| ᠲᠦᠷᠦ ᠶᠢᠨ ᠪᠣᠳᠣᠯᠭ᠎ᠠ Q&A ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠪᠠᠶᠢᠩᠭᠤ ᠶᠢᠨ | ᠬᠤᠷᠠᠯ ᠬᠤᠷᠠᠯᠳᠤᠭᠤᠯᠵᠤ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ | ᠬᠤᠯᠪᠣᠭᠳᠠᠯ ᠪᠦᠬᠦᠢ ᠠᠵᠢᠯ ᠢ ᠰᠤᠳᠤᠯᠵᠠᠢ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 8 | ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ | ᠪᠣᠳᠣᠯᠭ᠎ᠠ ᠶᠢᠨ ᠪᠠᠶᠢᠳᠠᠯ ᠢ ᠮᠡᠳᠡᠭᠳᠡᠬᠦ ᠵᠤᠷᠰᠢᠯᠲᠤ ᠬᠤᠷᠠᠯ ᠬᠢᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠵᠦᠢᠯ ᠢ | ᠪᠠᠲᠤᠯᠠᠬᠤ ᠲᠤᠬᠠᠢ ᠪᠠᠶᠢᠳᠠᠯ ᠢ ᠲᠠᠨᠢᠯᠴᠠᠭᠤᠯᠪᠠ᠃ ᠬᠦᠴᠢᠷᠳᠡᠯᠲᠡᠢ ᠣᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠪᠣᠳᠠᠲᠠᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ | ᠪᠣᠶ︖ ᠬᠠᠮᠲᠤ ᠪᠠᠷ ᠠᠩᠬᠠᠷᠤᠶ᠎ᠠ︕ Q1 Q᠄ ᠣᠶᠢᠷ᠎ᠠ ᠶᠢᠨ ᠬᠤᠭᠤᠴᠠᠭᠠᠨ ᠳᠤ ᠬᠦᠴᠢᠷᠳᠡᠯᠲᠡᠢ ᠣᠯᠠᠨ ᠲᠦᠮᠡᠨ ᠢ | ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠣᠶ︖ A᠄ ᠨᠢᠭᠡ ᠳᠤ᠂ ᠡᠯ᠎ᠡ ᠭᠠᠵᠠᠷ ᠤᠨ ᠬᠢᠨ ᠢ ᠵᠢᠯᠤᠭᠤᠳᠴᠤ ᠪᠠᠶᠢᠭᠠᠳ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ | ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠨᠡᠮᠡᠵᠦ ᠣᠯᠭᠤᠨ᠎ᠠ᠃ ᠬᠤᠶᠠᠷ ᠲᠤ᠂ | ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠡᠯ᠎ᠡ | ᠭᠠᠵᠠᠷ ᠢ ᠵᠢᠭᠠᠨ ᠵᠢᠯᠤᠭᠤᠳᠴᠤ ᠪᠠᠶᠢᠭᠠᠳ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠠᠳᠤᠢ ᠠᠵᠢᠯ ᠠᠯᠳᠠᠭᠰᠠᠳ | ᠵᠡᠷᠭᠡ ᠬᠦᠴᠢᠷᠳᠡᠯ ᠲᠠᠢ ᠣᠯᠠᠨ ᠲᠦᠮᠡᠨ ᠳᠤ ᠬᠦᠴᠦ ᠶᠠᠪᠤᠵᠤ ᠪᠠᠶᠢᠭ᠎ᠠ ᠭᠠᠵᠠᠷ ᠪᠤᠶᠤ ᠪᠠᠶᠢᠩᠭᠤ ᠰᠠᠭᠤᠭ᠎ᠠ ᠭᠠᠵᠠᠷ ᠠᠴᠠ ᠨᠢ | ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ ᠣᠯᠭᠤᠨ᠎ᠠ᠃ ᠭᠤᠷᠪᠠ ᠳᠤ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠵᠡᠷᠭᠡ ᠠᠪᠤᠷᠠᠨ | ᠲᠤᠰᠠᠯᠠᠬᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠲᠣᠭᠲᠠᠭᠤᠨ ᠪᠤᠰᠤ | ᠠᠩᠭᠢᠵᠢᠷᠠᠭᠰᠠᠨ ᠨᠥᠬᠦᠴᠡᠯ ᠳᠤ ᠨᠡᠶᠢᠴᠡᠬᠦ ᠬᠥᠮᠥᠨ ᠠᠮᠠ᠂ ᠬᠢᠯᠢ ᠬᠢᠵᠠᠭᠠᠷ ᠤᠨ ᠠᠮᠠᠷᠬᠠᠨ ᠶᠠᠳᠠᠭᠤᠷᠠᠬᠤ ᠬᠥᠮᠥᠨ ᠠᠮᠠ ᠪᠠ | ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯ ᠳᠤ ᠲᠤᠯᠭᠠᠷᠠᠭᠰᠠᠨ ᠡᠷᠦᠬᠡ ᠶᠢ ᠴᠠᠭ ᠲᠤᠬᠠᠢ ᠳᠤ ᠨᠢ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠵᠤ᠂ | ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠵᠤ᠂ ᠠᠪᠤᠷᠠᠬᠤ ᠶᠣᠰᠣᠲᠠᠢ ᠶᠢ ᠨᠢ ᠪᠦᠬᠦᠨ ᠢ ᠠᠪᠤᠷᠠᠬᠤ ᠶᠢ ᠪᠠᠲᠤᠯᠠᠨ᠎ᠠ᠃ | ᠳᠥᠷᠪᠡ ᠳᠤ᠂ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢᠨ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ | ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ | ᠠᠪᠤᠷᠠᠨ ᠲᠤᠰᠠᠯᠠᠬᠤ ᠴᠤᠪᠤᠷᠠᠯ ᠢ ᠳᠥᠭᠦᠮᠴᠢᠯᠡᠨ ᠰᠢᠯᠢᠳᠡᠭᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ | ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠠᠷᠭ᠎ᠠ | ᠬᠡᠮᠵᠢᠶ᠎ᠡ ᠶᠢ ᠪᠠᠶᠢᠷᠢᠯᠠᠭᠤᠯᠵᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ | ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠢᠭᠡ ᠯᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ | ᠨᠥᠬᠦᠪᠦᠷᠢ ᠶᠢ ᠬᠦᠴᠢᠷᠳᠡᠯᠲᠡᠢ ᠣᠯᠠᠨ ᠲᠦᠮᠡᠨ ᠳᠤ ᠲᠦᠷᠭᠡᠬᠡᠨ ᠣᠯᠭᠤᠵᠤ᠂ ᠬᠦᠴᠢᠷᠳᠡᠯ ᠳᠤ ᠲᠤᠯᠭᠠᠷᠠᠭᠰᠠᠨ ᠤᠯᠠᠨ | ᠲᠦᠮᠡᠨ ᠢ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠵᠤ᠂ ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠠᠪᠤᠷᠠᠨ | ᠲᠤᠰᠠᠯᠠᠬᠤ ᠮᠥᠩᠭᠦ ᠣᠯᠭᠤᠬᠤ ᠲᠦᠷᠦ ᠶᠢᠨ ᠪᠣᠳᠣᠯᠭ᠎ᠠ ᠶᠢ ᠱᠠᠯᠠᠪᠬᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠱᠠᠭᠠᠷᠳᠠᠭᠰᠠᠨ ᠤ ᠬᠠᠮᠲᠤ᠂ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠦᠨ᠎ᠡ | ᠬᠠᠩᠰᠢ ᠶᠢᠨ ᠨᠥᠬᠦᠪᠦᠷᠢ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠱᠠᠲᠤᠴᠢ ᠴᠢᠨᠠᠷᠲᠠᠢ ᠪᠠᠷ ᠲᠣᠬᠢᠷᠠᠭᠤᠯᠵᠤ᠂ ︽ | ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠵᠦ᠂ ᠡᠬᠢᠯᠡᠭᠦᠯᠬᠦ ᠨᠥᠬᠦᠴᠡᠯ ᠢ ᠪᠠᠭᠤᠷᠠᠭᠤᠯᠬᠤ︾ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠬᠦᠴᠢᠷᠳᠡᠯ ᠲᠠᠢ ᠤᠯᠠᠨ ᠲᠦᠮᠡᠨ ᠳᠤ ᠪᠠᠷᠠᠭᠠᠨ ᠤ ᠦᠨ᠎ᠡ ᠶᠢᠨ ᠨᠥᠬᠦᠪᠦᠷᠢ ᠥᠭᠬᠦ ᠡᠷᠴᠢᠮ ᠢ | ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠪᠠᠷ ᠲᠣᠭᠲᠠᠭᠠᠪᠠ᠃ | Q2 Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠳᠤ ᠱᠠᠲᠤᠴᠢ ᠴᠢᠨᠠᠷᠲᠠᠢ | ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢᠨ ᠠᠭᠤᠯᠭ᠎ᠠ ᠨᠢ ᠶᠠᠭᠤ ᠶᠠᠭᠤ ᠪᠠᠶᠢᠳᠠᠭ ᠪᠣᠶ︖ A᠄ ᠨᠢᠭᠡ ᠳᠤ᠂ | ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠱᠠᠲᠤᠴᠢ ᠴᠢᠨᠠᠷᠲᠠᠢ ᠪᠠᠷ ᠥᠷᠭᠡᠳᠬᠡᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ | ᠦᠨ᠎ᠡ ᠬᠠᠩᠰᠢ ᠶᠢᠨ ᠨᠥᠬᠦᠪᠦᠷᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ 2021 ᠣᠨ ᠳᠤ ᠵᠠᠰᠠᠪᠤᠷᠢ | ᠣᠷᠣᠭᠤᠯᠤᠨ ᠪᠦᠷᠢᠨᠰᠢᠭᠦᠯᠵᠦ᠂ 7 ᠲᠥᠷᠥᠯ ᠤᠨ ᠬᠦᠮᠦᠰ ᠢ ᠬᠠᠮᠤᠷᠪᠠ᠃ ᠡᠨᠡ 7 ᠲᠥᠷᠥᠯ ᠤᠨ ᠬᠦᠮᠦᠰ ᠪᠣᠯ ᠬᠤᠲᠠ | ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ | ᠬᠥᠮᠥᠰ᠂ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ᠂ ᠤᠯᠤᠰ ᠤᠨ ᠲᠣᠭᠲᠠᠮᠠᠯ | ᠬᠤᠭᠤᠴᠠᠭᠠᠲᠤ ᠠᠰᠠᠷᠠᠮᠵᠢ ᠶᠢᠨ ᠨᠥᠬᠦᠪᠦᠷᠢ ᠬᠦᠷᠲᠡᠵᠦ ᠪᠠᠶᠢᠭ᠎ᠠ ᠠᠰᠠᠷᠠᠨ ᠬᠠᠷᠠᠭᠠᠯᠵᠠᠯ ᠬᠦᠷᠲᠡᠵᠦ ᠪᠠᠶᠢᠭ᠎ᠠ ᠬᠥᠮᠥᠰ᠂ | ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠠᠶᠢᠽ ᠡᠪᠡᠳᠴᠢᠨ ᠤ ᠸᠢᠷᠦ᠋ᠰ ᠲᠤ | ᠬᠠᠯᠳᠠᠪᠤᠷᠢᠯᠠᠭᠳᠠᠭᠰᠠᠨ ᠬᠡᠦᠬᠡᠳ ᠵᠡᠷᠭᠡ ᠨᠡᠶᠢᠲᠡ ᠪᠠᠷᠤᠭ 5800 ᠲᠦᠮᠡᠨ ᠬᠥᠮᠥᠨ ᠪᠠᠶᠢᠨ᠎ᠠ᠃ ᠣᠶᠢᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠠᠴᠠ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ | ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠳᠡᠭᠡᠷ᠎ᠡ ᠳᠤᠷᠠᠳᠤᠭᠰᠠᠨ 7 ᠲᠥᠷᠥᠯ ᠤᠨ ᠬᠦᠮᠦᠰ ᠤᠨ ᠰᠠᠭᠤᠷᠢᠨ ᠳᠡᠭᠡᠷ᠎ᠡ᠂ ᠠᠵᠢᠯ | ᠠᠯᠳᠠᠭᠰᠠᠳ ᠤᠨ ᠨᠥᠬᠦᠪᠦᠷᠢ ᠮᠥᠩᠭᠦ ᠠᠪᠴᠤ ᠪᠠᠶᠢᠭ᠎ᠠ ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ | ᠬᠠᠪᠢᠳᠠᠭᠰᠠᠨ ᠬᠥᠮᠥᠨ ᠠᠮᠠ ᠵᠡᠷᠭᠡ 2 ᠲᠥᠷᠥᠯ ᠤᠨ ᠬᠦᠮᠦᠰ ᠢ ᠱᠠᠲᠤᠴᠢ ᠴᠢᠨᠠᠷᠲᠠᠢ ᠪᠠᠷ ᠰᠢᠨ᠎ᠡ ᠪᠠᠷ ᠨᠡᠮᠡᠭᠳᠡᠬᠦ ᠦᠨ᠎ᠡ | ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ | ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ ᠤ ᠳᠠᠷᠠᠭ᠎ᠠ᠂ ᠵᠢᠱᠢᠯᠲᠡ ᠪᠠᠷ 900 ᠲᠦᠮᠡ ᠰᠢᠬᠠᠮ ᠬᠥᠮᠥᠨ ᠳᠤ ᠠᠰᠢᠭ | ᠬᠦᠷᠲᠡᠭᠡᠵᠦ᠂ ᠨᠡᠶᠢᠲᠡ 6700 ᠲᠦᠮᠡᠨ ᠬᠦᠴᠢᠷᠳᠡᠯᠲᠡᠢ ᠣᠯᠠᠨ ᠲᠦᠮᠡᠨ ᠢ ᠬᠠᠮᠤᠷᠬᠤ ᠪᠣᠯᠣᠨ᠎ᠠ᠃ ᠬᠤᠶᠠᠷ ᠲᠤ᠂ | ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠪᠠᠭᠤᠷᠠᠭᠤᠯᠤᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠦᠨ᠎ᠡ | ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠥᠬᠦᠴᠡᠯ ᠤᠨ ᠳᠣᠲᠣᠷᠠᠬᠢ | CPI ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ ᠶᠢ 3.5% ᠪᠠᠶᠢᠭᠰᠠᠨ ᠠᠴᠠ ᠨᠢ 3. | 0% ᠪᠣᠯᠭᠠᠨ ᠱᠠᠲᠤᠴᠢ ᠴᠢᠨᠠᠷᠲᠠᠢ ᠪᠠᠭᠤᠷᠠᠭᠤᠯᠬᠤ ᠶᠢᠨ ᠬᠠᠮᠲᠤ CPI ᠶᠢᠨ ᠳᠣᠲᠣᠷᠠᠬᠢ ᠢᠳᠡᠭᠡᠨ ᠤ ᠵᠦᠢᠯ ᠤᠨ ᠦᠨ᠎ᠡ | ᠬᠠᠩᠰᠢ ᠶᠢᠨ ᠠᠳᠠᠯᠢ ᠬᠤᠭᠤᠴᠠᠭᠠᠨ ᠤ ᠥᠰᠦᠯᠲᠡ ᠶᠢᠨ ᠬᠡᠮᠵᠢᠶ᠎ᠡ 6% ᠬᠦᠷᠬᠦ ᠦᠶ᠎ᠡ ᠳᠤ ᠦᠨ᠎ᠡ ᠬᠠᠩᠰᠢ ᠶᠢᠨ | ᠨᠥᠬᠦᠪᠦᠷᠢ ᠣᠯᠭᠤᠬᠤ ᠵᠡᠷᠭᠡ ᠪᠤᠰᠤᠳ ᠡᠬᠢᠯᠡᠭᠦᠯᠬᠦ ᠨᠥᠬᠦᠴᠡᠯ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠶᠠᠮᠠᠷᠪᠠ | ᠨᠢᠭᠡ ᠨᠥᠬᠦᠴᠡᠯ ᠢ ᠬᠠᠩᠭᠠᠪᠠᠯ ᠳᠠᠷᠤᠢ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ | ᠡᠬᠢᠯᠡᠭᠦᠯᠦᠨ᠎ᠡ᠃ ᠡᠬᠢᠯᠡᠭᠦᠯᠬᠦ ᠨᠥᠬᠦᠴᠡᠯ ᠢ ᠨᠢᠭᠡᠨᠲᠡ ᠵᠣᠬᠢᠰᠲᠠᠢ ᠪᠠᠭᠤᠷᠠᠭᠤᠯᠤᠭᠰᠠᠨ ᠭᠠᠵᠠᠷ ᠣᠷᠣᠨ ᠨᠢ᠂ ᠲᠤᠬᠠᠢ ᠶᠢᠨ | ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠬᠢᠯᠡᠭᠦᠯᠬᠦ ᠨᠥᠬᠦᠴᠡᠯ ᠢ ᠱᠠᠲᠤᠴᠢ ᠴᠢᠨᠠᠷᠲᠠᠢ ᠪᠠᠷ ᠤᠯᠠᠮ ᠨᠢᠭᠡ | ᠠᠯᠬᠤᠮ ᠪᠠᠭᠤᠷᠠᠭᠤᠯᠵᠤ ᠪᠣᠯᠣᠨ᠎ᠠ᠃ Q3 Q᠄ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠳᠤ ᠱᠠᠲᠤᠴᠢ ᠴᠢᠨᠠᠷᠲᠠᠢ ᠲᠣᠬᠢᠷᠠᠭᠤᠯᠤᠯᠲᠠ ᠬᠢᠵᠦ᠂ ᠬᠦᠴᠢᠷᠳᠡᠯᠲᠡᠢ ᠣᠯᠠᠨ ᠲᠦᠮᠡᠨ ᠳᠤ ᠥᠭᠬᠦ ᠪᠠᠷᠠᠭᠠᠨ ᠤ | ᠦᠨ᠎ᠡ ᠶᠢᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠬᠤ ᠳᠤ ᠬᠡᠳᠦᠢ ᠨᠥᠬᠦᠪᠦᠷᠢ ᠮᠥᠩᠭᠦ ᠨᠡᠮᠡᠬᠦ ᠴᠢᠬᠤᠯᠠᠲᠠᠢ ᠪᠣᠶ︖ | ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠬᠡᠷᠬᠢᠨ ᠪᠠᠲᠤᠯᠠᠬᠤ ᠪᠤᠢ︖ A᠄ ᠦᠨ᠎ᠡ ᠬᠠᠩᠰᠢ ᠶᠢᠨ ᠨᠥᠬᠦᠪᠦᠷᠢ ᠶᠢᠨ | ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ | ᠦᠨᠳᠦᠰᠦᠯᠡᠨ ᠡᠬᠢᠯᠡᠭᠦᠯᠦᠭᠰᠡᠨ ᠶᠤᠮ᠂ ᠨᠥᠬᠦᠪᠦᠷᠢ ᠶᠢᠨ ᠪᠠᠷᠢᠮᠵᠢᠶ᠎ᠠ ᠶᠢ ᠴᠤ ᠲᠤᠬᠠᠢ ᠶᠢᠨ ᠭᠠᠵᠠᠷ ᠤᠨ ᠪᠠᠷᠠᠭᠠᠨ ᠤ | ᠦᠨ᠎ᠡ ᠶᠢᠨ ᠥᠰᠦᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠤᠭᠰᠠᠨ ᠶᠤᠮ᠃ ᠨᠥᠬᠦᠪᠦᠷᠢ ᠶᠢᠨ ᠪᠡᠯᠡ ᠮᠥᠩᠭᠦ ᠶᠢᠨ | ᠵᠣᠭᠤᠰ ᠤᠨ ᠲᠤᠭ᠎ᠠ ᠶᠢ ᠡᠯ᠎ᠡ ᠭᠠᠵᠠᠷ ᠤᠨ ᠪᠠᠷᠠᠭᠠᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠲᠠᠢ ᠬᠤᠯᠪᠣᠭᠳᠠᠭᠤᠯᠵᠤ | ᠪᠣᠳᠣᠬᠤ ᠴᠢᠬᠤᠯᠠ ᠲᠠᠢ᠃ ᠬᠤᠶᠢᠰᠢᠳᠠ ᠶᠢᠨ ᠨᠢᠭᠡ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠪᠠᠷᠠᠭᠠᠨ ᠤ | ᠦᠨ᠎ᠡ ᠶᠢᠨ ᠥᠰᠥᠯᠲᠡ ᠶᠢ ᠦᠨᠳᠦᠰᠦᠯᠡᠵᠦ᠂ ᠦᠨ᠎ᠡ ᠬᠠᠩᠰᠢ ᠶᠢᠨ ᠨᠥᠬᠦᠪᠦᠷᠢ ᠶᠢᠨ ᠬᠤᠯᠪᠣᠭᠠᠯᠠᠨ ᠬᠥᠳᠡᠯᠦᠯᠴᠡᠬᠦ | ᠲᠣᠭᠲᠠᠴᠠ ᠳᠤ ᠱᠠᠲᠤ ᠦᠶ᠎ᠡ ᠶᠢᠨ ᠴᠢᠨᠠᠷᠲᠠᠢ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠣᠯᠭᠤᠬᠤ ᠴᠢᠬᠤᠯᠠᠲᠠᠢ | ᠨᠥᠬᠦᠪᠦᠷᠢ ᠶᠢᠨ ᠪᠡᠯᠡ ᠮᠥᠩᠭᠦ ᠵᠢᠴᠢ ᠨᠡᠮᠡᠭᠳᠡᠭᠰᠡᠨ ᠵᠠᠷᠤᠯᠭ᠎ᠠ ᠶᠢᠨ ᠵᠣᠭᠤᠰ ᠤᠨ ᠲᠤᠭ᠎ᠠ ᠶᠢ ᠠᠩᠬ᠎ᠠ ᠠᠯᠬᠤᠮ ᠵᠢᠱᠢᠨ | ᠪᠣᠳᠣᠪᠠ᠃ ᠵᠢᠱᠢᠯᠲᠡ ᠪᠠᠷ ᠡᠨᠡ ᠵᠢᠯ ᠤᠨ 9 ᠳ᠋ᠦ᠋ᠭᠡᠷ ᠰᠠᠷ᠎ᠠ ᠠᠴᠠ ᠢᠷᠡᠬᠦ ᠵᠢᠯ ᠤᠨ 3 ᠳ᠋ᠤᠭᠠᠷ ᠰᠠᠷ᠎ᠠ ᠪᠣᠯᠲᠠᠯ᠎ᠠ᠂ ᠡᠯ᠎ᠡ | ᠭᠠᠵᠠᠷ ᠤᠨ ᠬᠢᠨ ᠬᠦᠴᠢᠷᠳᠡᠯᠲᠡᠢ ᠣᠯᠠᠨ ᠲᠦᠮᠡᠨ ᠳᠤ ᠪᠠᠷᠤᠭ 200 ᠳ᠋ᠦᠩᠰᠢᠭᠤᠷ ᠲᠥᠭᠦᠷᠢᠭ ᠤᠨ ᠦᠨ᠎ᠡ ᠬᠠᠩᠰᠢ ᠶᠢᠨ | ᠲᠦᠷ ᠴᠠᠭ ᠤᠨ ᠨᠥᠬᠦᠪᠦᠷᠢ ᠥᠭᠬᠦ ᠪᠣᠯᠣᠨ᠎ᠠ᠂ ᠡᠭᠦᠨ ᠳᠤ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠭᠰᠡᠨ᠂ ᠡᠬᠢᠯᠡᠭᠦᠯᠬᠦ | ᠨᠥᠬᠦᠴᠡᠯ ᠢ ᠪᠠᠭᠤᠷᠠᠭᠤᠯᠤᠭᠰᠠᠨ ᠠᠴᠠ ᠪᠣᠯᠵᠤ ᠣᠯᠭᠤᠬᠤ ᠨᠥᠬᠦᠪᠦᠷᠢ ᠶᠢ ᠪᠠᠷᠤᠭ 70 ᠳ᠋ᠦᠩᠰᠢᠭᠤᠷ ᠲᠥᠭᠦᠷᠢᠭ | ᠨᠡᠮᠡᠭᠳᠡᠭᠦᠯᠦᠨ᠎ᠡ᠃ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠪᠠᠲᠤᠯᠠᠬᠤ ᠠᠷᠭ᠎ᠠ ᠵᠠᠮ ᠤᠨ ᠲᠠᠯ᠎ᠠ ᠪᠠᠷ᠂ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠬᠥᠮᠥᠰ ᠪᠠ ᠠᠵᠢᠯ ᠠᠯᠳᠠᠯᠲᠠ ᠶᠢᠨ ᠲᠤᠰᠠᠯᠠᠮᠵᠢ ᠶᠢᠨ ᠮᠥᠩᠭᠦ | ᠠᠪᠴᠤ ᠪᠠᠶᠢᠭ᠎ᠠ ᠬᠥᠮᠥᠰ ᠤᠨ ᠨᠡᠮᠡᠭᠳᠡᠬᠦ ᠵᠠᠷᠤᠯᠭ᠎ᠠ ᠶᠢᠨ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠳᠣᠲᠣᠷ᠎ᠠ ᠠᠴᠠ ᠭᠠᠷᠭᠠᠬᠤ ᠶᠢ ᠭᠠᠷᠭᠠᠪᠠᠯ᠂ ᠪᠤᠰᠤᠳ ᠬᠦᠴᠢᠷᠳᠡᠯᠲᠡᠢ ᠤᠯᠠᠨ ᠲᠦᠮᠡᠨ ᠳᠤ ᠨᠡᠮᠡᠵᠦ ᠥᠭᠬᠦ | ᠨᠥᠬᠦᠪᠦᠷᠢ ᠶᠢᠨ ᠪᠡᠯᠡ ᠮᠥᠩᠭᠦ ᠶᠢ ᠲᠥᠪ ᠤᠨ ᠡᠳ᠋ ᠤᠨ ᠵᠠᠰᠠᠭ ᠠᠴᠠ ᠭᠠᠵᠠᠷ ᠣᠷᠣᠨ ᠬᠤᠪᠢᠶᠠᠨ ᠨᠥᠬᠦᠪᠦᠷᠢᠯᠡᠨ᠎ᠡ᠂ | ᠡᠭᠦᠨ ᠳᠤ ᠵᠡᠭᠦᠨ ᠪᠡᠶ᠎ᠡ ᠶᠢᠨ ᠭᠠᠵᠠᠷ ᠣᠷᠣᠨ ᠳᠤ 30% ᠶᠢᠨ ᠨᠥᠬᠦᠪᠦᠷᠢ ᠥᠭᠴᠦ᠂ ᠳᠤᠮᠳᠠ ᠪᠡᠶ᠎ᠡ ᠶᠢᠨ ᠭᠠᠵᠠᠷ | ᠣᠷᠣᠨ ᠳᠤ 60% ᠶᠢᠨ ᠨᠥᠬᠦᠪᠦᠷᠢ ᠥᠭᠴᠦ᠂ ᠪᠠᠷᠠᠭᠤᠨ ᠪᠡᠶ᠎ᠡ ᠶᠢᠨ ᠭᠠᠵᠠᠷ ᠣᠷᠣᠨ ᠳᠤ 80% ᠶᠢᠨ ᠨᠥᠬᠦᠪᠦᠷᠢ | ᠥᠭᠭᠦᠨ᠎ᠡ᠃ ᠦᠨ᠎ᠡ ᠬᠠᠩᠰᠢ ᠶᠢᠨ ᠲᠦᠷ ᠴᠠᠭ ᠤᠨ ᠨᠥᠬᠦᠪᠦᠷᠢ ᠶᠢ ᠣᠷᠣᠨ ᠨᠤᠲᠤᠭ ᠤᠷᠢᠳ ᠢᠶᠠᠷ ᠣᠯᠭᠤᠵᠤ᠂ | ᠲᠥᠪ ᠤᠨ ᠡᠳ᠋ ᠤᠨ ᠵᠠᠰᠠᠭ ᠠᠴᠠ ᠲᠡᠷᠠᠭ᠎ᠠ ᠪᠠᠷ ᠳ᠋ᠦᠩᠨᠡᠨ ᠪᠤᠳᠦᠨ᠎ᠡ᠃ Q4 Q᠄ ᠪᠠᠷᠢᠮᠵᠢᠶ᠎ᠠ ᠳᠤ ᠨᠡᠶᠢᠴᠡᠬᠦ ᠬᠥᠮᠥᠨ | ᠠᠮᠠ ᠶᠢ ᠴᠠᠭ ᠲᠤᠬᠠᠢ ᠲᠤ ᠨᠢ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠶᠢ ᠶᠠᠮᠠᠷ ᠶᠠᠮᠠᠷ ᠠᠷᠭ᠎ᠠ ᠪᠠᠷ ᠪᠠᠲᠤᠯᠠᠬᠤ | ᠪᠤᠢ︖ A᠄ ᠨᠢᠭᠡ ᠳᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠡᠷᠴᠢᠮ ᠢ ᠴᠢᠩᠭᠠᠯᠠᠨ᠎ᠠ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠤᠰᠠᠳᠠ ᠠᠷᠠᠳ ᠤᠨ ᠶᠠᠪᠤᠳᠠᠯ ᠤᠨ ᠶᠠᠮᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠬᠦ ᠲᠠᠯ᠎ᠠ ᠪᠠᠷ ᠳᠦᠷᠢᠮ ᠤᠨ ᠲᠠᠯ᠎ᠠ ᠶᠢᠨ ᠰᠢᠨᠡᠴᠢᠯᠡᠯᠲᠡ ᠬᠢᠪᠡ᠃ ᠵᠢᠱᠢᠶᠡᠯᠡᠪᠡᠯ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠳᠣᠲᠣᠷᠠᠬᠢ ᠬᠦᠨᠳᠦ ᠡᠪᠡᠳᠴᠢᠨ ᠲᠠᠢ ᠬᠦᠨᠳᠦ ᠵᠡᠮᠳᠡᠭ | ᠬᠥᠮᠥᠰ ᠢ ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠵᠤ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠬᠦᠨᠳᠦ ᠡᠪᠡᠳᠴᠢᠨ ᠲᠠᠢ ᠬᠦᠨᠳᠦ ᠵᠡᠮᠳᠡᠭ ᠬᠥᠮᠥᠰ ᠢ | ᠠᠰ ᠢᠶᠠᠷ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠣᠷᠣᠭᠤᠯᠬᠤ ᠳᠤ ᠪᠠᠨ ᠳᠠᠷᠤᠢ ᠡᠷᠦᠬᠡ ᠪᠠᠷ ᠪᠠᠲᠤᠯᠠᠬᠤ | ᠪᠠ ᠬᠥᠮᠥᠨ ᠢᠶᠠᠷ ᠪᠠᠲᠤᠯᠠᠬᠤ ᠶᠢ ᠤᠶᠠᠯᠳᠤᠭᠤᠯᠤᠭᠰᠠᠨ ᠠᠴᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠳᠦᠷᠢᠮ ᠢ ᠨᠠᠩ ᠪᠠᠭᠲᠠᠭᠠᠮᠵᠢ ᠲᠠᠢ ᠪᠣᠯᠭᠠᠪᠠ︔ ᠡᠯ᠎ᠡ ᠭᠠᠵᠠᠷ ᠤᠨ ᠬᠢᠨ ᠤ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠶᠢᠨ ᠬᠢᠵᠠᠭᠠᠷ ᠢ ᠥᠩᠭᠡᠷᠡᠭᠰᠡᠨ ᠤ ᠰᠢᠶᠠᠨ ᠠᠴᠠ ᠵᠡᠭᠡᠯᠢ | ᠭᠤᠳᠤᠮᠵᠢ ᠪᠠ ᠰᠢᠶᠠᠩ ᠪᠠᠯᠭᠠᠰᠤᠨ ᠳᠤ ᠪᠠᠭᠤᠯᠭᠠᠬᠤ ᠶᠢ ᠵᠣᠷᠢᠭᠵᠢᠭᠤᠯᠵᠤ᠂ ᠡᠭᠦᠨ ᠤ ᠤᠯᠠᠮ ᠠᠴᠠ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠭᠡᠷ | ᠪᠦᠯᠢ ᠶᠢᠨ ᠣᠷᠣᠯᠭ᠎ᠠ ᠶᠢ ᠲᠣᠭᠠᠴᠠᠯᠠᠬᠤ ᠳᠤ ᠪᠠᠨ᠂ ᠲᠣᠭᠲᠠᠭᠠᠯ ᠶᠣᠰᠣᠭᠠᠷ ᠵᠠᠷᠢᠮ ᠵᠠᠶᠢᠯᠠᠰᠢ ᠦᠭᠡᠢ ᠵᠠᠷᠤᠯᠭ᠎ᠠ ᠪᠠ | ᠴᠢᠬᠤᠯᠠ ᠪᠦᠬᠦᠢ ᠠᠵᠢᠯ ᠣᠯᠭᠤᠯᠲᠠ ᠶᠢᠨ ᠥᠪᠡᠷ ᠤᠨ ᠦᠷᠲᠡᠭ ᠢ ᠵᠣᠬᠢᠰᠲᠠᠢ ᠬᠠᠰᠤᠵᠤ᠂ ᠠᠵᠢᠯ ᠣᠯᠣᠭᠰᠠᠨ ᠤ ᠳᠠᠷᠠᠭᠠᠬᠢ | ᠭᠡᠷ ᠪᠦᠯᠢ ᠶᠢᠨ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠡᠳᠡᠭᠡᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢ | ᠴᠦ ᠲᠡᠷᠡ ᠳᠠᠷᠤᠢ ᠳᠤ ᠨᠢ ᠪᠤᠴᠠᠭᠠᠵᠤ ᠭᠠᠷᠭᠠᠬᠤ ᠦᠭᠡᠢ᠂ ᠲᠡᠭᠦᠨ ᠳᠤ ᠬᠠᠭᠠᠰ ᠵᠢᠯ ᠠᠴᠠ ᠨᠢᠭᠡ ᠵᠢᠯ ᠤᠨ ᠠᠭᠠᠵᠢᠮ ᠢᠶᠠᠷ | ᠪᠤᠴᠠᠵᠤ ᠭᠠᠷᠬᠤ ᠬᠤᠭᠤᠴᠠᠭ᠎ᠠ ᠥᠭᠴᠦ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠨᠡᠩ ᠤᠯᠠᠨ | ᠬᠦᠴᠢᠷᠳᠡᠯ ᠲᠠᠢ ᠤᠯᠠᠨ ᠲᠦᠮᠡᠨ ᠢ ᠬᠠᠮᠤᠷᠤᠭᠤᠯᠵᠤ᠂ ︽ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ | ᠬᠠᠪᠰᠤᠷᠪᠠᠰᠤ ᠵᠣᠬᠢᠬᠤ ᠶᠢ ᠨᠢ ᠪᠦᠬᠦᠨ ᠢ ᠬᠠᠪᠰᠤᠷᠬᠤ︾ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠢ ᠴᠢᠩᠭᠠᠳᠬᠠᠨ᠎ᠠ᠃ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ︽ᠭᠠᠭᠴᠠ ᠬᠥᠮᠥᠨ ᠤ ᠪᠠᠲᠤᠯᠠᠭ᠎ᠠ︾ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ | ᠪᠦᠯᠢ ᠶᠢ ᠲᠣᠭᠲᠠᠭᠠᠬᠤ ᠴᠢᠬᠤᠯᠠ ᠲᠠᠢ᠃ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠭᠡᠳᠡᠭ ᠨᠢ | ᠡᠩ ᠤᠨ ᠪᠠᠶᠢᠳᠠᠯ ᠳᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠦᠭᠡᠢ᠂ ᠬᠠᠮᠲᠤ ᠠᠮᠢᠳᠤᠷᠠᠵᠤ | ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠪᠦᠷᠢ ᠶᠢᠨ ᠳᠤᠮᠳᠠᠴᠢ ᠣᠷᠣᠯᠭ᠎ᠠ ᠨᠢ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠠᠴᠠ ᠳᠠᠪᠠᠭᠰᠠᠨ ᠪᠣᠯᠪᠠᠴᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 | ᠳᠠᠬᠢᠨ ᠠᠴᠠ ᠳᠣᠣᠷ᠎ᠠ ᠪᠠᠶᠢᠵᠤ᠂ ᠵᠠᠷᠢᠮ ᠭᠠᠵᠠᠷ ᠣᠷᠣᠨ ᠳᠤ 2 ᠳᠠᠬᠢᠨ ᠠᠴᠠ ᠳᠣᠣᠷ᠎ᠠ ᠪᠠᠶᠢᠬᠤ ᠶᠢᠨ ᠬᠠᠮᠲᠤ ᠭᠡᠷ | ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠭᠡᠷ ᠪᠦᠯᠢ ᠶᠢ ᠵᠢᠭᠠᠵᠤ ᠪᠣᠶ᠃ | ᠣᠳᠣᠬᠠᠨ ᠳᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠳ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠳᠤ ᠬᠠᠪᠢᠳᠠᠭᠰᠠᠨ 570 ᠭᠠᠷᠤᠢ ᠲᠦᠮᠡᠨ ᠬᠥᠮᠥᠨ ᠠᠮᠠ ᠶᠢ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠨ᠎ᠠ᠂ | ᠡᠨᠡ ᠬᠦ ᠠᠵᠢᠯ ᠢ ᠪᠠᠰᠠ ᠤᠯᠠᠮ ᠨᠢᠭᠡ ᠠᠯᠬᠤᠮ ᠴᠢᠩᠭᠠᠳᠬᠠᠬᠤ ᠪᠠᠷ ᠪᠤᠢ᠃ Q5 Q᠄ ᠬᠦᠴᠢᠷᠳᠡᠯᠲᠡᠢ ᠣᠯᠠᠨ ᠲᠦᠮᠡᠨ | ᠦᠷᠭᠦᠯᠵᠢᠯᠡᠨ ᠨᠡᠮᠡᠭᠳᠡᠵᠦ ᠮᠡᠳᠡᠬᠦ ᠪᠠᠶᠢᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠬᠦᠴᠢᠷᠳᠡᠯᠲᠡᠢ ᠣᠯᠠᠨ | ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠬᠡᠷᠬᠢᠨ ᠴᠢᠩᠭᠠᠳᠬᠠᠬᠤ ᠪᠣᠶ︖ A᠄ ᠬᠥᠳᠡᠯᠦᠩᠭᠦᠢ ᠪᠠᠷ ᠬᠢᠨᠠᠨ | ᠬᠡᠮᠵᠢᠬᠦ ᠪᠠ ᠶᠡᠷᠦᠩᠬᠡᠶᠢᠯᠡᠨ ᠬᠠᠪᠰᠤᠷᠤᠨ ᠲᠡᠳᠬᠦᠬᠦ ᠡᠨᠡ ᠬᠤᠶᠠᠷ ᠲᠠᠯ᠎ᠠ ᠪᠠᠷ ᠭᠤᠣᠯᠳᠠᠯᠭ᠎ᠠ ᠪᠣᠯᠭᠠᠵᠤ᠂ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠬᠥᠳᠡᠯᠦᠩᠭᠦᠢ ᠪᠠᠷ ᠬᠢᠨᠠᠨ ᠬᠡᠮᠵᠢᠬᠦ | ᠭᠡᠳᠡᠭ ᠨᠢ ᠳᠠᠷᠤᠢ ᠪᠦᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠮᠡᠳᠡᠭᠡ | ᠵᠠᠩᠭᠢ ᠶᠢᠨ ᠲᠠᠪᠴᠠᠩ ᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠯᠭ᠎ᠠ ᠪᠠᠭᠠᠲᠠᠢ ᠨᠡᠩ ᠤᠯᠠᠨ ᠬᠦᠴᠢᠷᠳᠡᠯᠲᠡᠢ ᠤᠯᠠᠨ | ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠶᠠᠪᠤᠳᠠᠯ ᠪᠣᠯᠣᠨ᠎ᠠ᠃ ᠣᠳᠣᠬᠠᠨ ᠳᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠤᠨ ᠪᠠᠶᠢᠭᠤᠯᠤᠭᠰᠠᠨ ᠪᠥᠬᠦ ᠤᠯᠤᠰ ᠤᠨ ᠣᠷᠣᠯᠭ᠎ᠠ ᠪᠠᠭᠠᠲᠠᠢ ᠬᠥᠮᠥᠨ ᠠᠮᠠ ᠶᠢ ᠬᠢᠨᠠᠨ ᠬᠡᠮᠵᠢᠬᠦ ᠮᠡᠳᠡᠭᠡ | ᠵᠠᠩᠭᠢ ᠶᠢᠨ ᠲᠠᠪᠴᠠᠩ ᠳᠤ ᠨᠢᠭᠡᠨᠲᠡ 6200 ᠲᠦᠮᠡᠨ ᠣᠷᠣᠯᠭ᠎ᠠ ᠪᠠᠭᠠᠲᠠᠢ ᠬᠦᠮᠦᠰ ᠤᠨ ᠮᠡᠳᠡᠭᠡ ᠵᠠᠩᠭᠢ ᠶᠢ ᠲᠡᠮᠳᠡᠭᠯᠡᠵᠦ᠂ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠵᠦ ᠪᠠᠶᠢᠭ᠎ᠠ ᠬᠦᠮᠦᠰ᠂ ᠣᠨᠴᠠ ᠬᠦᠴᠢᠷᠳᠡᠯᠲᠡᠢ ᠬᠥᠮᠥᠰ᠂ | ᠵᠠᠷᠤᠯᠭ᠎ᠠ ᠶᠢᠨ ᠬᠡᠯᠪᠡᠷᠢ ᠶᠢᠨ ᠬᠦᠴᠢᠷᠳᠡᠯᠲᠡᠢ ᠣᠯᠠᠨ ᠲᠦᠮᠡᠨ᠂ ᠠᠮᠠᠷᠬᠠᠨ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ | ᠬᠥᠮᠥᠰ ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠬᠥᠮᠥᠨ ᠠᠮᠠ ᠶᠢ ᠪᠠᠭᠲᠠᠭᠠᠭᠰᠠᠨ ᠪᠥᠭᠡᠳ | ᠪᠠᠰᠠ ᠨᠠᠩ ᠣᠯᠠᠨ ᠬᠦᠴᠢᠷᠳᠡᠯᠲᠡᠢ ᠣᠯᠠᠨ ᠲᠦᠮᠡᠨ ᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠪᠠᠷ ᠪᠠᠶᠢᠨ᠎ᠠ᠃ | ᠡᠭᠦᠨ ᠤ ᠵᠡᠷᠭᠡ ᠳᠤ ᠲᠠᠪᠴᠠᠩ ᠤᠨ ᠴᠢᠳᠠᠮᠵᠢ ᠶᠢᠨ ᠬᠡᠷᠡᠭᠯᠡᠯᠲᠡ ᠶᠢ ᠥᠷᠭᠡᠳᠬᠡᠨ᠎ᠡ᠂ ᠵᠢᠱᠢᠶᠡᠯᠡᠪᠡᠯ ᠰᠤᠷᠭᠠᠨ ᠬᠥᠮᠦᠵᠢᠯ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ | ᠠᠷᠭᠠᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠢᠯᠴᠢᠨ ᠤ ᠶᠡᠷᠦᠩᠬᠡᠢ ᠡᠪᠯᠡᠯ᠂ | ᠵᠡᠮᠳᠡᠭᠴᠦᠳ ᠤᠨ ᠬᠤᠯᠪᠣᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠲᠠᠢ ᠠᠳᠠᠯᠢᠳᠬᠠᠬᠤ ᠶᠢ | ᠴᠢᠩᠭᠠᠳᠬᠠᠵᠤ᠂ ᠬᠦᠨᠳᠦ ᠡᠪᠡᠳᠴᠢᠨ᠂ ᠵᠡᠮᠳᠡᠭ᠂ ᠠᠵᠢᠯ ᠣᠯᠬᠤ᠂ ᠰᠤᠷᠭᠠᠭᠤᠯᠢ ᠳᠤ ᠣᠷᠣᠬᠤ ᠵᠡᠷᠭᠡ ᠪᠠᠶᠢᠳᠠᠯ ᠳᠤ | ᠴᠢᠭᠯᠡᠭᠦᠯᠦᠨ ᠤᠷᠢᠳᠴᠢᠯᠠᠨ ᠰᠡᠷᠡᠮᠵᠢᠯᠡᠭᠦᠯᠬᠦ ᠭᠦᠢᠴᠡᠳᠬᠡᠯ ᠲᠤᠭ᠎ᠠ ᠭᠠᠷᠭᠠᠵᠤ᠂ ᠵᠣᠬᠢᠴᠠᠩᠭᠤᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ ᠶᠡᠷᠦᠩᠬᠡᠶᠢᠯᠡᠨ ᠬᠠᠪᠰᠤᠷᠤᠨ ᠲᠡᠳᠬᠦᠬᠦ ᠭᠡᠳᠡᠭ ᠨᠢ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠳᠠᠯᠢ ᠪᠤᠰᠤ ᠬᠦᠴᠢᠷᠳᠡᠯ ᠲᠠᠢ ᠣᠯᠠᠨ ᠲᠦᠮᠡᠨ ᠳᠤ | ᠴᠢᠭᠯᠡᠭᠦᠯᠦᠭᠰᠡᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠪᠠᠶᠢᠭᠤᠯᠵᠤ᠂ ᠴᠠᠭ ᠲᠤᠬᠠᠢ ᠳᠤ ᠨᠢ ᠬᠠᠨᠳᠤᠯᠭ᠎ᠠ ᠲᠠᠢ ᠪᠠᠷ | ᠠᠪᠤᠷᠠᠨ ᠲᠤᠰᠠᠯᠠᠵᠤ ᠬᠠᠪᠰᠤᠷᠤᠨ ᠳᠡᠳᠬᠦᠨ᠎ᠡ᠃ ᠵᠢᠱᠢᠶᠡᠯᠡᠪᠡᠯ ᠠᠮᠢᠳᠤᠷᠠᠯ ᠨᠢ ᠬᠦᠴᠢᠷᠳᠡᠯ ᠲᠠᠢ ᠪᠣᠯ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠪᠤᠶᠤ ᠲᠦᠷ ᠴᠠᠭ ᠤᠨ ᠠᠪᠤᠷᠠᠨ ᠲᠤᠰᠠᠯᠠᠯᠲᠠ ᠣᠯᠭᠤᠵᠤ᠂ ᠡᠪᠡᠳᠴᠢᠯᠡᠪᠡᠯ ᠡᠮᠴᠢᠯᠡᠭᠡᠨ ᠤ | ᠠᠪᠤᠷᠠᠨ ᠲᠤᠰᠠᠯᠠᠯᠲᠠ ᠣᠯᠭᠤᠬᠤ᠂ ᠰᠤᠷᠭᠠᠭᠤᠯᠢ ᠳᠤ ᠣᠷᠣᠬᠤ ᠳᠤ ᠬᠦᠴᠢᠷᠳᠡᠯ ᠲᠠᠢ ᠪᠣᠯ ᠰᠤᠷᠭᠠᠨ ᠬᠥᠮᠦᠵᠢᠯ ᠤᠨ | ᠠᠪᠤᠷᠠᠨ ᠲᠤᠰᠠᠯᠠᠯᠲᠠ ᠣᠯᠭᠤᠵᠤ᠂ ᠣᠷᠣᠨ ᠰᠠᠭᠤᠴᠠ ᠨᠢ ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠠᠪᠤᠷᠠᠨ | ᠲᠤᠰᠠᠯᠠᠯᠲᠠ ᠣᠯᠭᠤᠵᠤ᠂ ᠳᠡᠰ ᠲᠥᠷᠥᠯ ᠬᠤᠪᠢᠶᠠᠨ ᠶᠡᠷᠦᠩᠬᠡᠶᠢᠯᠡᠨ ᠠᠪᠤᠷᠠᠨ ᠲᠤᠰᠠᠯᠠᠬᠤ ᠪᠠᠶᠢᠳᠠᠯ ᠢ ᠪᠤᠢ ᠪᠣᠯᠭᠠᠵᠤ᠂ | ᠡᠭᠦᠨ ᠤ ᠤᠯᠠᠮ ᠢᠶᠠᠷ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠪᠠᠷ ᠳᠠᠮᠵᠢᠭᠤᠯᠤᠨ ᠠᠪᠤᠷᠠᠨ ᠲᠤᠰᠠᠯᠠᠬᠤ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠠᠪᠤᠷᠠᠨ ᠲᠤᠰᠠᠯᠠᠬᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠦᠴᠢᠷᠳᠡᠯ ᠲᠠᠢ | ᠤᠯᠠᠨ ᠲᠦᠮᠡᠨ ᠳᠤ ᠨᠡᠩ ᠬᠦᠴᠦᠨ ᠲᠠᠢ᠂ ᠨᠡᠩ ᠦᠷᠭᠦᠯᠵᠢᠯᠡᠬᠦ᠋ᠢᠴᠡ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ | ᠬᠠᠩᠭᠠᠨ᠎ᠠ᠃ | | |