ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠲᠤ ᠠᠭᠤᠰᠬᠢᠨ ᠦᠷᠪᠢᠰᠤᠯ ᠤᠨ ᠡᠪᠡᠳᠴᠢᠲᠠᠨ  ᠲᠠᠢ ᠨᠢᠭᠲᠠ ᠤᠶᠢᠷᠠᠳᠤᠭᠰᠠᠳ ᠲᠠᠢ ᠤᠶᠢᠷᠠᠳᠤᠭᠴᠢ ᠶᠢ ᠡᠷᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/6/11
      2022 ᠣᠨ ᠤ 6 ᠰᠠᠷ᠎ᠠ ᠶᠢᠨ 10 ᠤ ᠡᠳᠦᠷ᠂ ᠣᠩᠨᠢᠭᠤᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠶᠤᠸᠠᠨ ᠪᠦᠦ ᠱᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠤᠨ ᠪᠣᠷᠣᠬᠤᠲᠠ ᠪᠠᠯᠭᠠᠰᠤᠨ ᠤ ᠠᠵᠢᠯᠯᠠᠭ᠎ᠠ ᠶᠢᠨ ᠤᠯᠠ ᠮᠥᠷ ᠢ ᠬᠠᠮᠵᠢᠨ ᠪᠠᠶᠢᠴᠠᠭᠠᠬᠤ ᠦᠶ᠎ᠡ ᠳᠤ ᠣᠯᠵᠤ  ᠮᠡᠳᠡᠭᠰᠡᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠠᠷᠭ᠎ᠠ ᠴᠢᠨᠠᠷᠲᠠᠶ ᠡᠪᠡᠳᠴᠢᠲᠡᠨ ᠲᠠᠢ ᠨᠢᠭᠲᠠ  ᠤᠶᠢᠷᠠᠳᠤᠭᠴᠢ 6 ᠰᠠᠷ᠎ᠠ ᠶᠢᠨ 5 ᠤ ᠡᠳᠦᠷ ᠤᠨ 18 ᠴᠠᠭ 40 ᠮᠢᠨᠦ᠋ᠲ ᠠᠴᠠ 19 ᠴᠠᠭ 20 ᠮᠢᠨᠦ᠋ᠲ ᠤᠨ ᠬᠤᠭᠤᠷᠣᠨᠳᠣ ᠪᠣᠷᠣᠬᠤᠲᠠ ᠶᠢᠨ ᠭᠤᠱᠤᠭᠤᠨ ᠬᠤᠰᠢᠭᠤᠲᠤ ᠨᠤᠭᠤᠰᠤ ︵ᠯᠠ ᠽᠦᠢ ᠶᠠ︶ ᠴᠢᠤᠸᠠᠨ ᠨᠢᠩ ᠵᠠᠮ ᠤᠨ ᠬᠤᠭᠤᠯᠠᠨ ᠬᠡᠷ ᠲᠤ ᠬᠤᠭᠤᠯᠠ ᠢᠳᠡᠭᠰᠡᠨ ᠢ ᠣᠯᠵᠤ ᠮᠡᠳᠡᠵᠡᠶ᠃ ᠣᠲᠣ ᠲᠣᠰ ᠨᠢᠭᠲᠠ ᠤᠶᠢᠷᠠᠳᠤᠭᠴᠢ ᠲᠠᠢ ᠭᠤᠱᠤᠭᠤᠨ ᠬᠤᠰᠢᠭᠤᠲᠤ ᠨᠤᠭᠤᠰᠤ ︵ᠯᠠ ᠽᠦᠢ ᠶᠠ︶ ᠬᠤᠭᠤᠯᠠᠨ ᠭᠡᠷ   ᠤᠨ ᠵᠡᠷᠭᠡᠯᠡᠳᠡᠭᠡ ᠰᠢᠷᠡᠭᠡ ︵ᠳᠡᠯᠭᠡᠭᠦᠷ ᠲᠤ ᠣᠷᠣᠬᠤ ᠡᠭᠦᠳᠡᠨ ᠤ ᠵᠡᠭᠦᠨ ᠲᠠᠯ᠎ᠠ ᠶᠢᠨ ᠭᠤᠷᠪᠠᠳᠤᠭᠠᠷ ᠰᠢᠷᠡᠭᠡ︶ ᠳᠤ ᠬᠤᠭᠤᠯᠠ ᠢᠳᠡᠵᠦ ᠪᠠᠶᠢᠭ᠎ᠠ ᠡᠷᠡᠭᠲᠡᠶ ᠶᠢ ᠨᠢᠭᠲᠠ ᠤᠶᠢᠷᠠᠳᠤᠭᠰᠠᠳ ᠲᠠᠢ ᠤᠶᠢᠷᠠᠳᠤᠭᠴᠢ ᠪᠠᠷ ᠮᠠᠭᠠᠳᠯᠠᠨ  ᠲᠤᠭᠳᠠᠭᠠᠪᠠ᠃ ᠲᠣᠰ ᠡᠷᠡᠭᠲᠡᠶ 40 ᠨᠠᠰᠤᠨ ᠤ ᠣᠷᠴᠢᠮ᠂ ᠬᠠᠷ᠎ᠠ ᠥᠩᠭᠡ ᠲᠠᠢ ᠬᠦᠷᠮ᠎ᠡ᠂ ᠬᠥᠬᠡ ᠥᠩᠭᠡ ᠲᠠᠢ ᠵᠢᠨᠰᠠᠨ ᠥᠮᠥᠳᠥ ᠡᠮᠦᠰᠴᠦ᠂ 6 ᠰᠠᠷ᠎ᠠ ᠶᠢᠨ 5 ᠤ ᠡᠳᠦᠷ ᠤᠨ 18 ᠴᠠᠭ 13 ᠮᠢᠨᠦ᠋ᠲ ᠤᠨ ᠦᠶ᠎ᠡ ᠪᠠᠷ ᠳᠡᠯᠭᠡᠭᠦᠷ ᠲᠤ ᠣᠷᠣᠵᠤ᠂ 19 ᠴᠠᠭ 10 ᠮᠢᠨᠦ᠋ᠲ ᠤᠨ ᠦᠶ᠎ᠡ ᠪᠠᠷ ᠳᠡᠯᠭᠡᠭᠦᠷ ᠠᠴᠠ ᠰᠠᠯᠤᠭᠰᠠᠨ ᠪᠠᠶᠢᠨ᠎ᠠ᠃        ᠲᠣᠰ  ᠬᠦᠮᠤᠨ ᠵᠠᠷᠯᠠᠯ ᠢ ᠦᠵᠡᠭᠰᠡᠨ ᠤ ᠳᠠᠷᠠᠭ᠎ᠠ ᠣᠩᠨᠢᠭᠤᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠳᠠᠷᠤᠶ ᠲᠦᠷᠭᠡᠨ ᠮᠡᠳᠡᠭᠦᠯᠬᠦ ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠯᠲᠠ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠠᠷᠠᠶ᠃ ᠬᠡᠷᠪᠡ ᠮᠡᠳᠡᠭᠦᠯᠬᠦ ᠦᠭᠡᠢ ᠨᠢᠭᠤᠬᠤ᠂ ᠤᠳᠠᠭᠠᠰᠢᠷᠠᠭᠤᠯᠤᠨ  ᠮᠡᠳᠡᠬᠦᠯᠪᠠᠯ ᠬᠠᠤᠯᠢ ᠶᠣᠰᠣᠭᠠᠷ  ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ᠣᠩᠨᠢᠭᠤᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄    04766328094              ᠤᠩᠨᠢᠭᠤᠳ ᠬᠤᠰᠢᠭᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠤᠨ              ᠬᠠᠯᠳᠠᠪᠤᠷᠢᠲᠤ ᠠᠭᠤᠰᠬᠢᠨ ᠦᠷᠪᠢᠰᠤᠯ ᠢ ᠰᠡᠷᠬᠡᠶᠢᠯᠡᠨ ᠬᠢᠵᠡᠭᠠᠷᠯᠠᠬᠤ ᠠᠵᠢᠯ ᠤᠨ              ᠵᠢᠯᠤᠭᠤᠳᠬᠤ ᠭᠠᠵᠠᠷ                                          2022 ᠤᠨ ᠤ 6 ᠰᠠᠷ᠎ᠠ ᠶᠢᠨ 11 ᠤ ᠡᠳᠤᠷ
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号