ᠭᠡᠷᠰᠡᠩ ᠰᠤᠮᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠬᠢ ᠡᠷᠬᠢᠯᠠᠪᠠ
ᠨᠡᠶᠢᠲᠡᠯᠡᠭᠰᠡᠨ ᠴᠠᠭ᠄
2022/5/10
        ᠪᠥᠬᠦ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 1᠎ ᠤ ᠡᠳᠦᠷ ᠠᠴᠠ 9᠎ ᠤ ᠡᠳᠦᠷ ᠪᠣᠯᠲᠠᠯ᠎ᠠ᠂ ᠭᠡᠷᠰᠡᠩ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠮᠠᠯ ᠠᠵᠤ ᠠᠬᠤᠶ ᠮᠠᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠳᠥᠷᠪᠡᠨ ᠫᠷᠤᠹᠧᠰᠰᠤᠷ ᠢ  ᠤᠷᠢᠵᠤ ᠭᠡᠷᠰᠡᠩ ᠰᠤᠮᠤ ᠶᠢᠨ ᠥᠷᠭᠡᠨ ᠣᠯᠠᠨ ᠮᠠᠯᠴᠢᠨ ᠲᠠᠷᠢᠶᠠᠴᠢᠨ ᠳᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠬᠦᠷᠳᠡᠬᠡᠪᠠ᠃ ᠮᠠᠯ ᠤᠨ ᠡᠪᠡᠳᠴᠢᠨ ᠡᠮᠭᠡᠭ ᠡᠭᠦᠰᠦᠭᠰᠡᠨ ᠰᠢᠯᠲᠠᠭᠠᠨ ᠵᠢᠴᠢ ᠣᠨᠣᠰᠢᠯᠠᠬᠤ᠂ ᠤᠷᠢᠳᠴᠢᠯᠠᠨ ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ᠂ ᠡᠭᠦᠯᠳᠡᠷ ᠰᠠᠶᠢᠵᠢᠷᠠᠭᠤᠯᠬᠤ᠂ ᠪᠤᠶᠢᠵᠢᠭᠤᠯᠬᠤ᠂ ᠡᠪᠡᠰᠦ ᠪᠣᠷᠳᠤᠭ᠎ᠠ ᠲᠣᠬᠢᠷᠠᠭᠤᠯᠬᠤ ᠵᠡᠷᠭᠡ ᠮᠡᠳᠡᠯᠭᠡ ᠶᠢ ᠰᠢᠰᠲ᠋ᠧᠮ ᠲᠠᠢ ᠲᠠᠶᠢᠯᠪᠤᠷᠢᠯᠠᠵᠤ  ᠪᠤᠯᠪᠠᠰᠤᠷᠠᠯ  ᠬᠦᠷᠳᠡᠭᠡᠪᠠ᠃ ᠪᠣᠯᠪᠠᠰᠤᠷᠠᠭᠤᠯᠤᠯ ᠤᠨ ᠠᠩᠭᠢ ᠨᠢ ᠡᠷᠦᠬᠡ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠡᠪᠡᠳᠴᠢᠨ ᠲᠠᠢ ᠦᠬᠡᠷ ᠤᠨ ᠡᠪᠡᠳᠴᠢᠨ ᠡᠮᠭᠡᠭ ᠤᠨ ᠡᠪᠡᠳᠴᠢᠨ ᠤ ᠵᠢᠱᠢᠶ᠎ᠡ ᠶᠢ ᠲᠤᠬᠠᠶ ᠶᠢᠨ ᠲᠠᠯᠠᠪᠠᠶ ᠳᠤ ᠥᠯᠢᠭᠡᠷ ᠠᠪᠴᠤ᠂ ᠵᠠᠳᠠᠯᠤᠨ ᠣᠨᠣᠰᠢᠯᠠᠬᠤ ᠪᠠ ᠡᠮᠨᠡᠨ ᠵᠠᠰᠠᠬᠤ ᠶᠢᠨ ᠬᠠᠮᠲᠤ  ᠪᠣᠯᠪᠠᠰᠤᠷᠠᠭᠤᠯᠤᠯ ᠵᠢᠯᠣᠭᠤᠳᠣᠯᠭ᠎ᠠ ᠬᠢᠪᠠ᠃       ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠬᠤᠷᠠᠯ ᠤᠨ ᠳᠠᠷᠠᠭ᠎ᠠ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠣᠯᠤᠯᠲᠠ ᠪᠠ ᠲᠤᠷᠰᠢᠯᠭ᠎ᠠ ᠪᠠᠨ ᠬᠠᠷᠢᠯᠴᠠᠨ ᠰᠣᠯᠢᠯᠴᠠᠬᠤ ᠶᠢᠨ ᠬᠠᠮᠲᠤ ︽ᠴᠥᠭᠡᠨ ᠲᠡᠵᠢᠭᠡᠬᠦ᠂ ᠨᠠᠷᠢᠯᠢᠭ ᠲᠡᠵᠢᠭᠡᠬᠦ᠂ ᠲᠥᠪᠯᠡᠷᠡᠭᠦᠯᠦᠨ ᠲᠡᠵᠢᠭᠡᠬᠦ︾ ᠰᠡᠳᠬᠢᠴᠡ ᠶᠣᠰᠣᠭᠠᠷ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠶᠠᠷᠢᠯᠴᠠᠪᠠ᠃      ᠲᠣᠰ ᠤᠳᠠᠭᠠᠨ ᠤ ᠪᠣᠯᠪᠠᠰᠤᠷᠠᠯ  ᠎ ᠢᠶᠠᠷ ᠳᠡᠮᠵᠢᠨ᠂ ᠬᠤᠶᠢᠰᠢᠳᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠬᠥᠭᠵᠢᠯᠲᠡ ᠳᠤ ᠨᠠᠩ ᠰᠢᠨᠵᠢᠯᠡᠬᠦ ᠤᠬᠠᠭᠠᠨᠴᠢ᠂ ᠰᠢᠰᠲ᠋ᠧᠮ ᠲᠠᠢ ᠣᠨᠣᠯ ᠤᠨ ᠮᠡᠳᠡᠯᠭᠡ ᠬᠠᠩᠭᠠᠵᠤ᠂  ᠬᠡᠷᠰᠡᠩ ᠰᠤᠮᠤ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ  ᠦᠢᠯᠡᠰ ᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠳᠠᠰᠢ  ᠤᠷᠤᠭᠰᠢᠯᠠᠭᠤᠯᠤᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号