ᠭᠡᠷᠰᠡᠩ ᠰᠤᠮᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠠᠩᠬᠢ ᠡᠷᠬᠢᠯᠠᠪᠠ
ᠨᠡᠶᠢᠲᠡᠯᠡᠭᠰᠡᠨ ᠴᠠᠭ᠄
2022/5/10
        ᠪᠥᠬᠦ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 5 ᠰᠠᠷ᠎ᠠ ᠶᠢᠨ 1 ᠤ ᠡᠳᠦᠷ ᠠᠴᠠ 9 ᠤ ᠡᠳᠦᠷ ᠪᠣᠯᠲᠠᠯ᠎ᠠ᠂ ᠭᠡᠷᠰᠡᠩ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠮᠠᠯ ᠠᠵᠤ ᠠᠬᠤᠶ ᠮᠠᠯ ᠤᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠳᠥᠷᠪᠡᠨ ᠫᠷᠤᠹᠧᠰᠰᠤᠷ ᠢ  ᠤᠷᠢᠵᠤ ᠭᠡᠷᠰᠡᠩ ᠰᠤᠮᠤ ᠶᠢᠨ ᠥᠷᠭᠡᠨ ᠣᠯᠠᠨ ᠮᠠᠯᠴᠢᠨ ᠲᠠᠷᠢᠶᠠᠴᠢᠨ ᠳᠤ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠬᠦᠷᠳᠡᠬᠡᠪᠠ᠃ ᠮᠠᠯ ᠤᠨ ᠡᠪᠡᠳᠴᠢᠨ ᠡᠮᠭᠡᠭ ᠡᠭᠦᠰᠦᠭᠰᠡᠨ ᠰᠢᠯᠲᠠᠭᠠᠨ ᠵᠢᠴᠢ ᠣᠨᠣᠰᠢᠯᠠᠬᠤ᠂ ᠤᠷᠢᠳᠴᠢᠯᠠᠨ ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ᠂ ᠡᠭᠦᠯᠳᠡᠷ ᠰᠠᠶᠢᠵᠢᠷᠠᠭᠤᠯᠬᠤ᠂ ᠪᠤᠶᠢᠵᠢᠭᠤᠯᠬᠤ᠂ ᠡᠪᠡᠰᠦ ᠪᠣᠷᠳᠤᠭ᠎ᠠ ᠲᠣᠬᠢᠷᠠᠭᠤᠯᠬᠤ ᠵᠡᠷᠭᠡ ᠮᠡᠳᠡᠯᠭᠡ ᠶᠢ ᠰᠢᠰᠲ᠋ᠧᠮ ᠲᠠᠢ ᠲᠠᠶᠢᠯᠪᠤᠷᠢᠯᠠᠵᠤ  ᠪᠤᠯᠪᠠᠰᠤᠷᠠᠯ  ᠬᠦᠷᠳᠡᠭᠡᠪᠠ᠃ ᠪᠣᠯᠪᠠᠰᠤᠷᠠᠭᠤᠯᠤᠯ ᠤᠨ ᠠᠩᠭᠢ ᠨᠢ ᠡᠷᠦᠬᠡ ᠳᠤ ᠣᠷᠣᠬᠤ ᠠᠵᠢᠯᠯᠠᠭ᠎ᠠ ᠶᠢ ᠥᠷᠨᠢᠭᠦᠯᠵᠦ᠂ ᠡᠪᠡᠳᠴᠢᠨ ᠲᠠᠢ ᠦᠬᠡᠷ ᠤᠨ ᠡᠪᠡᠳᠴᠢᠨ ᠡᠮᠭᠡᠭ ᠤᠨ ᠡᠪᠡᠳᠴᠢᠨ ᠤ ᠵᠢᠱᠢᠶ᠎ᠡ ᠶᠢ ᠲᠤᠬᠠᠶ ᠶᠢᠨ ᠲᠠᠯᠠᠪᠠᠶ ᠳᠤ ᠥᠯᠢᠭᠡᠷ ᠠᠪᠴᠤ᠂ ᠵᠠᠳᠠᠯᠤᠨ ᠣᠨᠣᠰᠢᠯᠠᠬᠤ ᠪᠠ ᠡᠮᠨᠡᠨ ᠵᠠᠰᠠᠬᠤ ᠶᠢᠨ ᠬᠠᠮᠲᠤ  ᠪᠣᠯᠪᠠᠰᠤᠷᠠᠭᠤᠯᠤᠯ ᠵᠢᠯᠣᠭᠤᠳᠣᠯᠭ᠎ᠠ ᠬᠢᠪᠠ᠃       ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠬᠤᠷᠠᠯ ᠤᠨ ᠳᠠᠷᠠᠭ᠎ᠠ᠂ ᠶᠠᠷᠢᠯᠴᠠᠬᠤ ᠬᠤᠷᠠᠯ ᠬᠤᠷᠠᠯᠳᠤᠭᠤᠯᠵᠤ᠂ ᠣᠯᠤᠯᠲᠠ ᠪᠠ ᠲᠤᠷᠰᠢᠯᠭ᠎ᠠ ᠪᠠᠨ ᠬᠠᠷᠢᠯᠴᠠᠨ ᠰᠣᠯᠢᠯᠴᠠᠬᠤ ᠶᠢᠨ ᠬᠠᠮᠲᠤ ︽ᠴᠥᠭᠡᠨ ᠲᠡᠵᠢᠭᠡᠬᠦ᠂ ᠨᠠᠷᠢᠯᠢᠭ ᠲᠡᠵᠢᠭᠡᠬᠦ᠂ ᠲᠥᠪᠯᠡᠷᠡᠭᠦᠯᠦᠨ ᠲᠡᠵᠢᠭᠡᠬᠦ︾ ᠰᠡᠳᠬᠢᠴᠡ ᠶᠣᠰᠣᠭᠠᠷ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠶᠠᠷᠢᠯᠴᠠᠪᠠ᠃      ᠲᠣᠰ ᠤᠳᠠᠭᠠᠨ ᠤ ᠪᠣᠯᠪᠠᠰᠤᠷᠠᠯ   ᠢᠶᠠᠷ ᠳᠡᠮᠵᠢᠨ᠂ ᠬᠤᠶᠢᠰᠢᠳᠠ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠬᠥᠭᠵᠢᠯᠲᠡ ᠳᠤ ᠨᠠᠩ ᠰᠢᠨᠵᠢᠯᠡᠬᠦ ᠤᠬᠠᠭᠠᠨᠴᠢ᠂ ᠰᠢᠰᠲ᠋ᠧᠮ ᠲᠠᠢ ᠣᠨᠣᠯ ᠤᠨ ᠮᠡᠳᠡᠯᠭᠡ ᠬᠠᠩᠭᠠᠵᠤ᠂  ᠬᠡᠷᠰᠡᠩ ᠰᠤᠮᠤ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ  ᠦᠢᠯᠡᠰ ᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠳᠠᠰᠢ  ᠤᠷᠤᠭᠰᠢᠯᠠᠭᠤᠯᠤᠭᠰᠠᠨ ᠪᠠᠶᠢᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号