ᠸᠠᠩ ᠸᠠᠩ ᠱᠧᠩ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/16
              8 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠭᠤᠤᠯᠳᠠᠯᠭ᠎ᠠ ᠲᠠᠢ ᠠᠵᠢᠯ ᠤᠨ ᠲᠤᠬᠠᠶ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ︽ᠲᠠᠪᠤᠨ ᠶᠡᠭᠡ ᠡᠬᠢᠯᠡᠯᠲᠡ︾ ᠶᠢᠨ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠮᠠᠨ ᠤ ᠬᠤᠳᠠ ᠶᠢᠨ ᠲᠠᠪᠤᠨ ᠨᠠᠶᠢᠳᠠᠪᠤᠷᠢᠵᠢᠭᠤᠯᠬᠤ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠵᠣᠷᠢᠭ ᠰᠢᠭᠤᠳᠴᠤ ᠬᠦᠴᠦᠲᠡᠢ ᠠᠬᠢᠭᠤᠯᠵᠤ᠂ ᠡᠯ᠎ᠡ ᠵᠦᠢᠯ ᠤᠨ ᠠᠵᠢᠯ ᠤᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯᠯᠠᠭᠠᠨ ᠤ ᠲᠣᠭᠲᠠᠴᠠ ᠶᠢ ᠲᠦᠷᠭᠡᠨ ᠰᠢᠯᠤᠭᠤᠳᠬᠠᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠢᠯᠲᠠᠨ ᠤ ᠬᠦᠴᠦᠨ ᠢ ᠭᠦᠢᠴᠡᠳ ᠳᠣᠭᠢᠷᠠᠭᠤᠯᠵᠤ᠂ ᠬᠠᠯᠠᠮᠰᠢᠯ ᠤᠲᠠᠰᠤᠨ ᠤ ᠬᠠᠭᠤᠳᠠᠰᠤ ᠳᠠᠭᠠᠭᠠᠯᠭᠠᠨ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠬᠠᠨᠤᠮᠵᠢᠲᠠᠶ ᠶᠢᠨ ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠱᠠᠭᠠᠷᠳᠠᠨ ᠬᠦᠢᠴᠡᠳᠬᠡᠬᠦ ᠪᠠ ᠰᠢᠯᠭᠠᠨ ᠬᠢᠨᠠᠬᠤ ᠶᠢ ᠴᠢᠩᠭᠠᠳᠬᠠᠵᠤ᠂ ᠬᠠᠯᠠᠮᠰᠢᠯ ᠤᠲᠠᠰᠤ ᠶᠢᠨ ᠠᠵᠢᠯᠯᠠᠭᠠᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠠᠵᠤ ᠠᠬᠤᠢ ᠶᠢᠨ ᠠᠵᠢᠯᠯᠠᠭᠠᠨ ᠤ ᠳᠤᠬᠢᠷᠠᠭᠤᠯᠤᠯᠳᠠ ᠶᠢ ᠦᠨᠡᠨᠬᠦ ᠴᠢᠩᠭᠠᠳᠬᠠᠵᠤ᠂ ᠪᠠᠷᠢᠮᠵᠢᠶ᠎ᠠ ᠲᠥᠰᠦᠪ ᠲᠠᠢ ᠬᠠᠷᠭᠤᠭᠤᠯᠵᠤ᠂ ᠬᠠᠷᠠᠯᠲᠠ ᠤᠷᠤᠭᠤ ᠪᠠᠨ ᠬᠦᠴᠦᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡ ᠡᠭᠦᠷᠭᠡᠯᠡᠵᠦ᠂ ᠭᠦᠢᠴᠡᠳᠬᠡᠯ ᠲᠤᠭ᠎ᠠ ᠬᠤᠪᠢᠳᠠᠵᠤ᠂ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠪᠦᠬᠦ ᠵᠢᠯ ᠤᠨ ᠲᠣᠭᠲᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠠᠵᠤ ᠠᠬᠤᠢ ᠶᠢᠨ ᠠᠵᠢᠯᠯᠠᠭᠠᠨ ᠤ ᠵᠣᠬᠢᠰᠲᠠᠢ ᠣᠷᠣᠨ ᠵᠠᠢ ᠳᠤ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠰᠦ ᠶᠢᠨ ᠢᠷᠡᠯᠲᠡ ᠶᠢᠨ ᠰᠠᠭᠤᠷᠢᠨ ᠤ ᠪᠦᠳᠦᠬᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠨᠢᠭᠡ ᠪᠦᠯᠦᠭ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠲᠥᠯᠥᠪᠵᠢᠭᠦᠯᠵᠦ᠂ ᠪᠦᠳᠦᠬᠡᠨ ᠪᠠᠶᠢᠭᠤᠯᠬᠤ ᠶᠢ ᠱᠠᠭᠠᠷᠳᠠᠨ ᠠᠬᠢᠭᠤᠯᠵᠤ᠂ ᠲᠤᠰᠬᠠᠢ ᠠᠩᠬᠢ ᠪᠠᠷ ᠲᠦᠷᠦᠯ ᠵᠦᠢᠯ ᠢ ᠠᠬᠢᠭᠤᠯᠵᠤ᠂ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠦᠷᠢᠶ᠎ᠡ ᠪᠠᠨ ᠨᠠᠷᠢᠨ ᠬᠢᠨᠠᠮᠠᠭᠠᠢ ᠬᠢᠨᠠᠨ ᠡᠷᠢᠵᠦ᠂ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠶᠠᠰᠤ ᠴᠢᠨᠠᠷ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠭᠠᠳᠠᠨ᠎ᠠ ᠠᠴᠠ ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠬᠦ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠲᠥᠪᠯᠡᠷᠡᠭᠦᠯᠦᠨ ᠲᠤᠰᠠᠭᠠᠷᠯᠠᠬᠤ ᠴᠡᠭ ᠤᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠢᠯ ᠤᠨ ᠰᠤᠷᠲᠠᠯ ᠢᠶᠠᠨ ᠴᠢᠨᠠᠭᠰᠢᠳᠠ ᠬᠤᠪᠢᠷᠠᠭᠤᠯᠵᠤ᠂ ᠠᠵᠢᠯ ᠶᠠᠪᠤᠳᠠᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠷᠳᠡᠨ ᠰᠢᠢᠳᠪᠦᠷᠢᠯᠡᠬᠦ ᠪᠠᠨ ᠴᠢᠩᠭᠠᠳᠬᠠᠵᠤ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ ᠠᠵᠢᠯ ᠤᠨ ᠰᠠᠨᠠᠭᠠᠴᠢᠯᠠᠭᠠᠲᠤ ᠴᠢᠨᠠᠷ᠂ ᠤᠷᠢᠳᠤᠴᠢ ᠴᠢᠨᠠᠷ ᠂ ᠠᠵᠢᠯ ᠤᠨ ᠭᠦᠢᠴᠡᠳᠬᠡᠬᠦ ᠴᠢᠳᠠᠪᠤᠷᠢ ᠪᠣᠯᠤᠨ ᠨᠠᠶᠢᠳᠠᠪᠤᠷᠢᠵᠢᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠲᠦᠷᠦᠯ ᠵᠦᠢᠯ ᠢ ᠲᠥᠯᠥᠪᠵᠢᠭᠦᠯᠬᠦ᠂ ᠠᠷᠠᠯᠵᠢᠶᠠᠴᠢᠨ ᠤᠷᠢᠵᠤ ᠪᠡᠯᠡ ᠲᠠᠲᠠᠬᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠠᠷᠪᠢᠲᠠᠢ ᠡᠷᠴᠢᠮᠯᠢᠭ ᠠᠰᠢᠭᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠠᠳᠬᠤᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃ ᠬᠤᠷᠠᠯ ᠨᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠵᠠᠩ ᠵᠢᠶ ᠺᠠᠩ ᠂ ᠰᠦᠨ ᠬᠠᠶ ᠲᠤᠤ᠂ ᠭᠦᠸᠧ ᠰᠢ᠂ ᠶᠠᠩ ᠮᠥ᠂ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号