ᠣᠩᠨᠢᠭᠤᠳ ᠮᠣᠩᠭᠤᠯ ᠦᠨᠳᠦᠰᠦᠲᠡᠨ ᠤ ᠬᠤᠷᠢᠮ ᠤᠨ ᠶᠣᠰᠣᠯᠠᠯ ᠤᠨ ᠪᠠᠷᠢᠮᠲᠠᠲᠤ ᠺᠢᠨᠤ᠋ ᠶᠢᠨ ᠮᠠᠰᠢᠨ ᠰᠡᠬᠦᠬᠦ ᠶᠤᠰᠤᠯᠠᠯ ᠪᠤᠷᠤᠬᠤᠲᠠ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2022/7/20
        ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠴᠢᠩᠭᠠᠳᠬᠠᠬᠤ ᠶᠢᠨ ᠲᠥᠯᠥᠭᠡ᠂ 7 ᠰᠠᠷ᠎ᠠ ᠶᠢᠨ 18 ᠤ ᠡᠳᠦᠷ᠂ ᠣᠩᠨᠢᠭᠤᠳ ᠮᠣᠩᠭᠤᠯ ᠦᠨᠳᠦᠰᠦᠲᠡᠨ ᠤ ᠬᠤᠷᠢᠮ ᠤᠨ ᠶᠣᠰᠣᠯᠠᠯ ᠤᠨ ᠪᠠᠷᠢᠮᠲᠠᠲᠤ ᠺᠢᠨᠤ᠋ ᠶᠢᠨ ᠡᠬᠢᠯᠡᠯᠲᠡ ᠶᠢᠨ ᠶᠣᠰᠣᠯᠠᠯ ᠪᠤᠷᠤᠬᠤᠲᠠ ᠶᠢᠨ ᠷᠠᠰᠢᠶᠠᠨ ᠭᠠᠴᠠᠭ᠎ᠠ ᠳᠤ ᠶᠠᠪᠤᠭᠳᠠᠪᠠ᠃ ᠬᠥᠭᠵᠢᠯᠲᠦ᠂ ᠤᠳᠤᠨᠴᠢᠮᠡᠭ᠂ ᠭᠤᠤ ᠶᠦᠩ ᠡᠦ᠂ ᠴᠠᠭᠠᠨᠪᠠᠭᠠᠲᠤᠷ᠂ ᠰᠠᠶᠢᠨᠪᠠᠲᠤ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃        ︽ᠣᠩᠨᠢᠭᠤᠳ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠷᠢᠮ ᠤᠨ ᠪᠠᠷᠢᠮᠲᠠᠲᠤ ᠺᠢᠨᠣ᠋︾ ᠨᠢ ᠣᠩᠨᠢᠭᠤᠳ ᠦᠨᠳᠦᠰᠦᠲᠡᠨ ᠤ ᠵᠠᠩ ᠦᠢᠯᠡ ᠪᠣᠯᠤᠨ ᠤᠯᠠᠮᠵᠢᠯᠠᠯᠲᠤ ᠬᠤᠷᠢᠮ ᠤᠨ ᠰᠣᠶᠣᠯ ᠢ ᠳᠦᠷᠰᠦ ᠰᠢᠩᠭᠡᠭᠡᠯᠲᠡ ᠪᠠᠷ ᠳᠠᠮᠵᠢᠭᠤᠯᠤᠨ ᠠᠮᠢᠳᠤᠯᠢᠭ ᠢᠶᠠᠷ ᠳᠡᠯᠭᠡᠨ ᠦᠵᠡᠭᠦᠯᠵᠦ᠂ ᠲᠤᠬᠠᠢ ᠶᠢᠨ ᠭᠠᠵᠠᠷ ᠤᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠬᠤᠷᠢᠮ ᠤᠨ ᠵᠠᠩ ᠦᠢᠯᠡ ᠶᠢᠨ ᠪᠦᠷᠢᠯᠳᠦᠯ᠂ ᠬᠥᠭᠵᠢᠯᠲᠡ ᠪᠣᠯᠤᠨ ᠤᠯᠠᠮᠵᠢᠯᠠᠯ ᠵᠡᠷᠭᠡ ᠶᠢ ᠦᠨᠡᠨ ᠪᠣᠳᠠᠲᠠᠢ ᠪᠠᠷ ᠳᠠᠬᠢᠨ ᠢᠯᠡᠷᠡᠭᠦᠯᠦᠭᠰᠡᠨ ᠪᠥᠭᠡᠳ ᠲᠤᠰ ᠺᠢᠨᠣ᠋ ᠪᠠᠷ ᠳᠠᠮᠵᠢᠭᠤᠯᠤᠨ ᠣᠩᠨᠢᠭᠤᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠪᠣᠯᠤᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠵᠦ ᠣᠯᠤᠭᠰᠠᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠡᠢ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号