ᠰᠢᠨᠡᠰᠦ᠋ᠮ᠎ᠠ ᠰᠤᠮᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/5/9
        ᠰᠢᠨᠡᠰᠦ᠋ᠮ᠎ᠠ ᠰᠤᠮᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ  ᠦᠢᠯᠡᠰ ᠤᠨ ᠲᠦᠷᠭᠡᠨ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠠᠮᠤᠭ ᠤᠨ ᠰᠢᠨ᠎ᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠢ ᠴᠠᠭ ᠲᠤᠬᠠᠶ  ᠳᠤ ᠨᠢ ᠡᠵᠡᠮᠰᠢᠵᠤ᠂ ᠰᠤᠮᠤᠨ ᠤ ᠪᠦᠬᠦᠯᠢ ᠴᠣᠭᠴᠠ ᠶᠢᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ᠂ ᠰᠢᠨᠡᠰᠦ᠋ᠮ᠎ᠠ ᠰᠤᠮᠤ ᠶᠢᠨ ᠬᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠶ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠣᠷᠭᠢᠯ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ ᠸᠠᠩ ᠴᠦᠨ ᠵᠢᠶᠧ ᠶᠢ ᠤᠷᠢᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠤᠨ ᠶᠡᠭᠡ ᠬᠤᠷᠠᠯ ᠥᠷᠨᠢᠭᠦᠯᠪᠡ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠲᠠᠷᠢᠶᠠᠯᠠᠩ ᠤᠨ ᠥᠷᠲᠡᠭᠡ᠂ ᠮᠠᠯ ᠠᠵᠤ ᠠᠬᠤᠢ ᠶᠢᠨ ᠥᠷᠲᠡᠭᠡ ᠶᠢᠨ ᠪᠦᠬᠦ ᠺᠠᠳ᠋ᠷ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠮᠠᠯ ᠠᠵᠤ ᠠᠬᠤᠢ ᠶᠢᠨ ᠲᠣᠮᠣ ᠡᠷᠦᠬᠡ ᠶᠢᠨ  ᠲᠦᠯᠦᠬᠡᠯᠡᠭᠴᠢᠳ ᠪᠣᠯᠪᠠᠰᠤᠷᠠᠯ ᠳᠤ ᠣᠷᠣᠯᠴᠠᠪᠠ᠃        ᠪᠣᠯᠪᠠᠰᠤᠷᠠᠯ ᠤᠨ ᠬᠤᠷᠠᠯ ᠳᠡᠭᠡᠷ᠎ᠡ᠂  ᠬᠤᠰᠢᠭᠤᠨ ᠤ ᠵᠠᠰᠠᠭ ᠤᠨ ᠤᠷᠳᠤᠨ ᠤ ᠲᠡᠳ᠋ ᠳᠠᠷᠤᠭ᠎ᠠ  ᠰᠦᠶ᠎ᠠ ᠬᠢᠴᠢᠶᠡᠯ ᠡᠬᠢᠯᠡᠬᠦ ᠶᠠᠷᠢᠶ᠎ᠠ ᠲᠠᠯᠪᠢᠭᠰᠠᠨ ᠪᠥᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠡ᠃  ᠤᠷᠬᠢᠯ ᠠᠴᠠ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠲᠠᠢ ᠪᠠᠷ ᠲᠡᠵᠢᠭᠡᠨ ᠦᠷᠡᠵᠢᠭᠦᠯᠬᠦ ᠰᠠᠭᠤᠷᠢ ᠴᠢᠳᠠᠪᠤᠷᠢ ᠪᠠ ᠲᠤᠰᠬᠠᠢ ᠲᠥᠷᠥᠯ ᠤᠨ ᠴᠢᠳᠠᠪᠤᠷᠢ ᠳᠤ ᠪᠣᠯᠪᠠᠰᠤᠷᠠᠯ ᠬᠢᠵᠦ᠂ ᠳᠥᠭᠦᠮ ᠣᠶᠢᠯᠠᠭᠠᠮᠵᠢᠲᠠᠢ ᠦᠭᠡ ᠬᠡᠯᠡ ᠂ ᠠᠮᠢᠳᠤᠯᠢᠭ ᠪᠣᠳᠠᠲᠠᠢ ᠵᠢᠱᠢᠶ᠎ᠡ ᠪᠠᠷ ᠲᠡᠵᠢᠭᠡᠨ ᠦᠷᠡᠵᠢᠭᠦᠯᠬᠦ ᠡᠷᠦᠬᠡ ᠳᠤ  ᠲᠠᠶᠢᠯᠪᠤᠷᠢᠯᠡᠯᠲᠠ ᠬᠢᠵᠤ᠂ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠣᠨᠣᠯ ᠤᠨ ᠮᠡᠳᠡᠯᠭᠡ ᠶᠢ ᠠᠮᠠᠷᠬᠠᠨ ᠡᠵᠡᠮᠰᠢᠭᠦᠯᠬᠦ ᠶᠢᠨ ᠬᠠᠮᠲᠤ ᠪᠣᠳᠠᠲᠠᠢ ᠲᠠᠢ ᠨᠢᠭᠲᠠ  ᠤᠶᠠᠯᠳᠤᠭᠤᠯᠤᠭᠰᠠᠨ ᠪᠠᠶᠢᠨ᠎ᠠ᠃ ᠸᠠᠩ ᠴᠦᠨ ᠵᠢᠶᠧ   ᠠᠴᠠ ᠲᠤᠬᠠᠶ ᠶᠢᠨ ᠲᠠᠯᠠᠪᠠᠶ ᠳᠤ ᠲᠡᠵᠢᠭᠡᠨ ᠦᠷᠡᠵᠢᠭᠦᠯᠬᠦ ᠡᠷᠦᠬᠡ ᠶᠢᠨ ᠮᠡᠷᠭᠡᠵᠢᠯ ᠤᠨ ᠯᠠᠪᠯᠠᠭ᠎ᠠ ᠶᠢ ᠭᠥᠯᠢᠶᠡᠨ ᠠᠪᠴᠤ᠂ ᠲᠡᠳᠡᠨ ᠤ ᠳᠤᠷᠠᠳᠤᠭᠰᠠᠨ ᠪᠣᠳᠠᠲᠠᠶ ᠠᠰᠠᠭᠤᠯᠲᠠ  ᠳᠤ ᠬᠠᠷᠢᠭᠤᠯᠲᠠ ᠦᠭᠪᠠ᠃        ᠲᠣᠰ ᠤᠳᠠᠭᠠᠨ ᠤ ᠮᠡᠷᠭᠡᠵᠢᠯ ᠤᠨ ᠪᠣᠯᠪᠠᠰᠤᠷᠠᠭᠤᠯᠤᠯ ᠨᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠬᠦᠴᠦᠯᠡᠬᠦ ᠴᠡᠭ ᠪᠣᠯᠭᠠᠵᠤ᠂ ᠲᠡᠵᠢᠭᠡᠨ ᠦᠷᠡᠵᠢᠭᠦᠯᠬᠦ ᠡᠷᠦᠬᠡ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠠᠪᠤᠴᠠ ᠳᠤ ᠲᠤᠯᠭᠠᠷᠠᠭᠰᠠᠨ ᠮᠡᠷᠭᠡᠵᠢᠯ ᠤᠨ ᠠᠰᠠᠭᠤᠳᠠᠯ ᠢ ᠰᠢᠢᠳᠪᠤᠷᠢᠯᠡᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠢᠲᠡᠭᠡᠯ ᠵᠣᠷᠢᠭ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠰᠢᠨᠡᠰᠦ᠋ᠮ᠎ᠠ ᠰᠤᠮᠤ ᠶᠢᠨ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ᠂ ᠲᠡᠵᠢᠭᠡᠨ ᠦᠷᠡᠵᠢᠭᠦᠯᠬᠦ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ᠂ ᠠᠯᠠᠰᠢᠨ ᠦᠬᠡᠷ ᠤᠨ ᠠᠵᠤ  ᠦᠢᠯᠡᠰ ᠢ ᠪᠠᠶᠠᠵᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ ᠰᠢᠨᠡᠰᠦ᠋ᠮ᠎ᠠ ᠰᠤᠮᠤ ᠶᠢᠨ ᠮᠠᠯᠴᠢᠨ ᠲᠠᠷᠢᠶᠠᠴᠢᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠢᠷᠢ ᠲᠦᠪᠰᠢᠨ ᠪᠠ ᠮᠠᠯ ᠠᠵᠤ ᠠᠬᠤᠶ ᠶᠢᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠬᠢᠭᠤᠯᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号