ᠸᠠᠩ ᠸᠠᠩ ᠱᠧᠩ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/9
      8 ᠰᠠᠷ᠎ᠠ ᠶᠢᠨ 2᠎ ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠲᠤᠰᠬᠠᠶ ᠰᠡᠳᠦᠪ ᠢᠶᠠᠷ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠳᠠᠷᠠᠭᠠᠴᠢ ᠶᠢᠨ ᠠᠵᠢᠯ ᠢ ᠪᠠᠨ ᠵᠢᠯᠣᠭᠤᠳᠪᠠ᠃ ᠲᠡᠷᠡ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠥᠷᠢᠰᠥᠯᠳᠦᠭᠡᠨ ᠢ ᠤᠭᠲᠤᠵᠤ᠂ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠯᠠᠮᠰᠢᠯ ᠤᠲᠠᠰᠤᠨ ᠤ ᠲᠠᠪᠴᠠᠩ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠥᠪ ᠲᠤ᠂ ᠸᠠᠩ ᠸᠠᠩ ᠱᠧᠩ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯᠯᠠᠭᠠᠨ ᠤ ᠵᠠᠭᠪᠤᠷ᠂ ᠠᠵᠢᠯ ᠤᠨ ᠶᠠᠪᠤᠴᠠ᠂ ᠭᠤᠮᠣᠳᠠᠯ ᠲᠣᠭᠠᠴᠢᠯᠲᠠ ᠶᠢᠨ ᠬᠠᠯᠠᠮᠰᠢᠯ ᠴᠡᠭ ᠵᠢᠴᠢ ᠡᠯ᠎ᠡ ᠬᠦᠷᠢᠶᠡᠨ ᠳᠠᠬᠢ ᠭᠤᠮᠣᠳᠠᠯ ᠲᠣᠭᠠᠴᠢᠯᠲᠠ ᠶᠢ ᠰᠢᠢᠳᠪᠦᠷᠢᠯᠡᠵᠦ ᠳᠠᠭᠤᠰᠬᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ ᠶᠠᠷᠢᠯᠴᠠᠬᠤ ᠬᠤᠷᠠᠯ ᠬᠤᠷᠠᠯᠳᠤᠭᠤᠯᠵᠤ᠂ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠬᠤᠯᠪᠣᠭᠳᠠᠯ ᠪᠦᠬᠦᠢ ᠭᠠᠵᠠᠷ ᠣᠷᠣᠨ ᠤ ᠰᠠᠯᠠᠭ᠎ᠠ ᠮᠥᠴᠢᠷ ᠤᠨ ᠠᠵᠢᠯ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠸᠠᠩ ᠸᠠᠩ ᠱᠧᠩ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯ ᠡᠯ᠎ᠡ ᠱᠠᠲᠤᠨ ᠤ ᠵᠠᠰᠠᠭ ᠤᠨ ᠣᠷᠳᠣᠨ ᠤ ᠣᠯᠠᠨ ᠲᠦᠮᠡᠨ ᠤ ᠬᠦᠴᠢᠷᠳᠡᠯ ᠢ ᠣᠶᠢᠯᠠᠭᠠᠬᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠰᠣᠨᠣᠰᠬᠤ᠂ ᠣᠯᠠᠨ ᠲᠦᠮᠡᠨ ᠤ ᠠᠩᠬᠠᠷᠤᠯ ᠳᠤ ᠬᠠᠷᠢᠭᠤ ᠥᠭᠬᠦ ᠴᠢᠬᠤᠯᠠ ᠠᠷᠭ᠎ᠠ ᠵᠠᠮ ᠮᠥᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠬᠡᠮᠵᠢᠭᠦᠷ ᠪᠣᠯᠭᠠᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠨ᠂ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶ ᠦᠢᠯᠡᠴᠢᠯᠡᠭᠡ︾ ᠪᠣᠯᠵᠣ᠂ ᠠᠷᠠᠳ ᠤᠨ ᠰᠠᠨᠠᠭ᠎ᠠ ᠶᠢ ᠰᠠᠭᠠᠳ ᠥᠬᠡᠶ ᠨᠡᠪᠲᠡᠷᠡᠭᠦᠯᠬᠦ ︽ᠰᠡᠳᠬᠢᠯ ᠤᠨ ᠬᠥᠭᠦᠷᠭᠡ︾᠎ ᠶᠢ ᠰᠠᠶᠢᠲᠤᠷ ᠨᠡᠪᠲᠡᠷᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠸᠠᠩ ᠸᠠᠩ ᠱᠧᠩ᠂ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠵᠦ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠨᠠᠷᠢᠨ ᠳᠠᠩᠰᠠ ᠭᠠᠷᠭᠠᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠭᠤᠮᠣᠳᠠᠯ ᠱᠠᠭᠠᠷᠳᠠᠯᠭ᠎ᠠ ᠶᠢ ᠠᠩᠬᠠᠷᠤᠨ ᠰᠢᠢᠳᠪᠦᠷᠢᠯᠡᠬᠦ ᠶᠢ ᠴᠢᠩᠭᠠᠳᠬᠠᠵᠤ᠂ ᠰᠢᠢᠳᠪᠦᠷᠢᠯᠡᠬᠦ ᠬᠡᠯᠬᠢᠶ᠎ᠡ ᠶᠢᠨ ᠲᠦᠭᠵᠢᠷᠡᠯ ᠢ ᠨᠡᠪᠲᠡᠷᠡᠭᠦᠯᠵᠦ᠂ ᠬᠠᠷᠢᠭᠤᠴᠠᠯᠭ᠎ᠠ ᠶᠢᠨ ᠪᠦᠷᠬᠦᠴᠡ ᠶᠢᠨ ᠬᠤᠭᠤᠰᠣᠨ ᠢ ᠨᠥᠬᠦᠪᠥᠷᠢᠯᠡᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠶᠢ ᠪᠠᠲᠤᠯᠠᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠨᠤᠷᠮ᠎ᠠ ᠪᠠ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠬᠠᠯᠠᠮᠰᠢᠯ ᠤᠲᠠᠰᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠥᠭᠡᠯᠡᠨ ᠬᠠᠲᠠᠭᠤ ᠬᠡᠷᠡᠭᠰᠡᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠬᠠᠯᠠᠮᠰᠢᠯ ᠤᠲᠠᠰᠤ ᠶᠢ ᠥᠨᠳᠥᠷ ᠪᠦᠲᠦᠮᠵᠢᠲᠡᠶ ᠠᠵᠢᠯᠯᠠᠭᠤᠯᠬᠤ ᠳᠤ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ᠃
 
ᠢᠷᠡᠯᠲᠡ᠄ ᠦᠪᠤᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号