ᠪᠥᠬᠦ ᠣᠷᠣᠨ ᠤ ᠠᠩᠬᠠᠨ ᠤ ᠪᠦᠯᠦᠭ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ ᠬᠥᠮᠥᠰ ᠤᠨ ᠨᠡᠷ᠎ᠡ ᠮᠡᠳᠡᠭᠦᠯᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2022/8/2
            ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠴᠡᠷᠢᠭ ᠤᠨ ᠠᠯᠪᠠ ᠬᠠᠭᠠᠬᠤ ᠲᠣᠭᠲᠠᠭᠰᠠᠨ ᠬᠤᠭᠤᠴᠠᠭ᠎ᠠ ᠨᠢ ᠳᠦᠭᠦᠷᠦᠭᠰᠡᠨ ᠣᠹᠢᠼᠧᠷ ᠪᠣᠯᠣᠨ ᠲᠦᠷᠦᠭᠦᠴᠢ ᠨᠢ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠲᠥᠪᠬᠢᠨᠡᠭᠦᠯᠬᠦ ᠰᠢᠨ᠎ᠡ ᠠᠷᠭ᠎ᠠ — ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠶᠢ ᠰᠣᠩᠭᠤᠵᠤ ᠪᠣᠯᠣᠨ᠎ᠠ᠃ ᠣᠶᠢᠯᠠᠭᠠᠭᠰᠠᠨ ᠢᠶᠠᠷ᠂ ᠪᠥᠬᠦ ᠣᠷᠣᠨ ᠤ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ ᠭᠡᠵᠦ ᠪᠠᠶᠢᠭ᠎ᠠ ᠠᠩᠬᠠᠨ ᠤ ᠪᠦᠯᠦᠭ ᠬᠥᠮᠥᠰ ᠤᠨ ᠨᠡᠷ᠎ᠡ ᠮᠡᠳᠡᠭᠦᠯᠬᠦ ᠠᠵᠢᠯ 6 ᠳ᠋ᠤᠭᠠᠷ ᠰᠠᠷ᠎ᠠ ᠳᠤ ᠪᠥᠬᠦ ᠲᠠᠯ᠎ᠠ ᠪᠠᠷ ᠡᠬᠢᠯᠡᠪᠡ᠃ ᠡᠭᠦᠨ ᠤ ᠰᠡᠭᠦᠯ ᠳᠤ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠤ ᠲᠠᠷᠠᠭ᠎ᠠ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠯᠪᠠ ᠬᠠᠭᠠᠭᠰᠠᠨ ᠬᠤᠭᠤᠴᠠᠭ᠎ᠠ ᠪᠠ ᠬᠤᠪᠢ ᠨᠡᠮᠡᠷᠢ ᠶᠢ ᠨᠢ ᠦᠨᠳᠦᠰᠦᠯᠡᠨ ᠪᠣᠳᠠᠲᠠᠢ ᠪᠠᠷ ᠪᠤᠳᠤᠬᠤ ᠶᠢᠨ ᠬᠠᠮᠲᠤ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠰᠠᠷ᠎ᠠ ᠪᠠᠷ ᠥᠭᠴᠦ ᠪᠣᠯᠣᠨ᠎ᠠ︔ ᠤᠯᠤᠰ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠬᠤ ᠨᠠᠰᠤᠨ ᠳᠤ ᠬᠦᠷᠦᠭᠰᠡᠨ ᠤ ᠲᠠᠷᠠᠭ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠶᠢ ᠵᠣᠬᠢᠬᠤ ᠬᠠᠷᠢᠴᠠᠯ ᠢᠶᠠᠷ ᠦᠯᠡᠳᠡᠭᠡᠵᠦ ᠨᠠᠰᠤᠨ ᠲᠤᠷᠰᠢᠲᠠ ᠣᠯᠭᠤᠬᠤ ᠪᠥᠭᠡᠳ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠭᠰᠠᠨ ᠪᠠᠶᠢᠳᠠᠯ ᠢ ᠨᠢ ᠦᠨᠳᠦᠰᠦᠯᠡᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠷᠠᠭᠠᠯᠵᠠᠯ ᠢ ᠤᠯᠠᠮ ᠨᠢᠭᠡ ᠠᠯᠬᠤᠮ ᠬᠦᠷᠲᠡᠭᠡᠨ᠎ᠡ᠃ ᠡᠭᠦᠨ ᠠᠴᠠ ᠭᠠᠳᠠᠨ᠎ᠠ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠶᠢᠭᠤᠯᠤᠮᠵᠢ ᠨᠢ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠭᠡᠵᠦ ᠪᠠᠶᠢᠭ᠎ᠠ ᠬᠥᠮᠥᠰ ᠲᠠᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠯᠴᠠᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠬᠦᠨᠳᠦ ᠶᠡᠭᠡ ᠭᠡᠨᠡᠳᠲᠡ ᠶᠢᠨ ᠪᠠᠶᠢᠳᠠᠯ ᠳᠤ ᠤᠴᠠᠷᠠᠭᠰᠠᠨ ᠵᠡᠷᠭᠡ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠭᠡᠵᠦ ᠪᠠᠶᠢᠭ᠎ᠠ ᠬᠥᠮᠥᠰ ᠢ ᠲᠣᠭᠲᠠᠭᠠᠯ ᠶᠣᠰᠣᠭᠠᠷ ᠬᠠᠪᠰᠤᠷᠤᠨ ᠲᠡᠳᠬᠦᠵᠦ ᠲᠤᠰᠠᠯᠠᠨ᠎ᠠ᠃ ᠬᠤᠲᠠ᠂ ᠰᠢᠶᠠᠨ ᠤ ᠱᠠᠲᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠤᠯᠠᠮ ᠨᠢᠭᠡ ᠠᠯᠬᠤᠮ ᠵᠣᠬᠢᠴᠠᠭᠤᠯᠵᠤ ᠪᠠᠶᠢᠭᠠᠳ ᠴᠡᠷᠢᠭ ᠤᠨ ᠠᠯᠪᠠᠨ ᠠᠴᠠ ᠬᠠᠯᠠᠭᠳᠠᠭᠰᠠᠨ ᠮᠥᠩᠭᠦ ᠪᠠᠨ ᠰᠠᠷ᠎ᠠ ᠳᠠᠷᠠᠭᠠᠯᠠᠨ ᠠᠪᠬᠤ ᠭᠡᠵᠦ ᠪᠠᠶᠢᠭ᠎ᠠ ᠬᠥᠮᠥᠰ ᠤᠨ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠡᠷᠦᠬᠡ ᠠᠮᠠ ᠣᠷᠣᠭᠤᠯᠬᠤ᠂ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠵᠢᠭᠦᠯᠦᠨ ᠵᠠᠯᠭᠠᠬᠤ᠂ ᠪᠡᠯᠡᠳᠬᠡᠯ ᠠᠯᠪᠠᠨ ᠤ ᠳᠠᠩᠰᠠᠯᠠᠯᠲᠠ ᠬᠢᠬᠦ᠂ ᠪᠠᠩᠬᠢ ᠶᠢᠨ ᠲᠠᠩᠰᠠᠨ ᠡᠷᠦᠬᠡ ᠨᠡᠭᠡᠭᠡᠬᠦ ᠵᠡᠷᠭᠡ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠠᠯᠢ ᠴᠢᠳᠠᠬᠤ ᠪᠠᠷ ︽ᠨᠢᠭᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠬᠠᠩᠭᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ ᠂ ᠦᠢᠯᠡᠴᠢᠯᠡᠭᠡᠨ ᠤ ᠶᠠᠰᠤ ᠴᠢᠨᠠᠷ ᠢᠶᠠᠨ ᠰᠢᠯᠢᠳᠡᠭᠵᠢᠭᠦᠯᠬᠦ ᠬᠡᠷᠡᠭᠲᠡᠢ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号