| ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠤᠨ ᠦᠢᠯᠡᠳᠪᠤᠷᠢᠯᠡᠯ ᠤᠨ ᠪᠠᠶᠢᠳᠠᠯ ᠢ ᠴᠠᠭ ᠲᠤᠬᠠᠶ | ᠳᠤ ᠨᠢ ᠣᠶᠢᠯᠠᠭᠠᠵᠤ᠂ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ 7 ᠰᠠᠷ᠎ᠠ ᠶᠢᠨ 8 ᠤ ᠡᠳᠦᠷ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠠᠷᠠᠠᠬᠦᠤ ᠪᠦᠯᠬᠦᠮ ᠳᠠᠭᠠᠭᠤᠯᠤᠨ | ᠤᠯᠠᠭᠠᠨᠬᠠᠳᠠ ᠬᠤᠲᠠ ᠶᠢᠨ ᡁᠢ ᠱᠧᠩ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠬᠦᠷᠴᠦ ᠰᠤᠳᠤᠯᠤᠯᠲᠠ ᠬᠢᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠣᠰ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠤᠷᠢᠯᠡᠯ ᠡᠵᠡᠩᠨᠡᠯᠲᠡ᠂ ᠠᠵᠤ ᠦᠢᠯᠡᠰ ᠤᠨ | ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠵᠡᠷᠭᠡ ᠲᠠᠯ᠎ᠠ ᠶᠢᠨ | ᠪᠠᠶᠢᠳᠠᠯ ᠢ ᠣᠶᠢᠯᠠᠭᠠᠭᠰᠠᠨ ᠪᠥᠭᠡᠳ ᠲᠡᠳᠡᠨ ᠢ ᠡᠯ᠎ᠡ ᠵᠦᠢᠯ ᠤᠨ ᠦᠢᠯᠡᠳᠪᠤᠷᠢᠯᠡᠯ ᠡᠵᠡᠩᠨᠡᠯᠲᠡ ᠶᠢᠨ ᠠᠵᠢᠯ ᠪᠣᠯᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤ ᠨᠢ | ᠬᠠᠷᠠᠭᠠᠯᠵᠠᠵᠤ ᠰᠠᠶᠢᠲᠤᠷ ᠬᠢᠵᠦ᠂ ᠠᠵᠤ ᠠᠬᠤᠶᠢᠯᠠᠯ ᠤᠨ ᠬᠡᠪ ᠤᠨ ᠠᠵᠢᠯᠯᠠᠭᠠᠨ ᠪᠣᠯᠤᠨ ᠠᠵᠢᠯ ᠤᠨ ᠡᠮᠬᠢ | ᠵᠢᠷᠤᠮ ᠲᠠᠢ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠵᠠᠬᠢᠪᠠ᠃ ᠡᠭᠦᠨ ᠤ ᠬᠠᠮᠲᠤ᠂ ᠠᠵᠤ | ᠠᠬᠤᠶᠢᠯᠠᠯ ᠤᠨ ᠬᠢᠨ ᠨᠢ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠵᠤ | ᠂ ᠦᠨᠳᠦᠰᠦᠲᠡᠨ ᠤ ᠠᠷᠠᠯᠵᠢᠶ᠎ᠠ ᠠᠷᠠᠳ ᠤᠨ ᠬᠡᠷᠡᠭᠯᠡᠭᠡᠨ ᠤ ᠵᠦᠢᠯ ᠤᠨ ᠬᠠᠷᠠᠭᠠᠯᠵᠠᠯᠲᠤ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠬᠦᠢᠴᠡᠳ ᠠᠰᠢᠭᠯᠠᠨ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ᠂ ᠨᠡᠶᠢᠭᠡᠮ ᠤᠨ | ᠲᠣᠭᠲᠠᠭᠤᠨ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠭᠰᠡᠨ ᠪᠠᠶᠢᠨ᠎ᠠ᠃ |