ᠠᠰᠢᠬᠠᠨ ᠰᠤᠮᠤ ᠬᠠᠪᠤᠷ ᠤᠨ ᠤᠯᠠᠷᠢᠯ ᠳᠤ ᠬᠤᠯᠤᠭᠠᠨ᠎ᠠ  ᠶᠢ ᠤᠰᠠᠳᠬᠠᠬᠤ  ᠠᠵᠢᠯ ᠢ ᠰᠠᠶᠢᠳᠤᠷ ᠬᠢᠵᠤ ᠪᠤᠢ
ᠨᠡᠶᠢᠲᠡᠯᠡᠭᠰᠡᠨ ᠴᠠᠭ᠄
2022/4/22
          ᠬᠠᠪᠤᠷ ᠤᠨ ᠤᠯᠠᠷᠢᠯ ᠳᠤ ᠬᠤᠯᠤᠭᠠᠨ᠎ᠠ ᠤᠰᠠᠳᠬᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠡᠷᠡᠭᠦᠯ ᠰᠠᠷᠠᠭᠤᠯ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠠᠰᠢᠬᠠᠨ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ  ᠦᠢᠯᠡᠳᠤᠯᠬᠡ ᠶᠢᠨ ᠭᠠᠵᠠᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠬᠤᠯᠤᠭᠠᠨ᠎ᠠ ᠤᠰᠠᠳᠬᠠᠬᠤ ᠠᠵᠢᠯ ᠤᠨ ᠠᠩᠭᠢ ᠪᠠᠶᠢᠭᠤᠯᠵᠤ᠂ ᠬᠠᠪᠤᠷ ᠤᠨ ᠤᠯᠠᠷᠢᠯ ᠳᠤ ᠬᠤᠯᠤᠭᠠᠨ᠎ᠠ ᠤᠰᠠᠳᠬᠠᠬᠤ ᠠᠵᠢᠯᠯᠠᠭ᠎ᠠ ᠥᠷᠨᠢᠭᠦᠯᠪᠡ᠃       ᠠᠵᠢᠯᠯᠠᠭ᠎ᠠ ᠳᠤᠮᠳᠠ᠂ ᠠᠵᠢᠯᠲᠠᠨ ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠬᠡᠭᠡᠷ᠎ᠡ ᠭᠠᠳᠠᠭ᠎ᠠ ᠬᠤᠯᠤᠭᠠᠨ᠎ᠠ ᠦᠷᠭᠦᠯᠵᠢ ᠣᠷᠣᠵᠤ ᠭᠠᠷᠬᠤ ᠨᠦᠬᠡᠨ ᠎ ᠳᠤ ᠬᠤᠯᠤᠭᠠᠨ᠎ᠠ ᠶᠢᠨ ᠡᠮ ᠲᠠᠯᠪᠢᠵᠤ᠂ ︽ᠬᠤᠯᠤᠭᠠᠨ᠎ᠠ ᠶᠢᠨ ᠡᠮ ᠲᠠᠯᠪᠢᠭᠰᠠᠨ ᠭᠠᠵᠠᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ︾ ᠰᠡᠷᠡᠮᠵᠢ ᠶᠢᠨ ᠲᠡᠮᠳᠡᠭ ᠲᠠᠯᠪᠢᠵᠠᠶ᠃ ᠡᠭᠦᠨ ᠤ ᠬᠠᠮᠲᠤ ᠡᠯ᠎ᠡ ᠭᠠᠴᠠᠭᠠᠨ ᠤ ᠡᠮ ᠲᠠᠯᠪᠢᠭᠴᠢ ᠶᠢᠨ ᠡᠩᠨᠡᠭᠡ ᠳᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠦᠷᠭᠦᠯᠵᠢᠯᠡᠨ ᠲᠠᠯᠪᠢᠬᠤ᠂ ᠨᠥᠬᠦᠵᠦ ᠲᠠᠯᠪᠢᠬᠤ ᠵᠡᠷᠭᠡ ᠬᠡᠯᠪᠡᠷᠢ ᠪᠠᠷ ᠬᠠᠷᠢᠶᠠᠲᠤ ᠣᠷᠣᠨ ᠤ ᠳᠣᠲᠣᠷ᠎ᠠ ᠭᠠᠳᠠᠨᠠᠬᠢ ᠪᠠ ᠬᠡᠷ ᠤᠨ ᠳᠣᠲᠣᠷᠠᠬᠢ ᠬᠤᠯᠤᠭᠠᠨ᠎ᠠ ᠤᠰᠠᠳᠬᠠᠬᠤ ᠬᠤᠤᠷᠲᠤ ᠥᠭᠶᠥᠭᠡ ᠶᠢ ᠲᠠᠯᠪᠢᠬᠤ ᠠᠵᠢᠯ ᠢ ᠬᠠᠷᠢᠭᠤᠴᠠᠵᠤ᠂ ᠬᠤᠯᠤᠭᠠᠨ᠎ᠠ ᠤᠰᠠᠳᠬᠠᠬᠤ ᠡᠮ ᠣᠷᠣᠭᠤᠯᠬᠤ ᠠᠵᠢᠯ ᠤᠨ ᠦᠷ᠎ᠡ ᠪᠦᠲᠦᠮᠵᠢ ᠶᠢᠨ ᠴᠢᠨᠠᠷ ᠢ ᠳᠡᠭᠡᠭᠰᠢᠯᠡᠭᠦᠯᠵᠦ᠂ ᠬᠤᠯᠤᠭᠠᠨ᠎ᠠ ᠶᠢᠨ ᠬᠢᠵᠢᠭ ᠡᠭᠦᠰᠬᠦ᠂ ᠲᠠᠷᠬᠠᠬᠤ ᠪᠠ ᠳᠡᠯᠭᠡᠷᠡᠬᠦ ᠶᠢ ᠴᠢᠩᠭ᠎ᠠ  ᠰᠡᠷᠬᠡᠶᠢᠯᠡᠪᠠ᠃        ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 20 ᠾᠧᠺᠲ᠋ᠠᠷ ᠬᠤᠯᠤᠭᠠᠨ᠎ᠠ ᠶᠢᠨ ᠡᠮ ᠲᠠᠯᠪᠢᠵᠤ᠂ ᠠᠵᠢᠯᠲᠠᠨ ᠤ ᠴᠥᠬᠦᠷᠡᠰᠢ ᠥᠬᠡᠶ ᠴᠢᠷᠮᠠᠶᠢᠯᠭ᠎ᠠ ᠪᠠᠷ ᠣᠯᠠᠨ ᠲᠦᠮᠡᠨ ᠳᠤ ᠠᠷᠢᠭᠤᠨ ᠴᠡᠪᠡᠷ᠂ ᠲᠠᠭᠠᠯᠠᠮᠵᠢᠲᠠᠶ᠂ ᠰᠢᠨ᠎ᠡ ᠰᠣᠷᠭᠤᠭ᠂ ᠭᠤᠶᠣ ᠰᠠᠶᠢᠬᠠᠨ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠪᠡ᠃ ᠳᠠᠷᠠᠭ᠎ᠠ ᠠᠯᠬᠤᠮ ᠳᠤ᠂  ᠠᠰᠢᠬᠠᠨ ᠰᠤᠮᠤ ᠬᠠᠪᠤᠷ ᠤᠨ ᠤᠯᠠᠷᠢᠯ ᠳᠤ ᠬᠤᠯᠤᠭᠠᠨ᠎ᠠ ᠤᠰᠠᠳᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠬᠤᠯᠤᠭᠠᠨ᠎ᠠ ᠤᠰᠠᠳᠬᠠᠬᠤ ᠮᠡᠳᠡᠯᠭᠡ ᠶᠢ ᠶᠡᠬᠡᠪᠡᠷ ᠤᠬᠠᠭᠤᠯᠵᠤ᠂ ᠪᠦᠬᠦ ᠨᠡᠶᠢᠭᠡᠮ ᠢ ᠳᠠᠶᠢᠴᠢᠯᠠᠨ ᠬᠤᠯᠤᠭᠠᠨ᠎ᠠ ᠤᠰᠠᠳᠬᠠᠬᠤ ᠠᠵᠢᠯᠯᠠᠭ᠎ᠠ ᠳᠤ ᠣᠷᠣᠯᠴᠠᠭᠤᠯᠵᠤ᠂ ᠬᠤᠯᠤᠭᠠᠨ᠎ᠠ ᠤᠰᠠᠳᠬᠠᠵᠤ ᠭᠠᠮᠰᠢᠭ ᠢ ᠰᠡᠷᠭᠡᠶᠢᠯᠡᠬᠦ᠂ ᠡᠪᠡᠳᠴᠢᠨ ᠢ ᠰᠡᠷᠭᠡᠶᠢᠯᠡᠬᠦ᠂ ᠠᠮᠤ ᠪᠤᠳᠠᠭ᠎ᠠ ᠶᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ᠂ ᠠᠮᠢ ᠠᠬᠤᠶ ᠶᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠨ᠎ᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号