ᠬᠤᠲᠠ ᠶᠢᠨ ᠵᠠᠰᠠᠭ ᠤᠨ ᠣᠷᠳᠣᠨ 2022 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/9
              8 ᠰᠠᠷ᠎ᠠ ᠶᠢᠨ 5᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2022 ᠣᠨ ᠤ ᠠᠷᠪᠠᠨ ᠲᠠᠪᠤᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠳᠠ ᠶᠢᠨ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠪᠠ ᠪᠡᠯᠴᠢᠭᠡᠷ ᠮᠠᠯ ᠤᠨ ᠲᠡᠩᠴᠡᠭᠦᠷᠢ ᠶᠢ ᠪᠠᠲᠤᠯᠠᠬᠤ ᠳᠦᠷᠢᠮ︾ ᠵᠡᠷᠭᠡ 4 ᠵᠦᠢᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠠᠪᠤᠳᠠᠯ ᠢ ᠰᠤᠳᠤᠯᠵᠠᠢ᠃ ᠬᠤᠷᠠᠯ ᠠᠴᠠ᠂ ᠡᠳᠡᠭᠡᠷ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠨᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠴᠢᠨᠠᠭᠰᠢᠳᠠ ᠭᠦᠨᠵᠡᠭᠡᠶᠢᠷᠡᠭᠦᠯᠬᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠠᠤᠯᠢᠵᠢᠯ ᠤᠨ ᠨᠢᠭᠡᠳᠦᠯ ᠢ ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠪᠣᠳᠠᠲᠠᠶ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠵᠠᠰᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠠᠴᠠ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ︿ᠭᠠᠵᠠᠷ ᠠᠪᠤᠮᠠᠭᠴᠠ ᠠᠵᠢᠯ ᠡᠬᠢᠯᠡᠭᠦᠯᠬᠦ﹀ ᠬᠡᠷᠡᠭᠵᠢᠭᠦᠯᠬᠦ ᠲᠥᠰᠦᠯ ︵ᠲᠤᠷᠰᠢᠨ ᠬᠡᠷᠡᠭᠵᠢᠭᠦᠯᠬᠦ︶︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠨᠠᠨ ᠵᠥᠪᠰᠢᠶᠡᠷᠡᠬᠦ ᠴᠠᠭ ᠤᠨ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠭᠠᠷ ᠭᠦᠢᠴᠡᠳᠬᠡᠯ ᠳᠤᠲᠠᠮᠠᠭ ᠴᠦ ᠭᠥᠯᠢᠶᠡᠨ ᠠᠪᠴᠤ ᠰᠢᠢᠳᠪᠦᠷᠢᠯᠡᠬᠦ ᠂ ᠠᠮᠠᠯᠠᠯᠲᠠ ᠪᠠᠷ ᠮᠡᠳᠡᠭᠳᠡᠬᠦ ᠵᠢᠴᠢ ᠤᠷᠢᠳᠴᠢᠯᠠᠨ ᠬᠢᠨᠠᠨ ᠵᠥᠪᠰᠢᠶᠡᠷᠡᠬᠦ ᠵᠡᠷᠭᠡ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠪᠴᠢᠯᠡᠨ ᠬᠡᠷᠡᠭᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠡᠯ᠎ᠡ ᠱᠠᠲᠤᠨ ᠤ ᠬᠢᠨᠠᠨ ᠵᠥᠪᠰᠢᠶᠡᠷᠡᠬᠦ ᠵᠦᠢᠯᠡᠰ ᠤᠨ ᠪᠦᠷᠢᠯᠳᠦᠬᠦᠨ᠂ ᠮᠡᠳᠡᠭᠦᠯᠬᠦ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠵᠢᠯᠣᠭᠤᠳᠴᠤ ᠂ ︽ᠭᠠᠵᠠᠷ ᠠᠪᠤᠮᠠᠭᠴᠠ ᠠᠵᠢᠯ ᠡᠬᠢᠯᠡᠭᠦᠯᠬᠦ︾ ᠠᠵᠢᠯ ᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠮᠥᠩᠭᠦᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠤᠯᠠᠭᠠᠨᠬᠠᠳᠠ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠱᠠᠩᠨᠠᠬᠤ ᠵᠣᠷᠢᠭᠵᠢᠭᠤᠯᠬᠤ ᠠᠷᠭ᠎ᠠ︾᠎ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ ᠃ ᠬᠤᠷᠠᠯ ᠠᠴᠠ᠂ ᠲᠥᠯᠥᠪᠵᠢᠭᠦᠯᠭᠡ ᠪᠠᠷ ᠵᠢᠯᠣᠭᠤᠳᠤᠮᠵᠢ ᠪᠣᠯᠭᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠡᠩ ᠠᠮᠢᠵᠢᠷᠠᠯ ᠤᠨ ᠬᠦᠴᠦᠨ ᠲᠠᠢ ᠮᠥᠩᠭᠦᠨ ᠭᠦᠢᠯᠭᠡᠭᠡᠨ ᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ ᠶᠢ ᠱᠠᠩᠨᠠᠬᠤ ᠪᠡᠯᠡ ᠮᠥᠩᠭᠦ ᠶᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠪᠡᠯᠡᠨ ᠵᠣᠭᠤᠰ ᠪᠣᠯᠭᠠᠬᠤ ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠴᠢᠨᠠᠷ ᠰᠠᠶᠢᠲᠠᠢ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠦᠨᠡᠨᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠵᠦ᠂ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ ᠬᠤᠲᠠ ᠶᠢᠨ ᠳᠡᠳ᠋ ᠳᠠᠷᠤᠭ᠎ᠠ ᠱᠧᠩ ᠰᠢᠶᠣᠣ ᠶᠢᠦ᠂ ᠰᠦᠨ ᠬᠠᠶ ᠲᠤᠤ᠂ ᠭᠦᠸᠧ ᠰᠢ᠂ ᠮᠧᠩ ᠰᠢᠶᠤᠤ ᠪᠢᠩ᠂ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号