ᠣᠩᠨᠢᠭᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠶᠠᠳᠠᠭᠤ ᠶᠢ ᠲᠡᠳᠬᠦᠬᠦ ᠶᠢ ᠪᠠᠬᠢᠵᠢᠭᠦᠯᠬᠦ︾ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠤᠨ ᠨᠡᠶᠢᠲᠡ ᠶᠢᠨ ᠠᠰᠠᠷᠠᠮᠵᠢ ᠶᠢᠨ ᠲᠥᠷᠥᠯ  ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/8/9
       ᠣᠶᠢᠷ᠎ᠠ ᠳᠤ᠂ ᠣᠩᠨᠢᠭᠤᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠳᠤᠮᠳᠠᠳᠤ ᠤᠯᠤᠰ ᠤᠨ ᠡᠷᠡᠭᠦᠯᠵᠢᠯ ᠤᠨ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠬᠤᠯᠪᠣᠭ᠎ᠠ ᠲᠠᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ᠂ ᠶᠠᠳᠠᠭᠤ ᠶᠢ ᠲᠡᠳᠬᠦᠬᠦ ᠶᠢ ᠪᠠᠬᠢᠵᠢᠭᠦᠯᠬᠦ︾ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠤᠨ ᠨᠡᠶᠢᠲᠡ ᠶᠢᠨ ᠠᠰᠠᠷᠠᠮᠵᠢ ᠶᠢᠨ ᠲᠥᠷᠥᠯ  ᠵᠦᠢᠯ  ᠴᠢᠤᠸᠠᠨ ᠨᠢᠩ ᠵᠡᠭᠡᠯᠢ ᠭᠤᠳᠤᠮᠵᠢ ᠶᠢᠨ ᠾᠧᠨᠠᠨ ᠨᠡᠶᠢᠭᠡᠮ ᠲᠣᠭᠤᠷᠢᠭ ᠲᠤ ᠶᠠᠪᠤᠭᠳᠠᠵᠤ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠣᠯᠤᠨ ᠳᠤᠮᠳᠠᠳᠤ ᠤᠯᠤᠰ ᠤᠨ ᠡᠷᠡᠭᠦᠯᠵᠢᠯ ᠤᠨ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠨᠢᠭᠡᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃       ᠣᠶᠢᠯᠠᠭᠠᠭᠰᠠᠨ ᠢᠶᠠᠷ᠂ ᠣᠩᠨᠢᠭᠤᠳ ᠬᠤᠰᠢᠭᠤᠨ ᠤ 277 ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠪᠠᠶᠢᠭᠤᠯᠤᠭᠳᠠᠭᠰᠠᠨ ᠠᠴᠠ  ᠨᠠᠭᠠᠰᠢ᠂  ᠬᠠᠮᠢᠶ᠎ᠠ ᠪᠦᠬᠦᠢ ᠵᠠᠷᠴᠢᠮ ᠢ ᠢᠮᠠᠭᠲᠠ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠨᠡᠶᠢᠭᠡᠮ ᠤᠨ ᠵᠠᠰᠠᠯᠲᠠ ᠶᠢᠨ ᠠᠵᠢᠯ ᠳᠤ ᠥᠪᠡᠷᠮᠢᠴᠡ ᠦᠢᠯᠡᠳᠤᠯ ᠦᠵᠡᠭᠦᠯᠵᠡᠶ᠃ ᠲᠣᠰ ᠤᠳᠠᠭ᠎ᠠ ᠣᠩᠨᠢᠭᠤᠳ ᠬᠤᠰᠢᠭᠤᠨ ᠤ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠲᠤ ᠪᠠᠷᠤᠭ 23 ᠲᠦᠮᠡᠨ ᠲᠥᠭᠦᠷᠢᠭ ᠤᠨ ᠦᠷᠳᠡᠭ ᠪᠦᠬᠦᠢ ᠬᠤᠪᠴᠠᠰᠤ ᠤᠬᠢᠶᠠᠬᠤ ᠰᠢᠩᠭᠡᠨ᠂ ᠠᠮᠠᠪᠴᠢ ᠵᠡᠷᠭᠡ ᠠᠮᠢᠳᠤᠷᠠᠯ ᠪᠠ ᠬᠢᠵᠢᠭ ᠢ ᠰᠡᠷᠭᠡᠶᠢᠯᠡᠬᠦ ᠡᠳ᠋ ᠪᠣᠳᠠᠰ  ᠬᠠᠨᠳᠢᠪᠯᠠᠪᠠ᠃ ᠲᠠᠷᠠᠭᠠᠴᠢ ᠶᠢᠨ ᠠᠯᠬᠤᠮ ᠳᠤ ᠬᠠᠨᠳᠢᠪᠯᠠᠬᠤ ᠡᠳ᠋ ᠪᠣᠳᠠᠰ ᠴᠤ ᠵᠠᠯᠭᠠᠭ᠎ᠠ ᠪᠠᠷ ᠬᠦᠷᠴᠦ ᠢᠷᠡᠬᠦ ᠪᠣᠯᠤᠨ᠎ᠠ᠃        ᠳᠤᠮᠳᠠᠳᠤ ᠤᠯᠤᠰ ᠤᠨ ᠡᠷᠡᠭᠦᠯᠵᠢᠯ ᠤᠨ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ  ᠵᠦᠢᠯ ᠨᠢ ᠪᠥᠬᠦ ᠬᠤᠰᠢᠭᠤᠨ ᠤ ᠬᠠᠶᠢᠷ᠎ᠠ ᠬᠠᠯᠠᠮᠵᠢ ᠶᠢᠨ ᠬᠡᠲᠦ ᠳᠡᠯᠭᠡᠭᠦᠷ ᠤᠨ ᠡᠷᠡᠭᠦᠯ ᠢᠶᠠᠷ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠ ᠡᠶ᠎ᠡ ᠵᠣᠬᠢᠴᠠᠩᠭᠤᠶ ᠣᠩᠨᠢᠭᠤᠳ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠶ ᠪᠦᠲᠦᠭᠡᠯᠴᠢ ᠴᠢᠨᠠᠷᠲᠠᠶ  ᠦᠢᠯᠡᠳᠤᠯ ᠦᠵᠡᠭᠦᠯᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号