᠳᠤᠭᠤᠯᠬᠤ ᠶᠢ ᠰᠡᠷᠭᠡᠶᠢᠢᠯᠡᠬᠦ ᠬᠡᠷᠡᠭᠲᠡᠢ᠃ ᠭᠤᠤᠯ ᠤᠨ ᠬᠡᠪᠡᠯᠢ᠂ ᠭᠤᠤ ᠰᠤᠪᠠᠭ᠂ | ᠬᠠᠶᠠᠭᠳᠠᠮᠠᠯ ᠬᠤᠳᠳᠤᠭ᠂ ᠬᠠᠶᠠᠭᠳᠠᠮᠠᠯ ᠠᠭᠤᠷᠬᠠᠢ ᠶᠢᠨ ᠨᠦᠬᠡ ᠵᠡᠷᠭᠡ ᠭᠠᠵᠠᠷ ᠲᠤ ᠬᠤᠭ ᠨᠤᠪᠰᠢ ᠵᠡᠷᠭᠡ | ᠪᠤᠬᠢᠷᠳᠤᠯᠲᠤ ᠪᠤᠳᠠᠰ ᠴᠢᠳᠬᠤᠬᠤ ᠶᠢ ᠴᠠᠭᠠᠵᠠᠯᠠᠨ᠎ᠠ᠃ ᠬᠤᠷᠢᠨ ᠲᠠᠪᠤᠳᠤᠭᠠᠷ ᠵᠤᠷᠪᠤᠰ ᠬᠤᠲᠠ᠂ ᠬᠤᠰᠢᠭᠤ ᠰᠢᠶᠠᠨ | ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠭᠠᠵᠠᠷ ᠳᠤᠤᠷᠠᠬᠢ ᠤᠰᠤᠨ ᠤ | ᠬᠦᠳᠡᠯᠦᠩᠭᠦᠢ ᠬᠢᠨᠠᠨ ᠬᠡᠮᠵᠢᠯᠲᠡ ᠶᠢᠨ ᠦᠷᠲᠡᠭᠡ ᠲᠤᠤᠷ ᠢ ᠨᠢᠭᠡᠳᠦᠯᠲᠡᠢ ᠪᠠᠶᠢᠢᠭᠤᠯᠵᠤ᠂ ᠭᠠᠵᠠᠷ ᠳᠤᠤᠷᠠᠬᠢ ᠤᠰᠤᠨ | ᠲᠦᠪᠰᠢᠨ᠂ ᠤᠰᠤᠨ ᠤ ᠬᠡᠮᠵᠢᠶ᠎ᠡ᠂ ᠤᠰᠤᠨ ᠤ ᠶᠠᠰᠤ ᠴᠢᠨᠠᠷ᠂ ᠤᠰᠤᠨ ᠤ ᠳᠤᠯᠠᠭᠠᠨ ᠤ ᠬᠡᠮᠵᠢᠶ᠎ᠡ ᠵᠡᠷᠭᠡ ᠶᠢ ᠬᠢᠨᠠᠨ | ᠬᠡᠮᠵᠢᠵᠦ᠂ ᠬᠢᠨᠠᠨ ᠬᠡᠮᠵᠢᠭᠰᠡᠨ ᠪᠢᠴᠢᠭ ᠮᠠᠲ᠋ᠧᠷᠢᠶᠠᠯ ᠢᠶᠠᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠡᠮᠬᠢᠯᠡᠨ ᠨᠠᠶᠢᠷᠠᠭᠤᠯᠵᠤ᠂ ᠮᠡᠳᠡᠭᠡ ᠵᠠᠩᠬᠢ ᠶᠢ ᠬᠠᠮᠲᠤᠪᠡᠷ ᠡᠳ᠋ᠯᠡᠬᠦ ᠶᠢ | ᠬᠡᠷᠡᠭᠵᠢᠭᠦᠯᠦᠨ᠎ᠡ᠃ ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ ᠬᠤᠷᠢᠨ ᠵᠢᠷᠭᠤᠳᠤᠭᠠᠷ ᠵᠤᠷᠪᠤᠰ | ᠲᠤᠰ ᠳᠦᠷᠢᠮ ᠠᠴᠠ ᠵᠦᠷᠢᠴᠡᠭᠰᠡᠨ ᠵᠦᠢᠯ ᠢ ᠤᠯᠤᠰ ᠤᠨ ᠬᠠᠤᠯᠢ ᠴᠠᠭᠠᠵᠠ ᠬᠠᠤᠯᠢ ᠳᠦᠷᠢᠮ ᠪᠠ ᠦᠪᠡᠷᠲᠡᠭᠡᠨ | ᠵᠠᠰᠠᠬᠤ ᠤᠷᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠳᠦᠷᠢᠮ ᠨᠢ ᠨᠢᠭᠡᠨᠲᠡ ᠲᠤᠷᠭᠠᠨ ᠰᠢᠢᠳᠪᠦᠷᠢᠯᠡᠬᠦ | ᠳᠦᠷᠢᠮ ᠭᠠᠷᠭᠠᠭᠰᠠᠨ ᠪᠠᠶᠢᠢᠪᠠᠯ᠂ ᠲᠤᠷᠭᠠᠨ ᠰᠢᠢᠳᠪᠦᠷᠢᠯᠡᠬᠦ ᠳᠦᠷᠢᠮ ᠶᠣᠰᠣᠭᠠᠷ ᠰᠢᠢᠳᠪᠦᠷᠢᠯᠡᠨ᠎ᠡ᠃ ᠬᠤᠷᠢᠨ | ᠳᠤᠯᠤᠳᠤᠭᠠᠷ ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ | ᠪᠦᠬᠦᠢ ᠤᠳᠤᠷᠢᠳᠤᠯᠭ᠎ᠠ ᠤᠰᠤ ᠪᠠᠷ ᠬᠤᠲᠠ ᠶᠢ ᠲᠤᠭᠲᠠᠭᠠᠬᠤ᠂ ᠤᠰᠤ ᠪᠠᠷ ᠦᠢᠯᠡᠳᠪᠤᠷᠢᠯᠡᠯ ᠢ ᠲᠤᠭᠲᠠᠭᠠᠬᠤ᠂ | ᠲᠠᠳᠠᠨ ᠭᠡᠷᠡᠭᠯᠡᠬᠦ ᠪᠠ ᠨᠦᠬᠦᠪᠦᠷᠢᠯᠡᠬᠦ ᠲᠡᠩᠴᠡᠭᠦᠷᠢ᠂ ᠦᠷᠭᠦᠯᠵᠢᠯᠡᠬᠦ᠋ᠢᠢᠴᠡ ᠬᠦᠭᠵᠢᠯᠲᠡ ᠶᠢᠨ ᠵᠠᠷᠴᠢᠮ ᠲᠤᠭᠳᠠᠭᠠᠯ ᠢ | ᠵᠦᠷᠢᠴᠡᠨ ᠭᠠᠵᠠᠷ ᠳᠤᠤᠷᠠᠬᠢ ᠤᠰᠤᠨ ᠳᠤ ᠬᠤᠯᠪᠤᠭᠳᠠᠬᠤ ᠵᠦᠢᠯ ᠢ ᠲᠣᠭᠲᠠᠭᠠᠭᠰᠠᠨ ᠪᠤᠶᠤ ᠲᠤᠰ ᠳᠦᠷᠢᠮ ᠳᠤ | ᠲᠤᠭᠲᠠᠭᠠᠭᠰᠠᠨ ᠬᠠᠮᠠᠭᠠᠯᠠᠨ ᠬᠠᠮᠢᠶᠠᠷᠬᠤ ᠠᠷᠭ᠎ᠠ ᠬᠡᠮᠵᠢᠶ᠎ᠡ ᠶᠢ ᠭᠦᠢᠴᠡᠳᠭᠡᠭᠰᠡᠨ ᠦᠭᠡᠢ ᠠᠴᠠ ᠪᠤᠯᠵᠤ᠂ ᠲᠤᠰ ᠵᠠᠰᠠᠭ | ᠵᠠᠬᠢᠷᠭᠠᠨ ᠤ ᠤᠷᠤᠨ ᠭᠡᠴᠡ ᠶᠢᠨ ᠭᠠᠵᠠᠷ ᠳᠤᠤᠷᠠᠬᠢ ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠠᠴᠠ ᠳᠤᠤᠷ᠎ᠠ | ᠪᠤᠯᠤᠭᠰᠠᠨ ᠪᠤᠯ ᠬᠠᠮᠢᠶ᠎ᠠ ᠪᠦᠬᠦᠢ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠤᠷᠢᠨ ᠨᠠᠶ᠋ᠮᠠᠳᠤᠭᠠᠷ | ᠵᠤᠷᠪᠤᠰ ᠬᠤᠲᠠ᠂ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠮᠢᠶ᠎ᠠ ᠪᠦᠬᠦᠢ | ᠰᠠᠯᠠᠭ᠎ᠠ ᠮᠦᠴᠢᠷ ᠵᠢᠴᠢ ᠠᠵᠢᠯᠲᠠᠨ ᠳᠤ ᠳᠤᠤᠷᠠᠬᠢ ᠦᠢᠯᠡ ᠠᠵᠢᠯᠯᠠᠭ᠎ᠠ ᠢᠯᠡᠷᠡᠪᠡᠯ ᠬᠠᠮᠢᠶ᠎ᠠ ᠪᠦᠬᠦᠢ ᠪᠠᠶᠢᠢᠭᠤᠯᠤᠯᠭᠠ | ᠪᠤᠶᠤ ᠰᠠᠯᠠᠭ᠎ᠠ ᠮᠦᠴᠢᠷ ᠠᠴᠠ ᠵᠠᠷᠯᠢᠭᠳᠠᠨ ᠵᠠᠰᠠᠨ ᠰᠠᠶᠢᠵᠢᠷᠠᠭᠤᠯᠤᠨ᠎ᠠ᠂ ᠪᠠᠶᠢᠢᠳᠠᠯ ᠨᠢ ᠬᠦᠨᠳᠦ ᠨᠤᠴᠢᠲᠠᠢ ᠪᠤᠯ | ᠰᠢᠭᠤᠳ ᠬᠠᠷᠢᠭᠤᠴᠠᠵᠤ ᠪᠠᠶᠢᠢᠭ᠎ᠠ ᠭᠤᠤᠯᠯᠠᠨ ᠬᠠᠮᠢᠶᠠᠷᠤᠭᠴᠢ ᠪᠤᠯᠤᠨ ᠪᠤᠰᠤᠳ ᠰᠢᠭᠤᠳ ᠬᠠᠷᠢᠭᠤᠴᠠᠯᠭ᠎ᠠ ᠲᠠᠢ | ᠬᠥᠮᠥᠰ ᠲᠤ ᠬᠠᠤᠯᠢ ᠶᠤᠰᠤᠭᠠᠷ ᠰᠢᠳᠭᠡᠯ ᠤᠯᠭᠤᠨ᠎ᠠ᠂ ᠶᠠᠯ᠎ᠠ ᠬᠢᠭᠰᠡᠨ ᠳᠤ ᠲᠤᠭᠠᠴᠠᠭᠳᠠᠪᠠᠯ᠂ ᠬᠠᠤᠯᠢ ᠶᠤᠰᠤᠭᠠᠷ | ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ ︵ᠨᠢᠭᠡ︶ ᠲᠤᠰ ᠳᠦᠷᠢᠮ ᠠᠴᠠ ᠵᠦᠷᠢᠴᠡᠨ ᠤᠰᠤ | ᠲᠠᠲᠠᠨ ᠬᠡᠷᠡᠭᠯᠡᠬᠦ ᠵᠦᠪᠰᠢᠶᠡᠷᠡᠯ ᠤᠨ ᠵᠦᠢᠯ ᠢ ᠭᠦᠢᠴᠡᠳᠭᠡᠬᠦ ᠪᠤᠶᠤ ᠤᠰᠤ ᠲᠠᠲᠠᠨ ᠬᠡᠷᠡᠭᠯᠡᠬᠦ ᠵᠦᠪᠰᠢᠶᠡᠷᠡᠯ ᠤᠨ ᠬᠢᠨᠠᠨ | ᠵᠦᠪᠰᠢᠶᠡᠷᠡᠯᠲᠡ ᠶᠢ ᠬᠠᠷᠰᠢᠯᠠᠭᠰᠠᠨ᠃ ︵ᠬᠤᠶᠠᠷ︶ ᠭᠠᠵᠠᠷ ᠳᠤᠤᠷᠠᠬᠢ ᠤᠰᠤ ᠶᠢ ᠲᠠᠲᠠᠨ ᠬᠡᠷᠡᠭᠯᠡᠭᠰᠡᠨ ᠶᠡᠷᠦᠩᠬᠡᠢ | ᠬᠡᠮᠵᠢᠶ᠎ᠡ ᠨᠢ ᠵᠢᠯ ᠤᠨ ᠤᠰᠤ ᠲᠠᠲᠠᠨ ᠬᠡᠷᠡᠭᠯᠡᠬᠦ ᠬᠢᠵᠠᠭᠠᠷᠯᠠᠬᠤ ᠵᠢᠭᠠᠯᠳᠠ ᠲᠤᠭ᠎ᠠ ᠳᠤ ᠬᠦᠷᠬᠦ ᠪᠤᠶᠤ ᠬᠡᠲᠦᠷᠡᠵᠤ᠂ | ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ ︵ᠭᠤᠷᠪᠠ︶ ᠭᠠᠵᠠᠷ ᠳᠤᠤᠷᠠᠬᠢ | ᠤᠰᠤᠨ ᠲᠦᠪᠰᠢᠨ ᠢ ᠬᠢᠵᠠᠭᠠᠷᠯᠠᠬᠤ ᠲᠦᠪᠰᠢᠨ ᠳᠤ ᠬᠦᠷᠦᠭᠰᠡᠨ ᠪᠤᠶᠤ ᠬᠢᠵᠠᠭᠠᠷᠯᠠᠬᠤ ᠲᠦᠪᠰᠢᠨ ᠠᠴᠠ ᠳᠤᠤᠷ᠎ᠠ | ᠪᠤᠯᠵᠤ᠂ ᠲᠤᠰ ᠳᠦᠷᠢᠮ ᠳᠤ ᠲᠤᠭᠲᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ᠃ ︵ᠳᠦᠷᠪᠡ︶ | ᠲᠦᠯᠦᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠪᠤᠶᠤ ᠪᠦᠲᠦᠭᠡᠨ ᠪᠠᠶᠢᠢᠭᠤᠯᠤᠯᠲᠠ ᠶᠢᠨ ᠲᠦᠷᠦᠯ | ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠬᠡᠪᠴᠢᠶᠡᠨ ᠳᠤ ᠬᠠᠷᠢᠶᠠᠯᠠᠭᠳᠠᠭᠰᠠᠨ ᠪᠤᠯᠪᠠᠴᠤ | ᠨᠤᠲᠠᠯᠠᠯᠲᠠ ᠳᠠᠮᠵᠢᠭᠰᠠᠨ ᠦᠭᠡᠢ ᠪᠠᠷ ᠬᠠᠮᠢᠶ᠎ᠠ ᠪᠦᠬᠦᠢ ᠲᠦᠯᠦᠪᠵᠢᠭᠦᠯᠭᠡ ᠪᠤᠶᠤ ᠪᠦᠲᠦᠭᠡᠨ ᠪᠠᠶᠢᠢᠭᠤᠯᠤᠯᠲᠠ ᠶᠢᠨ | ᠲᠦᠷᠦᠯ ᠵᠦᠢᠯ ᠢ ᠵᠦᠪᠰᠢᠶᠡᠷᠡᠭᠰᠡᠨ᠃ ︵ᠲᠠᠪᠤ︶ ᠲᠤᠰ ᠳᠦᠷᠢᠮ ᠳᠤ ᠲᠤᠭᠲᠠᠭᠠᠭᠰᠠᠨ ᠬᠢᠨᠠᠯᠲᠠ ᠲᠠᠯᠪᠢᠬᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ᠂ ᠭᠠᠵᠠᠷ ᠳᠤᠤᠷᠠᠬᠢ ᠤᠰᠤ ᠶᠢ ᠬᠤᠬᠢᠷᠠᠭᠤᠯᠬᠤ᠂ | ᠪᠤᠬᠢᠷᠳᠤᠭᠤᠯᠬᠤ ᠪᠤᠶᠤ ᠬᠠᠤᠯᠢ ᠠᠴᠠ ᠵᠦᠷᠢᠴᠡᠨ ᠨᠡᠭᠡᠭᠡᠨ ᠠᠰᠢᠭᠯᠠᠬᠤ ᠦᠢᠯᠡ ᠠᠵᠢᠯᠯᠠᠭ᠎ᠠ ᠶᠢᠨ ᠢᠯᠡᠴᠢᠯᠡᠨ | ᠮᠡᠳᠡᠭᠦᠯᠦᠯᠲᠡ ᠶᠢ ᠲᠤᠰᠤᠭᠠᠳ ᠪᠠᠶᠢᠢᠴᠠᠭᠠᠨ ᠰᠢᠢᠳᠪᠦᠷᠢᠯᠡᠭᠰᠡᠨ ᠦᠭᠡᠢ᠃ ︵ᠵᠢᠷᠭᠤᠭ᠎ᠠ︶ ᠭᠠᠵᠠᠷ ᠲᠤᠤᠷᠠᠬᠢ | ᠤᠰᠤ ᠶᠢ ᠲᠠᠲᠠᠨ ᠭᠡᠷᠡᠭᠯᠡᠬᠦ ᠳᠤ ᠬᠤᠯᠪᠣᠭᠳᠠᠬᠤ ᠠᠵᠢᠯ ᠳᠤ᠂ ᠠᠳᠠᠯᠢ ᠱᠠᠳᠤᠨ ᠤ ᠤᠰᠤᠨ ᠤ ᠶᠠᠪᠤᠳᠠᠯ ᠤᠨ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠠᠨᠠᠯ ᠬᠤᠷᠢᠶᠠᠭᠰᠠᠨ ᠦᠬᠡᠢ ᠪᠤᠶᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠠᠳᠠᠯᠢ ᠪᠤᠰᠤ ᠰᠠᠨᠠᠯ | ᠳᠤᠷᠠᠳᠤᠭᠰᠠᠨ ᠳᠤ ᠬᠠᠷᠢᠨ ᠲᠤᠰ ᠰᠠᠯᠠᠭ᠎ᠠ ᠮᠦᠴᠢᠷ ᠤᠨ ᠰᠠᠨᠠᠯ ᠢᠶᠠᠷ ᠢᠶᠠᠨ ᠰᠢᠢᠳᠪᠦᠷᠢ ᠲᠣᠭᠲᠠᠭᠠᠭᠰᠠᠨ᠃ ︵ | ᠲᠤᠯᠤᠭ᠎ᠠ︶ ᠡᠷᠭᠡ ᠲᠤᠰᠢᠶᠠᠯ ᠢᠶᠠᠨ ᠲᠤᠷᠠᠪᠠᠷ ᠭᠡᠷᠡᠭᠯᠡᠭᠰᠡᠨ᠂ ᠠᠯᠪᠠᠨ ᠲᠤᠰᠢᠶᠠᠯ ᠳᠤ ᠠᠯᠮᠠᠶᠢᠢᠷᠠᠨ ᠤᠰᠤᠯᠳᠠᠭᠰᠠᠨ᠂ | ᠨᠢᠭᠤᠷ ᠲᠠᠯ᠎ᠠ ᠬᠠᠷᠠᠵᠦ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃ ᠬᠤᠷᠢ ᠶᠢᠰᠦᠳᠦᠭᠡᠷ ᠵᠤᠷᠪᠤᠰ | ᠲᠤᠰ ᠳᠦᠷᠢᠮ ᠤᠨ ᠠᠷᠪᠠᠨ ᠲᠦᠷᠪᠡᠳᠦᠭᠡᠷ ᠵᠤᠷᠪᠤᠰ ᠢ ᠵᠦᠷᠢᠴᠡᠵᠦ᠂ ᠳᠠᠬᠢᠯᠳᠠ ᠤᠰᠦ ᠪᠤᠶᠤ ᠭᠠᠵᠠᠷ ᠤᠨ | ᠭᠠᠳᠠᠷᠭᠤ ᠶᠢᠨ ᠤᠰᠤ ᠶᠢ ᠲᠠᠮᠵᠢᠭᠤᠯᠤᠨ ᠬᠦᠷᠭᠡᠬᠦ ᠬᠤᠭᠤᠯᠠᠢ ᠲᠣᠣᠷᠵᠢᠯ ᠤᠨ ᠪᠦᠷᠬᠦᠴᠡ ᠶᠢᠨ ᠬᠡᠪᠴᠢᠶᠡᠨ ᠳᠤ | ᠢᠳᠡᠭᠡᠨ᠂ ᠡᠮ ᠦᠢᠯᠡᠳᠬᠦ ᠪᠤᠰᠤ ᠠᠵᠦ ᠠᠬᠤᠶᠢᠢᠯᠠᠯ ᠤᠨ ᠦᠢᠯᠡᠳᠪᠦᠷᠢᠯᠡᠯ ᠳᠤ ᠭᠠᠵᠠᠷ ᠲᠤᠤᠷᠠᠬᠢ ᠤᠰᠤ ᠶᠢ | ᠭᠡᠷᠡᠭᠯᠡᠪᠡᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ | ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠤᠰᠤᠭᠠᠷ ᠬᠠᠤᠯᠢ ᠶᠢ | ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ ᠬᠤᠭᠤᠴᠠᠭ᠎ᠠ ᠲᠣᠭᠲᠠᠭᠠᠨ ᠭᠠᠵᠠᠷ ᠲᠤᠤᠷᠠᠬᠢ ᠤᠰᠤ ᠶᠢ | ᠳᠠᠳᠠᠨ ᠭᠡᠷᠡᠭᠯᠡᠬᠦ ᠲᠦᠬᠦᠭᠡᠷᠦᠮᠵᠢ ᠶᠢ ᠪᠢᠳᠡᠬᠦᠮᠵᠢᠯᠡᠨ᠎ᠠ᠂ ᠬᠤᠭᠤᠴᠠᠭ᠎ᠠ ᠨᠢ ᠬᠡᠳᠦᠷᠴᠦ ᠡᠰᠡ ᠪᠢᠳᠡᠬᠦᠮᠵᠢᠯᠡᠭᠰᠡᠨ | ᠪᠠᠶᠢᠢᠪᠠᠯ᠂ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ ᠰᠦᠢᠳᠭᠡᠯ ᠢ | ᠬᠠᠤᠯᠢ ᠵᠦᠷᠢᠴᠡᠭᠰᠡᠨ ᠠᠵᠦ ᠠᠬᠤᠶᠢᠢᠯᠠᠯ ᠡᠭᠦᠷᠭᠡᠯᠡᠬᠦ ᠮᠥᠷᠲᠡᠭᠡᠨ 2 ᠲᠦᠮᠡᠨ ᠲᠦᠬᠦᠷᠢᠭ ᠠᠴᠠ ᠲᠡᠭᠡᠭᠰᠢ 10 | ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠳᠤᠭᠠᠷ ᠵᠤᠷᠪᠤᠰ ᠲᠤᠰ ᠳᠦᠷᠢᠮ ᠤᠨ ᠠᠷᠪᠠᠨ | ᠲᠠᠪᠤᠳᠤᠭᠠᠷ ᠵᠤᠷᠪᠤᠰ ᠢ ᠵᠦᠷᠢᠴᠡᠵᠦ᠂ ᠭᠠᠵᠠᠷ ᠲᠤᠤᠷᠠᠬᠢ ᠤᠰᠤ᠂ ᠠᠮᠢᠳᠤᠷᠠᠯ ᠤᠨ ᠭᠡᠷᠡᠭᠯᠡᠭᠡᠨ ᠤ ᠤᠤᠭᠤᠬᠤ | ᠤᠰᠤ ᠶᠢ ᠦᠵᠡᠮᠵᠢ ᠶᠢᠨ ᠭᠤᠤᠯ᠂ ᠵᠤᠬᠢᠶᠠᠮᠠᠯ ᠨᠠᠭᠤᠷ ᠲᠤ ᠭᠡᠷᠡᠭᠯᠡᠪᠡᠯ᠂ ᠬᠤᠰᠢᠭᠤ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠲᠣᠭᠲᠠᠭᠠᠨ ᠵᠠᠷᠯᠢᠭᠳᠠᠨ ᠵᠠᠯᠠᠷᠠᠭᠤᠯᠬᠤ ᠮᠥᠷᠲᠡᠭᠡᠨ 5 ᠲᠦᠮᠡᠨ | ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠨ ᠨᠢᠭᠡᠳᠦᠭᠡᠷ ᠵᠤᠷᠪᠤᠰ | ᠲᠤᠰ ᠳᠦᠷᠢᠮ ᠤᠨ ᠬᠤᠷᠢᠨ ᠨᠢᠭᠡᠳᠦᠭᠡᠷ ᠵᠤᠷᠪᠤᠰ ᠢ ᠵᠦᠷᠢᠴᠡᠵᠦ᠂ ᠬᠦᠮᠦᠨ ᠮᠠᠯ ᠤᠨ ᠤᠰᠤ ᠤᠮᠳᠠ᠂ ᠪᠠᠶᠢᠢᠯᠳᠤᠬᠤ | ᠪᠤᠳᠤᠯᠭ᠎ᠠ ᠶᠢᠨ ᠨᠦᠬᠡᠴᠡ ᠵᠢᠴᠢ ᠪᠠᠴᠢᠮ ᠪᠠᠶᠢᠢᠳᠠᠯ ᠢ ᠠᠷᠭᠠᠴᠠᠬᠤ ᠤᠰᠤᠨ ᠰᠤᠷᠪᠤᠯᠵᠢ ᠠᠴᠠ ᠭᠠᠳᠠᠨ᠎ᠠ ᠮᠠᠰᠢᠨ | ᠴᠠᠬᠢᠯᠭᠠᠨ ᠬᠤᠳᠳᠤᠭ ᠴᠤᠬᠢᠬᠤ ᠬᠦᠨᠴᠡ ᠨᠢ ᠵᠠᠭᠤᠨ ᠮᠧᠳ᠋ᠷ ᠠᠴᠠ ᠬᠡᠳᠦᠷᠡᠪᠡᠯ ᠬᠤᠳᠠ ᠪᠤᠶᠤ ᠬᠤᠰᠢᠭᠤ ᠰᠢᠶᠠᠨ | ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠡᠷᠭᠡ ᠲᠤᠰᠢᠶᠠᠯ ᠶᠣᠰᠣᠭᠠᠷ ᠤᠰᠤ ᠭᠡᠷᠡᠭᠯᠡᠭᠰᠡᠨ ᠨᠢᠭᠡᠴᠡ ᠪᠤᠶᠤ ᠬᠤᠪᠢ ᠬᠦᠮᠦᠨ ᠤ | ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠬᠰᠤᠭᠠᠵᠦ᠂ ᠬᠤᠭᠤᠴᠠᠭ᠎ᠠ ᠲᠣᠭᠲᠠᠭᠠᠨ ᠤᠤᠯ ᠪᠠᠶᠢᠢᠳᠠᠯ ᠢ | ᠰᠡᠷᠬᠦᠭᠡᠨ᠎ᠠ᠂ ᠬᠤᠭᠤᠴᠠᠭ᠎ᠠ ᠨᠢ ᠬᠡᠳᠦᠷᠴᠦ ᠤᠤᠯ ᠪᠠᠶᠢᠢᠳᠠᠯ ᠢ ᠡᠰᠡ ᠰᠡᠷᠬᠦᠭᠡᠭᠰᠡᠨ ᠪᠠᠶᠢᠢᠪᠠᠯ ᠠᠷᠠᠳ ᠤᠨ ᠰᠢᠬᠦᠬᠦ | ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠭᠡᠷᠡᠭᠵᠢᠬᠦᠯᠵᠦ᠂ ᠠᠯᠢᠪᠠ ᠰᠦᠢᠳᠭᠡᠯ ᠢ ᠬᠠᠤᠯᠢ ᠶᠢ ᠵᠦᠷᠢᠴᠡᠭᠰᠡᠨ ᠨᠢᠭᠡᠴᠡ | ᠪᠤᠶᠤ ᠬᠤᠪᠢ ᠬᠦᠮᠦᠨ ᠡᠭᠦᠷᠭᠡᠯᠡᠬᠦ ᠮᠥᠷᠲᠡᠭᠡᠨ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ | ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠨ ᠬᠤᠶᠠᠳᠤᠭᠠᠷ ᠵᠤᠷᠪᠤᠰ ᠲᠤᠰ ᠳᠦᠷᠢᠮ ᠤᠨ ᠬᠤᠷᠢᠨ | ᠬᠤᠶᠠᠳᠤᠭᠠᠷ ᠵᠤᠷᠪᠤᠰ ᠢ ᠵᠦᠷᠢᠴᠡᠵᠦ᠂ ᠤᠯᠠᠨ ᠨᠡᠶᠢᠢᠳᠡ ᠶᠢᠨ ᠤᠰᠤ ᠬᠠᠩᠭᠠᠬᠤ ᠬᠤᠭᠤᠯᠠᠢ ᠲᠣᠣᠷᠵᠢᠯ ᠤᠨ | ᠪᠦᠷᠬᠦᠴᠡ ᠶᠢᠨ ᠬᠡᠪᠴᠢᠶᠡᠨ ᠳᠠᠬᠢ ᠦᠪᠡᠷ ᠤᠨ ᠪᠡᠯᠡᠳᠬᠡᠯ ᠬᠤᠳᠳᠤᠭ ᠢ ᠲᠣᠭᠲᠠᠭᠠᠭᠰᠠᠨ ᠬᠢᠵᠠᠭᠠᠷ | ᠬᠤᠭᠤᠴᠠᠭᠠᠨ ᠳᠤ ᠪᠢᠳᠡᠬᠦᠮᠵᠢᠯᠡᠬᠦ ᠦᠬᠡᠢ ᠪᠤᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ | ᠵᠠᠰᠠᠬ ᠤᠨ ᠤᠷᠳᠤᠨ ᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠠᠷᠠᠳ ᠤᠨ ᠰᠢᠬᠦᠬᠦ ᠬᠤᠷᠢᠶ᠎ᠠ ᠳᠤ ᠡᠷᠡᠮᠡᠯᠵᠡᠯᠡᠵᠦ ᠠᠯᠪᠠᠳᠠᠨ ᠬᠡᠷᠡᠭᠵᠢᠭᠦᠯᠬᠦ ᠮᠥᠷᠲᠡᠭᠡᠨ 1 ᠲᠦᠮᠡᠨ | ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠃ ᠭᠤᠴᠢᠨ ᠭᠤᠷᠪᠠᠳᠤᠭᠠᠷ | ᠵᠤᠷᠪᠤᠰ ᠲᠤᠰ ᠳᠦᠷᠢᠮ ᠤᠨ ᠬᠤᠷᠢᠨ ᠭᠤᠷᠪᠠᠳᠤᠭᠠᠷ ᠵᠤᠷᠪᠤᠰ ᠢ ᠵᠦᠷᠢᠴᠡᠵᠦ᠂ ᠴᠠᠬᠢᠯᠭᠠᠨ ᠬᠠᠩᠭᠠᠬᠤ ᠠᠵᠦ | ᠠᠬᠤᠶᠢᠢᠯᠠᠯ ᠨᠢ ᠤᠰᠤ ᠭᠡᠷᠡᠭᠯᠡᠬᠦ ᠵᠦᠪᠰᠢᠶᠡᠷᠡᠯ ᠤᠨ ᠪᠢᠴᠢᠭ ᠪᠤᠶᠤ ᠤᠰᠤᠨ ᠤ ᠶᠠᠪᠤᠳᠠᠯ ᠤᠨ ᠵᠠᠰᠠᠬ ᠵᠠᠬᠢᠷᠭᠠᠨ ᠤ | ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠨᠤᠲᠠᠯᠠᠭᠰᠠᠨ ᠮᠠᠲ᠋ᠧᠷᠢᠶᠠᠯ ᠦᠬᠡᠢ ᠨᠢᠭᠡᠴᠡ ᠪᠡ ᠬᠤᠪᠢ | ᠬᠦᠮᠦᠨ ᠳᠤ ᠴᠠᠬᠢᠯᠭᠠᠨ ᠬᠠᠩᠭᠠᠪᠠᠯ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ | ᠤᠷᠳᠤᠨ ᠤ ᠴᠠᠬᠢᠯᠭᠠᠨ ᠬᠦᠴᠦᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠴᠠᠬᠢᠯᠭᠠᠨ ᠬᠠᠩᠭᠠᠬᠤ ᠶᠢ | ᠵᠠᠷᠯᠢᠬᠳᠡᠨ ᠵᠤᠬᠰᠤᠭᠠᠨ᠎ᠠ᠃ ᠭᠤᠴᠢᠨ ᠲᠦᠷᠪᠡᠳᠦᠭᠡᠷ ᠵᠤᠷᠪᠤᠰ ᠲᠤᠰ ᠳᠦᠷᠢᠮ ᠤᠨ ᠬᠤᠷᠢᠨ ᠲᠦᠷᠪᠡᠳᠦᠭᠡᠷ | ᠵᠤᠷᠪᠤᠰ ᠢ ᠵᠦᠷᠢᠴᠡᠵᠦ᠂ ᠭᠤᠤᠯ ᠤᠨ ᠬᠡᠪᠡᠯᠢ ᠤᠨ ᠤᠷᠤᠰᠬᠠᠯ ᠢ ᠬᠠᠷᠰᠢᠯᠠᠭᠰᠠᠨ ᠬᠠᠶᠢᠷ ᠮᠠᠯᠲᠠᠭᠰᠠᠨ ᠨᠦᠬᠡ ᠶᠢ | ᠬᠡᠷᠡᠭᠯᠡᠭᠴᠢ ᠨᠢ ᠴᠠᠬ ᠲᠤᠬᠠᠢ ᠳᠤᠨᠢ ᠲᠠᠬᠢᠨ ᠪᠤᠯᠠᠬᠤ ᠦᠬᠡᠢ ᠪᠤᠯ᠂ ᠬᠤᠳᠠ ᠪᠤᠶᠤ ᠬᠤᠰᠢᠭᠤ ᠰᠢᠶᠠᠨ | ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠬᠤᠭᠤᠴᠠᠭ᠎ᠠ ᠲᠣᠭᠲᠠᠭᠠᠨ ᠪᠤᠯᠠᠬᠤ ᠪᠠᠷ ᠵᠠᠷᠯᠢᠬᠳᠠᠨ᠎ᠠ᠂ ᠲᠣᠭᠲᠠᠭᠠᠭᠰᠠᠨ ᠬᠢᠵᠠᠭᠠᠷ | ᠬᠤᠭᠤᠴᠠᠭᠠᠨ ᠳᠤ ᠪᠤᠯᠠᠬᠤ ᠦᠬᠡᠢ ᠪᠤᠯ᠂ 1 ᠲᠦᠮᠡᠨ ᠲᠦᠬᠦᠷᠢᠭ ᠠᠴᠠ ᠲᠡᠭᠡᠭᠰᠢ 10 ᠲᠦᠮᠡᠨ ᠲᠦᠬᠦᠷᠢᠭ ᠠᠴᠠ | ᠲᠤᠷᠤᠬᠰᠢ ᠲᠤᠷᠭᠠᠨ᠎ᠠ᠂ ᠱᠠᠭᠠᠷᠳᠠᠨ ᠱᠠᠯᠠᠪᠳᠠᠭᠠᠳ ᠪᠠᠰᠠ ᠪᠤᠯᠠᠬᠤ ᠦᠬᠡᠢ ᠪᠤᠯ ᠬᠤᠯᠪᠤᠬᠳᠠᠯ ᠪᠦᠬᠦᠢ ᠵᠠᠰᠠᠬ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠤᠬᠢᠶᠠᠨ ᠪᠠᠶᠢᠢᠭᠤᠯᠤᠨ ᠪᠤᠯᠠᠵᠤ᠂ ᠠᠯᠢᠪᠠ | ᠰᠦᠢᠳᠭᠡᠯ ᠢ ᠭᠡᠷᠡᠭᠯᠡᠭᠴᠢ ᠡᠬᠦᠷᠭᠡᠯᠡᠨ᠎ᠠ᠃ ᠬᠤᠯᠪᠤᠬᠳᠠᠯ ᠪᠦᠬᠦᠢ ᠬᠤᠰᠢᠭᠤ ᠰᠢᠶᠠᠨ ᠲᠤᠭᠤᠷᠢᠬ ᠤᠨ ᠠᠷᠠᠳ ᠤᠨ | ᠵᠠᠰᠠᠬ ᠤᠨ ᠤᠷᠳᠤᠨ ᠠᠴᠠ ᠴᠠᠭ ᠲᠤᠬᠠᠢ ᠳᠤᠨᠢ ᠪᠤᠯᠠᠬᠤ ᠦᠬᠡᠢ ᠪᠤᠯ᠂ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ | ᠰᠢᠭᠤᠳ ᠬᠠᠷᠢᠭᠤᠴᠠᠵᠦ ᠪᠠᠶᠢᠢᠭ᠎ᠠ ᠭᠤᠣᠯ ᠬᠠᠷᠢᠭᠤᠴᠠᠯᠭᠠᠳᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ | ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠨ᠎ᠠ᠃ ᠬᠥᠳᠡᠭᠡ ᠲᠣᠰᠬᠤᠨ ᠮᠠᠯᠵᠢᠬᠤ ᠤᠷᠤᠨ ᠳᠤ ᠲᠦᠪᠯᠡᠷᠡᠬᠦᠯᠦᠨ | ᠤᠪᠤᠭᠠᠯᠠᠬᠤ᠂ ᠪᠤᠯᠠᠬᠤ ᠬᠡᠯᠪᠡᠷᠢ ᠪᠠᠷ ᠬᠤᠭ ᠨᠤᠪᠰᠢ ᠶᠢ ᠰᠢᠢᠳᠪᠦᠷᠢᠯᠡᠬᠦ ᠳᠡᠭᠡᠨ ᠨᠡᠪᠴᠢᠬᠦ ᠪᠠ ᠭᠤᠭᠤᠵᠢᠬᠤ ᠶᠢ | ᠰᠡᠷᠭᠡᠶᠢᠢᠯᠡᠬᠦ ᠠᠷᠭ᠎ᠠ ᠬᠡᠮᠵᠢᠶ᠎ᠠ ᠠᠪᠤᠬᠰᠠᠨ ᠦᠬᠡᠢ ᠪᠠᠶᠢᠢᠪᠠᠯ᠂ ᠬᠤᠳᠠ ᠪᠤᠶᠤ ᠬᠤᠰᠢᠭᠤ ᠰᠢᠶᠠᠨ ᠲᠤᠭᠤᠷᠢᠬ ᠤᠨ | ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠬ ᠵᠠᠬᠢᠷᠭᠠᠨ ᠤ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠭᠳᠠᠨ ᠵᠣᠭᠰᠣᠭᠠᠵᠤ᠂ | ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠠᠢ᠃ ᠭᠤᠤᠯ ᠤᠨ ᠬᠡᠪᠡᠯᠢ᠂ ᠭᠤᠤ ᠰᠤᠪᠠᠭ᠂ ᠰᠤᠬᠤᠷ ᠬᠤᠳᠳᠤᠭ᠂ | ᠬᠠᠶᠠᠬᠳᠠᠮᠠᠯ ᠠᠭᠤᠷᠬᠠᠢ ᠶᠢᠨ ᠨᠦᠬᠡ ᠵᠡᠷᠭᠡ ᠳᠤ ᠬᠤᠭ ᠨᠤᠪᠰᠢ ᠵᠡᠷᠭᠡ ᠪᠣᠬᠢᠲᠤᠯ ᠪᠣᠳᠠᠰ ᠬᠠᠶᠠᠪᠠᠯ᠂ ᠬᠤᠳᠠ ᠪᠤᠶᠤ | ᠬᠤᠰᠢᠭᠤ ᠰᠢᠶᠠᠨ ᠲᠤᠭᠤᠷᠢᠬ ᠤᠨ ᠠᠷᠠᠳ ᠤᠨ ᠵᠠᠰᠠᠬ ᠤᠨ ᠤᠷᠳᠤᠨ ᠤ ᠠᠮᠢ ᠠᠬᠤᠢ ᠶᠢᠨ ᠤᠷᠴᠢᠨ ᠲᠤᠭᠤᠷᠢᠨ ᠤ | ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ | ᠵᠠᠷᠯᠢᠭᠳᠠᠨ ᠵᠣᠭᠰᠣᠭᠠᠵᠤ᠂ ᠬᠤᠭᠤᠴᠠᠭ᠎ᠠ ᠲᠣᠭᠲᠠᠭᠠᠨ ᠪᠤᠬᠢᠷᠳᠤᠯ ᠪᠤᠳᠠᠰ ᠢ ᠴᠡᠪᠡᠷᠯᠡᠨ ᠪᠤᠬᠢᠷᠳᠤᠯ ᠢ ᠦᠭᠡᠶᠢᠰᠬᠡᠬᠦ | ᠮᠥᠷᠲᠡᠭᠡᠨ 5000 ᠲᠦᠬᠦᠷᠢᠭ ᠠᠴᠠ ᠲᠡᠭᠡᠭᠰᠢ 5 ᠲᠦᠮᠡᠨ ᠲᠦᠬᠦᠷᠢᠭ ᠠᠴᠠ ᠲᠤᠷᠤᠬᠰᠢ ᠲᠤᠷᠭᠠᠨ᠎ᠠ᠂ | ᠲᠤᠭᠳᠠᠭᠰᠠᠨ ᠬᠤᠭᠤᠴᠠᠭᠠᠨ ᠳᠤ ᠴᠡᠪᠡᠷᠯᠡᠬᠦ ᠦᠬᠡᠢ᠂ ᠰᠢᠢᠳᠪᠦᠷᠢᠯᠡᠬᠦ ᠦᠬᠡᠢ᠂ ᠱᠠᠭᠠᠷᠳᠠᠨ ᠱᠠᠯᠠᠪᠳᠠᠭᠠᠳ ᠮᠦᠨ ᠬᠦ | ᠴᠡᠪᠡᠷᠯᠡᠵᠦ ᠰᠢᠢᠳᠪᠦᠷᠢᠯᠡᠬᠦ ᠦᠬᠡᠢ ᠪᠤᠯ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠴᠢᠳᠠᠪᠦᠷᠢ ᠪᠦᠬᠦᠢ ᠨᠢᠭᠡᠴᠡ ᠶᠢ ᠵᠢᠭᠠᠨ ᠲᠣᠭᠲᠠᠭᠠᠵᠤ ᠤᠷᠤᠯᠠᠨ ᠴᠡᠪᠡᠷᠯᠡᠵᠦ ᠰᠢᠢᠳᠪᠦᠷᠢᠯᠡᠬᠦᠯᠵᠦ᠂ | ᠠᠯᠢᠪᠠ ᠰᠦᠢᠳᠭᠡᠯ ᠢ ᠬᠠᠤᠯᠢ ᠶᠢ ᠵᠦᠷᠢᠴᠡᠭᠰᠡᠳ ᠡᠭᠦᠷᠭᠡᠯᠡᠨ᠎ᠡ᠃ ᠵᠷᠭᠤᠳᠤᠭᠠᠷ ᠪᠦᠯᠦᠭ ᠲᠠᠭᠠᠯᠳᠤᠭᠤᠯᠤᠯ ᠲᠦᠷᠢᠮ | ᠭᠤᠴᠢᠨ ᠲᠠᠪᠤᠳᠤᠭᠠᠷ ᠵᠤᠷᠪᠤᠰ ᠲᠤᠰ ᠳᠦᠷᠢᠮ ᠢ 2019 ᠤᠨ ᠤ 3 ᠰᠠᠷ᠎ᠠ ᠶᠢᠨ 1 ᠤ ᠡᠳᠤᠷ ᠠᠴᠠ ᠡᠬᠢᠯᠡᠨ | ᠭᠡᠷᠡᠭᠵᠢᠬᠦᠯᠦᠨ᠎ᠠ᠃ | | | | |