ᠭᠡᠷᠰᠡᠩ ᠰᠤᠮᠤ ᠶᠢᠨ ᠭᠤᠤᠯ ᠪᠠᠭ᠎ᠠ ᠰᠤᠷᠭᠠᠭᠤᠯᠢ ᠪᠣᠯᠤᠨ ᠣᠩᠨᠢᠭᠤᠳ ᠬᠤᠰᠢᠭᠤᠨ ᠤ ᠴᠢᠰᠤᠨ ᠡᠭᠡᠳᠡᠩ ᠬᠠᠨᠳᠢᠪᠯᠠᠬᠤ ᠲᠥᠪ ᠨᠡᠶᠢᠲᠠ ᠶᠢᠨ ᠠᠰᠠᠷᠠᠮᠵᠢ ᠶᠢᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/9
   6 ᠰᠠᠷ᠎ᠠ ᠶᠢᠨ 7 ᠤ ᠡᠳᠦᠷ᠂  ᠭᠡᠷᠰᠡᠩ ᠰᠤᠮᠤ ᠶᠢᠨ ᠭᠤᠤᠯ ᠪᠠᠭ᠎ᠠ ᠰᠤᠷᠭᠠᠭᠤᠯᠢ ᠶᠢᠨ ᠪᠠᠭᠰᠢ ᠨᠠᠷ ᠣᠩᠨᠢᠭᠤᠳ ᠬᠤᠰᠢᠭᠤᠨ ᠤ ᠴᠢᠰᠤᠨ ᠡᠭᠡᠳᠡᠩ ᠬᠠᠨᠳᠢᠪᠯᠠᠬᠤ ᠲᠥᠪ ᠲᠤ ᠬᠦᠷᠴᠦ ᠨᠡᠶᠢᠲᠡ ᠶᠢᠨ ᠠᠰᠠᠷᠠᠮᠵᠢ ᠶᠢᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃ ᠣᠩᠨᠢᠭᠤᠳ ᠬᠤᠰᠢᠭᠤᠨ ᠤ ᠴᠢᠰᠤᠨ ᠡᠭᠡᠳᠡᠩ ᠬᠠᠨᠳᠢᠪᠯᠠᠬᠤ ᠲᠥᠪ ᠤᠨ ᠠᠵᠢᠯᠲᠠᠨ ᠠᠴᠠ ᠪᠠᠭᠰᠢ ᠨᠠᠷ ᠲᠤ ᠴᠢᠰᠤᠨ ᠡᠭᠡᠳᠡᠩ ᠤᠨ ᠴᠢᠬᠤᠯᠠ ᠶᠡᠭᠡ ᠠᠴᠢ ᠬᠤᠯᠪᠣᠭᠳᠠᠯ᠂ ᠴᠢᠰᠤᠨ ᠡᠭᠡᠳᠡᠩ ᠤᠨ ᠪᠦᠲᠦᠭᠡᠭᠳᠡᠬᠦᠨ ᠤ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ ᠳᠤᠮᠳᠠᠬᠢ ᠬᠡᠷᠡᠭᠯᠡᠯᠲᠡ ᠪᠠ ᠴᠢᠰᠤᠨ ᠤ ᠡᠷᠡᠭᠦᠯ ᠮᠡᠨᠳᠦ ᠶᠢᠨ ᠮᠡᠳᠡᠯᠭᠡ ᠶᠢ ᠲᠠᠶᠢᠯᠪᠤᠷᠢᠯᠠᠵᠤ ᠥᠭᠬᠦ ᠶᠢᠨ ᠬᠠᠮᠲᠤ ᠪᠠᠭᠰᠢ ᠨᠠᠷ ᠲᠤ ᠦᠨ᠎ᠡ ᠲᠥᠯᠥᠪᠦᠷᠢ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ  ᠦᠭᠪᠠ᠃    ᠣᠶᠢᠯᠠᠭᠠᠭᠰᠠᠨ ᠢᠶᠠᠷ᠂ ᠣᠩᠨᠢᠭᠤᠳ ᠬᠤᠰᠢᠭᠤᠨ ᠤ ᠴᠢᠰᠤᠨ ᠡᠭᠡᠳᠡᠩ ᠬᠠᠨᠳᠢᠪᠯᠠᠬᠤ ᠲᠥᠪ ᠪᠠᠰᠠ ᠭᠡᠷᠰᠡᠩ ᠰᠤᠮᠤ ᠶᠢᠨ ᠤᠯᠠᠭᠠᠨ ᠲᠤᠭ ᠬᠡᠦᠬᠡᠳ ᠤᠨ ᠴᠡᠴᠡᠷᠯᠢᠭ ᠲᠤ ᠬᠤᠶᠠᠷ ᠲᠦᠮᠡ ᠭᠠᠷᠤᠶ ᠲᠥᠭᠦᠷᠢᠭ ᠤᠨ ᠥᠷᠲᠡᠭ ᠪᠦᠬᠦᠢ ᠵᠢᠭᠠᠨ ᠰᠤᠷᠭᠠᠯᠲᠠ ᠶᠢᠨ ᠲᠥᠬᠦᠭᠡᠷᠦᠮᠵᠢ ᠬᠠᠨᠳᠢᠪᠯᠠᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号