ᠽᠢ ᠴᠧᠩ ᠵᠡᠭᠡᠯᠢ ᠭᠤᠳᠤᠮᠵᠢ ᠨᠢ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ  ᠪᠤᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/20
       ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠪᠦᠬᠦ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠢ ᠳᠠᠷᠤᠢ ᠲᠦᠷᠭᠡᠨ ᠡᠬᠢᠯᠡᠭᠦᠯᠬᠦ ᠶᠢ ᠰᠠᠶᠢᠳᠤᠷ ᠪᠠᠲᠤᠯᠠᠵᠤ᠂ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ  ᠰᠠᠶᠢᠳᠤᠷ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 16᠎ ᠤ ᠡᠳᠦᠷ ᠠᠴᠠ 18᠎ ᠤ ᠡᠳᠦᠷ ᠪᠣᠯᠲᠠᠯ᠎ᠠ᠂ ᠽᠢ ᠴᠧᠩ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠨᠢ ᠬᠠᠮᠢᠶ᠎ᠠ ᠪᠦᠬᠦᠢ ᠬᠦᠮᠤᠰ ᠤᠨ ᠤᠷᠤᠯᠴᠠᠭ᠎ᠠ ᠲᠠᠢ ᠪᠦᠬᠦ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠪᠠ᠃      ᠪᠣᠯᠪᠠᠰᠤᠷᠠᠯ ᠤᠨ ᠬᠤᠷᠠᠯ ᠨᠢ ᠰᠢᠰᠲ᠋ᠧᠮᠵᠢᠭᠦᠯᠦᠭᠰᠡᠨ ᠮᠡᠳᠡᠯᠭᠡ ᠶᠢᠨ ᠲᠠᠶᠢᠯᠤᠮᠵᠢ ᠪᠠ ᠲᠤᠬᠠᠶ ᠶᠢᠨ ᠲᠠᠯᠠᠪᠠᠶ ᠶᠢᠨ ᠪᠥᠭᠡᠮ ᠬᠦᠴᠢᠯ ᠤᠨ ᠥᠯᠢᠭᠡᠷ ᠠᠪᠬᠤ ᠴᠡᠭ ᠢ ᠲᠤᠬᠠᠶ ᠶᠢᠨ ᠭᠠᠵᠠᠷ ᠎ ᠲᠤ ᠨᠢ ᠪᠠᠶᠢᠴᠠᠭᠠᠨ ᠦᠵᠡᠬᠦ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠶᠠᠪᠤᠭᠳᠠᠵᠤ᠂  ︽ᠽᠢ ᠴᠧᠩ ᠵᠡᠭᠡᠯᠢ ᠭᠤᠳᠤᠮᠵᠢ ᠶᠢᠨ ᠪᠥᠬᠦ ᠬᠥᠮᠦᠰ ᠤᠨ ᠪᠥᠭᠡᠮ ᠬᠦᠴᠢᠯ ᠤᠨ ᠥᠯᠢᠭᠡᠷ ᠠᠪᠬᠤ ᠠᠵᠢᠯ ᠤᠨ ᠭᠠᠷ ᠳᠡᠪᠲᠡᠷ ︵ᠨᠢᠭᠡᠳᠦᠭᠡᠷ ᠬᠡᠪᠯᠡᠯ︶︾᠎ ᠤᠨ ᠲᠣᠭᠤᠷᠢᠨ ᠳᠤ ᠨᠢᠭᠡᠳ ᠨᠢᠭᠡ ᠪᠠᠷ ᠨᠠᠷᠢᠨ ᠲᠠᠶᠢᠯᠤᠮᠵᠢ ᠬᠢᠵᠦ᠂ ᠡᠯ᠎ᠡ ᠭᠤᠭᠴᠣᠭᠠᠨ ᠤ ᠠᠩᠬᠠᠷᠬᠤ  ᠵᠦᠢᠯᠡᠰ ᠲᠤ ᠲᠠᠶᠢᠯᠤᠮᠵᠢ ᠬᠢᠬᠦ ᠶᠢᠨ ᠬᠠᠮᠲᠤ᠂ ᠬᠤᠷᠠᠯ ᠳᠤ ᠣᠷᠣᠯᠴᠠᠭᠰᠠᠳ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号