ᠽᠢ ᠴᠧᠩ ᠵᠡᠭᠡᠯᠢ ᠭᠤᠳᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠢᠭᠤᠳᠬᠠᠬᠤ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2022/5/9
      5 ᠰᠠᠷ᠎ᠠ ᠶᠢᠨ 6 ᠤ ᠡᠳᠦᠷ᠂ ᠽᠢ ᠴᠧᠩ ᠵᠡᠭᠡᠯᠢ ᠭᠤᠳᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠢᠭᠤᠳᠬᠠᠬᠤ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂  ᠭᠤᠳᠤᠮᠵᠢ ᠶᠢᠨ ᠬᠠᠮᠢᠶ᠎ᠠ ᠪᠦᠬᠦᠢ ᠬᠦᠮᠤᠰ ᠪᠣᠯᠪᠠᠰᠤᠷᠠᠯ ᠳᠤ ᠣᠷᠣᠯᠴᠠᠪᠠ᠃       ᠣᠩᠨᠢᠭᠤᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠣᠷᠣᠨ ᠨᠤᠲᠤᠭ ᠤᠨ ᠡᠪᠡᠳᠴᠢᠨ ᠤ ᠰᠠᠯᠠᠭᠠᠨ ᠤ ᠡᠷᠬᠢᠯᠡᠭᠴᠢ ᠰᠥᠩ ᡁᠢ ᠴᠦᠨ ᠪᠥᠭᠡᠮ ᠬᠦᠴᠢᠯ ᠤᠨ ᠥᠯᠢᠭᠡᠷ ᠠᠪᠬᠤ ᠴᠡᠭ ᠤᠨ ᠠᠷᠢᠭᠤᠳᠬᠠᠬᠤ ᠮᠡᠷᠭᠡᠵᠢᠯ ᠤᠨ ᠵᠢᠷᠤᠮᠵᠢᠯ᠂ ᠠᠷᠢᠭᠤᠳᠬᠠᠭᠴᠢ ᠡᠮ ᠨᠠᠶᠢᠷᠠᠭᠤᠯᠬᠤ ᠠᠷᠭ᠎ᠠ ᠵᠢᠴᠢ ᠠᠩᠬᠠᠷᠬᠤ ᠵᠦᠶ᠋ᠯ᠂ ᠪᠥᠭᠡᠮ ᠬᠦᠴᠢᠯ ᠤᠨ ᠥᠯᠢᠭᠡᠷ ᠠᠪᠬᠤ ᠴᠡᠭ ᠤᠨ ᠠᠷᠢᠭᠤᠳᠬᠠᠬᠤ ᠱᠠᠭᠠᠷᠳᠠᠯᠭ᠎ᠠ᠂ ᠠᠷᠢᠭᠤᠳᠬᠠᠬᠤ ᠶᠠᠪᠤᠴᠠ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠪᠠ᠃         ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠠᠷᠢᠭᠤᠳᠬᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢᠨ ᠲᠦᠪᠰᠢᠨ ᠪᠠ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠨ ᠠᠷᠢᠭᠤᠳᠬᠠᠬᠤ ᠪᠠᠴᠢᠮ ᠪᠠᠶᠢᠳᠠᠯ ᠢ ᠠᠷᠭᠠᠴᠠᠭᠠᠨ  ᠰᠢᠢᠳᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号