| | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ | 1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠂ | ᠬᠠᠮᠲᠤ ᠪᠠᠷ ᠦᠵᠡᠵᠡᠭᠡᠶ᠎ᠡ᠃ | — — ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ — — | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠭᠤᠣᠯᠳᠠᠭᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ︖ | | ᠨᠢᠭᠡ ᠳᠤ᠂ ᠡᠪᠡᠳᠴᠢᠨ ᠤ ᠨᠡᠷ᠎ᠡ ᠶᠢ ᠰᠢᠨᠡᠴᠢᠯᠡᠪᠡ᠃ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ︾ ᠢ ︽ | ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ︾ ᠭᠡᠵᠦ ᠥᠭᠡᠷᠡᠴᠢᠯᠡᠨ᠎ᠡ︔ | ᠬᠤᠶᠠᠷ ᠲᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠪᠠᠶᠢᠩᠭᠤᠵᠢᠭᠰᠠᠨ ᠪᠠᠶᠢᠳᠠᠯ | ᠳᠣᠣᠷ᠎ᠠ᠂ ᠭᠤᠣᠯᠳᠠᠭᠤ ᠸᠢᠷᠦ᠋ᠰ ᠤᠨ | ᠣᠨᠳᠣᠣᠰᠢᠯ ᠤᠨ ᠬᠢᠨᠠᠨ ᠰᠢᠨᠵᠢᠯᠡᠯᠲᠡ᠂ ᠣᠨᠴᠠᠭᠠᠶ ᠬᠡᠷᠡᠭ ᠤᠨ ᠮᠡᠳᠡᠭᠦᠯᠦᠯᠲᠡ᠂ ᠴᠡᠭ ᠲᠣᠭᠲᠠᠭᠠᠭᠰᠠᠨ ᠡᠮᠨᠡᠯᠭᠡ ᠶᠢᠨ | ᠬᠤᠷᠢᠶ᠎ᠠ ᠶᠢᠨ ᠬᠢᠨᠠᠨ ᠰᠢᠨᠵᠢᠯᠡᠯᠲᠡ᠂ | ᠰᠢᠯᠲᠠᠭᠠᠨ ᠨᠢ ᠲᠣᠳᠣᠷᠬᠠᠢ ᠦᠭᠡᠢ ᠠᠭᠤᠰᠬᠢᠨ ᠦᠷᠪᠢᠰᠦᠯ ᠤᠨ ᠬᠢᠨᠠᠨ ᠰᠢᠨᠵᠢᠯᠡᠯᠲᠡ᠂ ᠬᠤᠲᠠ ᠶᠢᠨ ᠪᠣᠬᠢᠷ ᠤᠰᠤᠨ ᠤ | ᠬᠢᠨᠠᠨ ᠰᠢᠨᠵᠢᠯᠡᠯᠲᠡ ᠵᠡᠷᠭᠡ ᠶᠢ | ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ᠂ ᠪᠥᠭᠡᠮ ᠬᠦᠴᠢᠯ ᠪᠠ ᠥᠳᠥᠭᠡᠭᠴᠢ ᠶᠢᠨ | ᠪᠠᠶᠢᠴᠠᠭᠠᠨ ᠰᠢᠯᠭᠠᠯᠲᠠ ᠬᠢᠨᠠᠨ ᠰᠢᠨᠵᠢᠯᠡᠯᠲᠠ᠂ | ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠢᠨᠠᠨ ᠰᠢᠨᠵᠢᠯᠡᠯᠲᠠ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠬᠢᠨᠠᠨ ᠰᠢᠨᠵᠢᠯᠡᠯᠲᠠ | ᠵᠡᠷᠭᠡ ᠶᠢ ᠨᠡᠮᠡᠭᠳᠡᠭᠦᠯᠦᠨ᠎ᠡ︔ | ᠭᠤᠷᠪᠠ ᠳᠤ᠂ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ᠃ ᠪᠥᠬᠦ ᠠᠷᠠᠳ ᠤᠨ ᠪᠥᠭᠡᠮ | ᠬᠦᠴᠢᠯ ᠤᠨ ᠰᠢᠭᠰᠢᠨ | ᠪᠠᠶᠢᠴᠠᠭᠠᠯᠲᠠ ᠶᠢ ᠳᠠᠭᠢᠵᠤ ᠥᠷᠨᠢᠭᠦᠯᠬᠦ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠡᠷᠡᠭᠴᠡᠭᠡ ᠪᠠᠨ | ᠦᠨᠳᠦᠰᠦᠯᠡᠨ ︽ᠪᠠᠶᠢᠴᠠᠭᠠᠯᠭᠠᠬᠤ ᠬᠦᠰᠡᠯ ᠲᠠᠢ ᠨᠢ | ᠪᠠᠶᠢᠴᠠᠭᠠᠯᠭᠠᠵᠤ︾ ᠪᠣᠯᠣᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ | ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ | ᠪᠠᠶᠢᠭᠤᠯᠤᠮᠵᠢ ᠶᠢᠨ ᠠᠵᠢᠯᠲᠠᠨ ᠪᠠ ᠬᠠᠷᠠᠵᠤ ᠬᠠᠷᠠᠭᠠᠯᠵᠠᠬᠤ ᠠᠵᠢᠯᠲᠠᠳ ᠲᠤ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ | ᠲᠣᠭᠲᠠᠮᠠᠯ ᠬᠤᠭᠤᠴᠠᠭ᠎ᠠ ᠲᠠᠢ ᠪᠠᠷ | ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠠ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠬᠦᠨᠳᠦ | ᠡᠪᠡᠳᠴᠢᠨ ᠤ ᠠᠶᠤᠯ ᠲᠦᠭᠰᠢᠭᠦᠷᠢ ᠶᠡᠬᠡᠲᠡᠢ | ᠬᠥᠮᠥᠰ ᠲᠤ ᠬᠠᠮᠢᠶ᠎ᠠ ᠪᠦᠬᠦᠢ ᠡᠪᠡᠳᠴᠢᠨ ᠤ ᠢᠯᠡᠷᠡᠯ ᠭᠠᠷᠤᠭᠰᠠᠨ ᠤ ᠳᠠᠷᠠᠭ᠎ᠠ ᠥᠳᠥᠭᠡᠭᠴᠢ ᠪᠤᠶᠤ ᠪᠥᠭᠡᠮ ᠬᠦᠴᠢᠯ ᠤᠨ | ᠪᠠᠶᠢᠴᠠᠭᠠᠯᠲᠠ ᠬᠢᠨ᠎ᠡ︔ | ᠳᠥᠷᠪᠡ ᠳᠤ᠂ ᠬᠠᠯᠳᠠᠪᠤᠷᠢᠯᠠᠬᠤ ᠡᠬᠢ ᠰᠤᠷᠪᠤᠯᠵᠢ ᠶᠢᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠨ᠎ᠡ᠃ ᠰᠢᠨ᠎ᠡ ᠲᠢᠲᠢᠮᠯᠢᠭ | ᠸᠢᠷᠦ᠋ᠰ ᠲᠤ | ᠬᠠᠯᠳᠠᠪᠤᠷᠢᠯᠠᠭᠳᠠᠭᠰᠠᠳ ᠢ ᠲᠤᠰᠠᠭᠠᠷᠯᠠᠬᠤ ᠠᠷᠭ᠎ᠠ ᠬᠡᠮᠵᠢᠶ᠎ᠡ ᠶᠢ ᠳᠠᠭᠢᠵᠤ ᠬᠡᠷᠡᠭᠵᠢᠭᠦᠯᠬᠦ ᠦᠭᠡᠢ᠂ ᠲᠠᠰ ᠲᠥᠷᠥᠯ ᠬᠤᠪᠢᠶᠠᠨ | ᠭᠥᠯᠢᠶᠡᠨ ᠠᠪᠴᠤ ᠡᠮᠨᠡᠬᠦ ᠶᠢ | ᠬᠡᠷᠡᠭᠵᠢᠭᠦᠯᠦᠨ᠎ᠡ︔ ᠨᠢᠭᠲᠠ ᠣᠶᠢᠷᠠᠲᠤᠭᠰᠠᠳ ᠢ ᠳᠠᠭᠢᠵᠤ ᠮᠠᠭᠠᠳᠯᠠᠨ ᠲᠣᠭᠲᠠᠭᠠᠬᠤ ᠦᠭᠡᠢ᠂ ᠥᠨᠳᠥᠷ ᠳᠣᠣᠷ᠎ᠠ ᠲᠠᠰ ᠤᠨ | ᠲᠦᠭᠰᠢᠭᠦᠷᠢᠲᠦ ᠣᠷᠣᠨ ᠢ ᠳᠠᠭᠢᠵᠤ | ᠵᠠᠭᠠᠭᠯᠠᠨ ᠲᠣᠭᠲᠠᠭᠠᠬᠤ ᠦᠭᠡᠢ︔ | ᠲᠠᠪᠤ ᠳᠤ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ | ᠪᠣᠯᠣᠨ᠎ᠠ᠃ | | ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ ᠳᠠᠷᠠᠭᠠᠬᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠠᠪᠴᠤ ᠪᠣᠯᠣᠨ᠎ᠠ | ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ᠂ ᠸᠢᠷᠦ᠋ᠰ ᠤᠨ ᠣᠨᠳᠣᠣᠰᠢᠯ ᠤᠨ ᠪᠠᠶᠢᠳᠠᠯ᠂ ᠬᠢᠵᠢᠭ ᠤᠨ | ᠪᠠᠶᠢᠳᠠᠯ ᠳᠡᠯᠭᠡᠷᠡᠭᠰᠡᠨ | ᠬᠦᠴᠦᠯᠡᠴᠡ᠂ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠴᠠ ᠪᠣᠯᠣᠨ ᠨᠡᠶᠢᠭᠡᠮ ᠤᠨ ᠠᠵᠢᠯᠯᠠᠭᠠᠨ ᠤ ᠪᠠᠶᠢᠳᠠᠯ ᠵᠡᠷᠭᠡ ᠲᠠᠢ | ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠨ | ᠵᠢᠱᠢᠯᠲᠡ ᠬᠢᠵᠦ᠂ ᠬᠥᠮᠥᠰ ᠤᠨ ᠬᠠᠯᠳᠠᠪᠤᠷᠢᠯᠠᠬᠤ ᠨᠤᠷᠮ᠎ᠠ ᠪᠣᠯᠣᠨ ᠡᠮᠴᠢᠯᠡᠭᠡᠨ ᠤ ᠡᠬᠢ ᠪᠠᠶᠠᠯᠢᠭ ᠤᠨ ᠪᠠᠴᠢᠮ | ᠱᠠᠭᠠᠷᠳᠠᠭᠳᠠᠬᠤ ᠬᠡᠮᠵᠢᠶ᠎ᠡ ᠵᠡᠷᠭᠡ ᠶᠢ ᠦᠨᠳᠦᠰᠦᠯᠡᠨ᠂ | ᠴᠠᠭ ᠲᠤᠬᠠᠢ ᠳᠤ ᠨᠢ᠂ ᠬᠠᠤᠯᠢ ᠶᠣᠰᠣᠭᠠᠷ ᠲᠦᠷ ᠴᠠᠭ ᠤᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ | ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ ᠤᠨ | ᠬᠢᠵᠢᠭ ᠤᠨ ᠪᠠᠶᠢᠳᠠᠯ ᠡᠭᠦᠰᠬᠦ᠂ ᠳᠡᠯᠭᠡᠷᠡᠬᠦ ᠦᠶ᠎ᠡ ᠳᠤ᠂ ᠪᠠᠰᠠ ᠴᠠᠭ ᠤᠨ ᠪᠠᠶᠢᠳᠠᠯ ᠳᠤ ᠲᠣᠬᠢᠷᠠᠭᠤᠯᠵᠤ᠂ ᠬᠠᠤᠯᠢ ᠶᠣᠰᠣᠭᠠᠷ | ᠂ ᠰᠣᠩᠭᠤᠯᠲᠠ ᠲᠠᠢ ᠪᠠᠷ ᠵᠠᠷᠢᠮ ᠪᠠᠴᠢᠮ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃ | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠴᠢᠬᠤᠯᠠ ᠪᠤᠰᠤ ᠲᠣᠮᠣ ᠬᠡᠯᠪᠡᠷᠢ ᠶᠢᠨ ᠠᠵᠢᠯᠯᠠᠭ᠎ᠠ ᠶᠢ ᠲᠦᠷ | ᠬᠤᠶᠢᠰᠢᠯᠠᠭᠤᠯᠬᠤ᠂ ᠲᠣᠮᠣ | ᠬᠡᠯᠪᠡᠷᠢ ᠶᠢᠨ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ ᠲᠦᠷ ᠵᠣᠭᠰᠤᠭᠠᠬᠤ ᠶᠢ ᠪᠠᠭᠲᠠᠭᠠᠭᠰᠠᠨ | ᠡᠳᠦᠢ ᠲᠡᠳᠦᠢ ᠠᠷᠭ᠎ᠠ ᠬᠡᠮᠵᠢᠶ᠎ᠡ ᠶᠢ | ᠵᠢᠭᠰᠠᠭᠠᠪᠠ︔ ᠮᠦᠽᠧᠢ᠂ ᠤᠷᠠᠯᠢᠭ ᠤᠨ ᠣᠷᠳᠣᠨ ᠵᠡᠷᠭᠡ ᠭᠡᠷ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠬᠥᠮᠥᠨ ᠤ | ᠲᠤᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ | ᠠᠪᠤᠨ᠎ᠠ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠤᠷᠠᠢ | ᠬᠥᠮᠥᠰ ᠲᠥᠪᠯᠡᠷᠡᠭᠰᠡᠨ ᠲᠠᠯᠠᠪᠤᠷ ᠢ | ᠴᠢᠩᠭ᠎ᠠ ᠬᠠᠮᠢᠶᠠᠷᠤᠨ᠎ᠠ︔ ᠣᠷᠭᠢᠯ ᠦᠶ᠎ᠡ ᠶᠢ ᠵᠥᠷᠢᠭᠦᠯᠦᠨ ᠠᠵᠢᠯ ᠳᠤ ᠪᠠᠨ ᠭᠠᠷᠬᠤ ᠪᠠ ᠠᠵᠢᠯ ᠠᠴᠠ ᠪᠠᠨ ᠪᠠᠭᠤᠬᠤ᠂ | ᠤᠶᠠᠨ ᠬᠠᠳᠠᠨ ᠢᠶᠠᠷ ᠠᠵᠢᠯᠯᠠᠬᠤ ᠳᠦᠷᠢᠮ ᠢ | ᠬᠡᠷᠡᠭᠵᠢᠭᠦᠯᠬᠦ ᠪᠤᠶᠤ ᠭᠡᠷ ᠲᠤ ᠪᠠᠨ ᠰᠠᠭᠤᠵᠤ ᠠᠵᠢᠯᠯᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ︔ ᠪᠠᠰᠠ ᠰᠤᠷᠭᠠᠨ | ᠬᠥᠮᠦᠵᠢᠯ ᠤᠨ ᠪᠠᠶᠢᠭᠤᠯᠤᠮᠵᠢ ᠠᠴᠠ ᠲᠦᠷ ᠴᠠᠭ ᠤᠨ | ᠴᠢᠨᠠᠷᠲᠠᠢ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠶᠠᠪᠤᠭᠤᠯᠤᠨ᠎ᠠ᠃ ᠬᠢᠵᠢᠭ ᠤᠨ ᠪᠠᠶᠢᠳᠠᠯ ᠨᠠᠮᠳᠠᠬᠤ ᠳᠤ ᠬᠦᠷᠪᠡᠯ᠂ | ᠲᠤᠬᠠᠢ ᠶᠢᠨ ᠭᠠᠵᠠᠷ ᠤᠨ ᠵᠠᠰᠠᠭ ᠤᠨ | ᠣᠷᠳᠣᠨ ᠠᠴᠠ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠪᠠᠷ ᠴᠠᠭ | ᠲᠤᠬᠠᠢ ᠳᠤ ᠨᠢ ᠵᠠᠷᠯᠠᠬᠤ ᠬᠡᠷᠡᠭᠲᠡᠢ᠃ | | — — ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ — — | | ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠬᠡᠷᠬᠢᠨ ᠬᠠᠮᠤᠭ ᠤᠨ ᠲᠡᠷᠢᠭᠦᠨ ᠳᠤ ᠬᠢᠨᠠᠨ ᠰᠢᠨᠵᠢᠯᠡᠬᠦ ᠪᠤᠢ︖ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠭᠰᠠᠨ ᠠᠴᠠ ᠨᠠᠭᠠᠰᠢ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ | ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠢ ᠬᠢᠨᠠᠨ ᠰᠢᠨᠵᠢᠯᠡᠬᠦ ᠠᠵᠢᠯ ᠤᠨ ᠲᠥᠰᠥᠯ ᠢᠶᠠᠨ ᠤᠯᠠᠮ | ᠨᠢᠭᠡ ᠠᠯᠬᠤᠮ ᠲᠡᠭᠦᠯᠳᠡᠷᠵᠢᠭᠦᠯᠵᠦ᠂ | ᠤᠤᠯ ᠤᠨ ᠠᠵᠢᠯ ᠤᠨ ᠰᠠᠭᠤᠷᠢᠨ ᠳᠡᠭᠡᠷ᠎ᠡ᠂ ᠬᠢᠯᠢ ᠪᠠᠷ ᠣᠷᠣᠵᠤ ᠢᠷᠡᠭᠰᠡᠨ ᠬᠥᠮᠥᠰ᠂ ᠡᠮᠨᠡᠯᠭᠡ ᠳᠤ ᠣᠴᠢᠬᠤ | ᠡᠪᠡᠳᠴᠢᠲᠡᠳ᠂ ᠭᠤᠣᠯᠳᠠᠯᠭ᠎ᠠ ᠲᠠᠢ ᠲᠠᠯᠠᠪᠤᠷ ᠭᠠᠵᠠᠷ | ᠪᠣᠯᠣᠨ ᠭᠤᠣᠯᠳᠠᠯᠭ᠎ᠠ ᠲᠠᠢ ᠬᠥᠮᠥᠰ ᠲᠤ ᠥᠷᠨᠢᠭᠦᠯᠬᠦ ᠦᠯᠢᠭᠡᠷ ᠠᠪᠴᠤ ᠰᠢᠯᠭᠠᠨ ᠪᠠᠶᠢᠴᠠᠭᠠᠯᠭᠠᠬᠤ ᠪᠠ ᠭᠧᠨ ᠤ ᠳᠠᠷᠠᠭᠠᠯᠠᠯ ᠢ | ᠰᠢᠯᠭᠠᠨ ᠪᠠᠶᠢᠴᠠᠭᠠᠬᠤ ᠠᠵᠢᠯ ᠢ | ᠴᠢᠩᠭᠠᠳᠬᠠᠪᠠ᠃ ᠭᠠᠳᠠᠭᠠᠳᠤ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ | ᠪᠣᠭᠤᠮᠲᠠ ᠯᠤᠭ᠎ᠠ ᠶᠢᠨ ᠨᠢᠭᠲᠠ | ᠬᠠᠮᠲᠤᠷᠠᠯᠴᠠᠭ᠎ᠠ ᠪᠠᠨ ᠴᠢᠩᠭᠠᠳᠬᠠᠵᠠᠢ᠃ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ | ᠂ ᠮᠤᠵᠢ ᠨᠢᠭᠡᠪᠦᠷᠢ ᠬᠡᠰᠡᠭ ᠬᠤᠲᠠ ᠪᠠ | ᠡᠮᠨᠡᠯᠭᠡ ᠶᠢᠨ ᠬᠤᠷᠢᠶ᠎ᠠ ᠶᠢ ᠰᠣᠩᠭᠤᠨ ᠬᠢᠨᠠᠨ ᠰᠢᠨᠵᠢᠯᠡᠬᠦ ᠴᠡᠭ ᠪᠣᠯᠭᠠᠵᠤ᠂ ᠡᠭᠦᠳᠡᠨ ᠡᠮᠨᠡᠯᠭᠡ ᠶᠢᠨ ᠡᠪᠡᠳᠴᠢᠨ ᠤ ᠵᠢᠱᠢᠶ᠎ᠡ᠂ | ᠬᠦᠨᠳᠦ ᠡᠪᠡᠳᠴᠢᠲᠡᠨ ᠪᠠ ᠨᠠᠰᠤ | ᠪᠠᠷᠠᠭᠰᠠᠨ ᠡᠪᠡᠳᠴᠢᠨ ᠤ ᠵᠢᠱᠢᠶ᠎ᠡ ᠳᠤ ᠵᠣᠬᠢᠬᠤ ᠲᠤᠭ᠎ᠠ ᠬᠡᠮᠵᠢᠶᠡᠨ ᠤ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠡᠪᠡᠳᠴᠢᠨ ᠤ ᠵᠢᠱᠢᠶ᠎ᠡ ᠶᠢᠨ ᠥᠯᠢᠭᠡᠷ | ᠠᠪᠬᠤ ᠪᠠ ᠭᠧᠨ ᠤ ᠳᠠᠷᠠᠭᠠᠯᠠᠯ ᠢ ᠨᠢ ᠬᠡᠮᠵᠢᠨ ᠲᠣᠭᠲᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠬᠤ | ᠬᠠᠨᠳᠤᠰᠢ ᠶᠢ ᠬᠥᠳᠡᠯᠦᠩᠭᠦᠢ ᠪᠠᠷ ᠬᠢᠨᠠᠨ ᠰᠢᠨᠵᠢᠯᠡᠵᠦ᠂ | ᠣᠨᠳᠣᠣᠰᠢᠭᠰᠠᠨ ᠰᠢᠨ᠎ᠡ ᠸᠢᠷᠦ᠋ᠰ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠲᠡᠭᠦᠨ ᠤ ᠠᠮᠢᠳᠤ ᠪᠣᠳᠠᠰ ᠤᠨ | ᠰᠤᠳᠤᠯᠤᠯ ᠤᠨ ᠥᠪᠡᠷᠮᠢᠴᠡ ᠴᠢᠨᠠᠷ ᠤᠨ | ᠬᠤᠪᠢᠷᠠᠯᠲᠠ ᠶᠢ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠪᠠᠶᠢᠴᠠᠭᠠᠨ ᠰᠢᠯᠭᠠᠬᠤ ᠤᠷᠪᠠᠯᠵᠢ | ᠂ ᠸᠠᠺᠼᠢᠨ ᠪᠠ ᠡᠮ ᠢ ᠰᠤᠳᠤᠯᠤᠨ | ᠨᠡᠭᠡᠭᠡᠬᠦ ᠵᠢᠴᠢ ᠦᠨᠡᠯᠡᠬᠦ ᠵᠡᠷᠭᠡ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ | | | | XBB᠂ ᠤᠨ ᠣᠳᠣᠬᠠᠨ ᠳᠤ ᠢᠯᠡᠷᠡᠭᠰᠡᠨ ᠣᠨᠴᠠᠯᠢᠭ ᠨᠢ ᠶᠠᠭᠤ ᠪᠤᠢ︖ ᠡᠪᠡᠳᠴᠢᠯᠡᠭᠦᠯᠬᠦ ᠴᠢᠳᠠᠯ ᠪᠠ ᠬᠤᠣᠷᠲᠤ | ᠴᠢᠨᠠᠷ ᠨᠢ ᠴᠢᠩᠭᠠᠷᠠᠭᠰᠠᠨ ᠤᠤ︖ | ᠰᠢ᠊ᠨᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠭᠠᠰᠢ᠂ ᠮᠠᠨ ᠤ ᠤᠯᠤᠰ ᠰᠢᠨ᠎ᠡ ᠲᠢᠲᠢᠮᠯᠢᠭ | ᠸᠢᠷᠦ᠋ᠰ ᠢ ᠬᠢᠨᠠᠨ ᠰᠢᠨᠵᠢᠯᠡᠬᠦ ᠠᠵᠢᠯ ᠢ | ᠥᠷᠨᠢᠭᠦᠯᠦᠭᠰᠡᠭᠡᠷ ᠢᠷᠡᠵᠡᠶ᠃ ᠪᠦᠬᠦ ᠪᠥᠮᠪᠥᠷᠴᠡᠭ ᠤᠨ ᠪᠠᠶᠢᠳᠠᠯ ᠠᠴᠠ ᠦᠵᠡᠪᠡᠯ᠂ XBB ᠰᠢᠷᠢᠰ ᠣᠨᠳᠣᠣᠰᠢᠭᠰᠠᠨ | ᠸᠢᠷᠦ᠋ᠰ ᠨᠢ ᠭᠤᠣᠯᠳᠠᠭᠤ ᠠᠮᠧᠷᠢᠺᠠ᠂ | ᠡᠨᠡᠳᠬᠡᠭ᠂ ᠮᠠᠯᠠᠶᠢᠰᠢᠶ᠎ᠠ ᠪᠣᠯᠣᠨ ᠰᠢᠩᠭᠠᠫᠤᠷ ᠵᠡᠷᠭᠡ ᠤᠯᠤᠰ ᠲᠤ ᠳᠡᠯᠭᠡᠷᠡᠵᠦ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ | XBB ᠨᠢ ᠳᠡᠯᠭᠡᠷᠡᠬᠦ ᠶᠠᠪᠤᠴᠠ ᠳᠤ | ᠪᠠᠰᠠ ᠨᠢᠭᠡᠨ ᠰᠢᠨ᠎ᠡ ᠳᠡᠳ᠋ ᠰᠠᠯᠪᠤᠷᠢ XBB.1.5 ᠪᠣᠶ ᠪᠣᠯᠵᠠᠢ᠂ ᠡᠨᠡ ᠬᠦ ᠬᠤᠪᠢᠰᠤᠭᠰᠠᠨ ᠰᠠᠯᠪᠤᠷᠢ ᠸᠢᠷᠦ᠋ᠰ ᠨᠢ | ᠠᠮᠧᠷᠢᠺᠠ ᠶᠢᠨ ᠣᠳᠣᠬᠠᠨ ᠤ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠭᠰᠡᠳ ᠤᠨ ᠳᠣᠲᠣᠷ᠎ᠠ ᠨᠡᠯᠢᠶᠡᠳ ᠥᠨᠳᠥᠷ ᠬᠠᠷᠢᠴᠠᠯ ᠲᠠᠢ ᠪᠠᠶᠢᠭ᠎ᠠ ᠪᠥᠭᠡᠳ ᠨᠡᠮᠡᠭᠳᠡᠬᠦ ᠬᠠᠨᠳᠤᠰᠢ ᠲᠠᠢ | ᠪᠠᠶᠢᠨ᠎ᠠ᠃ ᠠᠮᠧᠷᠢᠺᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠰᠢᠨᠵᠢᠯᠡᠭᠰᠡᠨ ᠢᠶᠠᠷ ᠢᠷᠡᠭᠡᠳᠦᠢ ᠶᠢᠨ ᠬᠡᠳᠦᠨ ᠭᠠᠷᠠᠭ ᠤᠨ ᠳᠣᠲᠣᠷ᠎ᠠ | XBB.1.5 ᠨᠢ ᠣᠳᠣᠬᠠᠨ ᠤ | ᠠᠮᠧᠷᠢᠺᠠ ᠳᠤ ᠳᠡᠯᠭᠡᠷᠡᠵᠦ ᠪᠠᠶᠢᠭ᠎ᠠ BQ.1 ᠪᠣᠯᠣᠨ BQ.1.1᠂ ᠶᠢ ᠣᠷᠣᠯᠠᠵᠤ᠂ ᠠᠮᠧᠷᠢᠺᠠ ᠳᠤ ᠳᠡᠯᠭᠡᠷᠡᠬᠦ ᠭᠤᠣᠯ | ᠣᠨᠳᠣᠣᠰᠢᠭᠰᠠᠨ ᠸᠢᠷᠦ᠋ᠰ ᠪᠣᠯᠵᠤ ᠮᠡᠳᠡᠨ᠎ᠡ | ᠭᠡᠵᠦ ᠵᠢᠱᠢᠵᠦ ᠪᠠᠶᠢᠨ᠎ᠠ᠃ | 2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ ᠳᠡᠯᠡᠬᠡᠢ ᠶᠢᠨ 35 ᠤᠯᠤᠰ ᠪᠠ ᠭᠠᠵᠠᠷ | ᠣᠷᠣᠨ ᠳᠤ XBB.1.5᠂ ᠶᠢ ᠬᠢᠨᠠᠨ | ᠰᠢᠨᠵᠢᠯᠡᠵᠦ ᠣᠯᠣᠭᠰᠠᠨ ᠪᠠᠶᠢᠨ᠎ᠠ᠃ ᠮᠠᠨ ᠤ ᠤᠯᠤᠰ ᠤᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ | ᠂ 2022 ᠣᠨ ᠤ 8 ᠳ᠋ᠤᠭᠠᠷ | ᠰᠠᠷ᠎ᠠ ᠶᠢᠨ 1 ᠤ ᠡᠳᠦᠷ ᠠᠴᠠ ᠣᠲᠣ ᠪᠣᠯᠲᠠᠯ᠎ᠠ᠂ ᠮᠠᠨ ᠤ ᠤᠯᠤᠰ XBB᠂ ᠤᠨ ᠬᠤᠯᠪᠣᠭᠳᠠᠯ ᠪᠦᠬᠦᠢ ᠲᠤᠬᠠᠢ ᠶᠢᠨ | ᠭᠠᠵᠠᠷ ᠤᠨ 16 ᠡᠪᠡᠳᠴᠢᠨ ᠤ ᠵᠢᠱᠢᠶ᠎ᠡ ᠶᠢ | ᠬᠢᠨᠠᠨ ᠰᠢᠨᠵᠢᠯᠡᠵᠦ ᠣᠯᠣᠭᠰᠠᠨ ᠪᠥᠭᠡᠳ ᠴᠥᠮ XBB.1᠂ ᠶᠢᠨ ᠬᠤᠪᠢᠰᠤᠭᠰᠠᠨ ᠰᠠᠯᠪᠤᠷᠢ ᠪᠣᠯᠣᠨ᠎ᠠ᠃ | ᠤᠯᠠᠨ ᠵᠦᠢᠯ ᠤᠨ ᠰᠤᠳᠤᠯᠭᠠᠨ ᠤ ᠦᠷ᠎ᠡ ᠳ᠋ᠦᠩ ᠠᠴᠠ ᠠᠪᠴᠤ ᠦᠵᠡᠪᠡᠯ᠂ XBB᠂ ᠤᠨ ᠬᠤᠪᠢᠰᠤᠭᠰᠠᠨ | ᠰᠠᠯᠪᠤᠷᠢ ᠶᠢ ᠨᠢ ᠬᠠᠮᠤᠭ ᠤᠨ ᠡᠷᠲᠡ | ᠢᠯᠡᠷᠡᠭᠦᠯᠦᠭᠰᠡᠨ ᠠᠩᠬᠠᠨ ᠤ ᠸᠢᠷᠦ᠋ᠰ ᠪᠠ ᠡᠭᠦᠨ ᠠᠴᠠ ᠡᠮᠦᠨᠡᠬᠢ ᠬᠥᠮᠥᠰ ᠤᠨ ᠠᠩᠬᠠᠷᠤᠯ ᠲᠠᠯᠪᠢᠵᠤ ᠪᠠᠶᠢᠭᠰᠠᠨ | ᠣᠨᠳᠣᠣᠰᠢᠭᠰᠠᠨ ᠸᠢᠷᠦ᠋ᠰ ᠪᠣᠯᠬᠤ ᠳ᠋ᠧᠯᠲ᠋ᠠ | ᠣᠨᠳᠣᠣᠰᠢᠭᠰᠠᠨ ᠸᠢᠷᠦ᠋ᠰ ᠪᠠ ᠤᠮᠢᠺᠷᠤᠨ ᠮᠡᠲᠦ ᠶᠢᠨ ᠡᠷᠲᠡ ᠢᠯᠡᠷᠡᠭᠦᠯᠦᠭᠰᠡᠨ ᠬᠡᠳᠦᠨ ᠬᠤᠪᠢᠰᠤᠭᠰᠠᠨ ᠰᠠᠯᠪᠤᠷᠢ ᠲᠠᠢ | ᠬᠠᠷᠢᠴᠠᠭᠤᠯᠪᠠᠯ ᠡᠭᠡᠯᠢᠯᠡᠭᠡ ᠶᠢᠨ ᠳᠤᠲᠠᠭᠠᠨ | ᠵᠠᠶᠢᠯᠠᠬᠤ ᠴᠢᠳᠠᠪᠤᠷᠢ ᠨᠢ ᠢᠯᠡᠳᠲᠡ ᠨᠡᠮᠡᠭᠳᠡᠵᠡᠢ᠂ ᠡᠨᠡ ᠨᠢ ᠮᠥᠨ ᠴᠦ XBB᠂ ᠤᠨ ᠠᠮᠧᠷᠢᠺᠠ ᠵᠡᠷᠭᠡ ᠤᠯᠤᠰ ᠲᠠᠬᠢ | ᠬᠠᠯᠳᠠᠪᠤᠷᠢᠯᠠᠯ ᠤᠨ ᠲᠦᠭᠰᠢᠭᠦᠷᠢ ᠶᠢ ᠢᠯᠡᠳᠲᠡ | ᠨᠡᠮᠡᠭᠳᠡᠭᠦᠯᠬᠦ ᠬᠠᠨᠳᠤᠰᠢ ᠶᠢ ᠪᠤᠢ ᠪᠣᠯᠭᠠᠭᠰᠠᠨ ᠪᠠᠶᠢᠨ᠎ᠠ᠃ ᠣᠳᠣᠬᠠᠨ ᠤ ᠮᠡᠳᠡᠭᠡᠯᠡᠯ ᠪᠠ ᠰᠤᠳᠤᠯᠭᠠᠨ ᠠᠴᠠ ᠦᠵᠡᠪᠡᠯ᠂ | XBB ᠰᠢᠷᠢᠰ ᠣᠨᠳᠣᠣᠰᠢᠭᠰᠠᠨ ᠸᠢᠷᠦ᠋ᠰ ᠲᠤ | ᠬᠠᠯᠳᠠᠪᠤᠷᠢᠯᠠᠭᠳᠠᠭᠰᠠᠨ ᠬᠦᠨᠳᠦ ᠡᠪᠡᠳᠴᠢᠨ ᠪᠠ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠶᠢᠨ ᠨᠡᠮᠡᠭᠳᠡᠭᠰᠡᠨ ᠪᠠᠶᠢᠳᠠᠯ | ᠠᠵᠢᠭᠯᠠᠭᠳᠠᠭᠰᠠᠨ ᠦᠭᠡᠢ᠂ ᠥᠭᠡᠷ᠎ᠡ ᠪᠠᠷ | ᠬᠡᠯᠡᠪᠡᠯ ᠲᠡᠭᠦᠨ ᠤ ᠡᠪᠡᠳᠴᠢᠯᠡᠭᠦᠯᠬᠦ ᠴᠢᠳᠠᠯ ᠨᠢ ᠢᠯᠡᠷᠬᠡᠢ ᠨᠡᠮᠡᠭᠳᠡᠭᠰᠡᠨ ᠦᠭᠡᠢ᠃ | | ᠶᠠᠭᠤᠨ ᠳᠤ ᠬᠤᠳᠠ ᠶᠢᠨ ᠪᠣᠬᠢᠷ ᠤᠰᠤ ᠶᠢ ᠬᠢᠨᠠᠨ ᠰᠢᠨᠵᠢᠯᠡᠬᠦ ᠠᠷᠭ᠎ᠠ ᠶᠢ ᠠᠪᠬᠤ ᠪᠤᠢ︖ | ᠰᠠᠭᠤᠭᠠᠯᠢ ᠠᠷᠠᠳ ᠤᠨ ᠠᠰᠠᠷ ᠤᠨ ᠪᠣᠬᠢᠷ ᠤᠰᠤᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠬᠢᠬᠦ ᠨᠢ | ᠲᠤᠬᠠᠢ ᠶᠢᠨ ᠰᠠᠭᠤᠭᠠᠯᠢ ᠠᠷᠠᠳ ᠤᠨ | ᠠᠰᠠᠷ ᠤᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠨᠠᠩ ᠰᠠᠶᠢᠨ ᠪᠠᠳᠠᠷᠠᠭᠤᠯᠵᠤ ᠪᠣᠯᠬᠤ ᠶᠤᠮ᠂ | ᠰᠢᠶᠠᠩᠭᠠᠩ ᠨᠡᠶᠢᠭᠡᠮ ᠲᠣᠭᠤᠷᠢᠭ ᠤᠨ ᠪᠣᠬᠢᠷ | ᠤᠰᠤ ᠶᠢ ᠬᠢᠨᠠᠨ ᠰᠢᠨᠵᠢᠯᠡᠬᠦ ᠪᠠᠷ ᠳᠠᠮᠵᠢᠭᠤᠯᠤᠨ᠂ ᠬᠠᠯᠳᠠᠪᠤᠷᠢᠯᠠᠭᠰᠠᠳ ᠣᠷᠣᠰᠢᠵᠤ ᠮᠡᠳᠡᠬᠦ ᠣᠷᠣᠨ ᠪᠦᠰᠡ ᠶᠢ ᠴᠠᠭ | ᠲᠤᠬᠠᠢ ᠳᠤ ᠨᠢ ᠢᠯᠡᠷᠡᠭᠦᠯᠵᠦ᠂ ᠠᠷᠭ᠎ᠠ | ᠴᠢᠨᠠᠷᠲᠠᠢ ᠬᠠᠯᠳᠠᠪᠤᠷᠢᠯᠠᠭᠰᠠᠳ ᠢ ᠤᠯᠠᠮ ᠨᠢᠭᠡ ᠠᠯᠬᠤᠮ ᠮᠥᠷᠳᠡᠨ ᠢᠯᠡᠷᠡᠭᠦᠯᠵᠦ᠂ ᠵᠣᠬᠢᠬᠤ ᠬᠢᠵᠠᠭᠠᠷᠯᠠᠬᠤ ᠠᠷᠭ᠎ᠠ ᠬᠡᠮᠵᠢᠶ᠎ᠡ | ᠠᠪᠴᠦ ᠪᠠᠶᠢᠨ᠎ᠠ᠂ ᠡᠭᠦᠨ ᠢ ᠭᠤᠣᠯᠳᠠᠭᠤ | ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ ᠬᠠᠷᠠᠬᠠᠨ ᠶᠡᠭᠡ ᠬᠡᠪᠴᠢᠶ᠎ᠡ ᠪᠠᠷ ᠳᠡᠯᠭᠡᠷᠡᠭᠡ ᠦᠭᠡᠢ ᠦᠶ᠎ᠡ ᠳᠤ | ᠬᠡᠷᠡᠭᠯᠡᠨ᠎ᠡ᠃ ᠪᠣᠬᠢᠷ ᠤᠰᠤ ᠶᠢ ᠴᠡᠪᠠᠷᠰᠢᠭᠦᠯᠬᠦ | ᠦᠢᠯᠡᠳᠪᠦᠷᠢ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠶᠢ ᠥᠷᠨᠢᠭᠦᠯᠪᠡᠯ᠂ ᠬᠠᠷᠢᠶ᠎ᠠ ᠲᠣᠭᠤᠷᠢᠭ ᠤᠨ ᠨᠠᠩ | ᠶᠡᠭᠡ ᠬᠡᠪᠴᠢᠶᠡᠨ ᠳᠠᠬᠢ ᠬᠥᠮᠥᠰ ᠤᠨ | ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠬᠠᠨᠳᠤᠰᠢ ᠶᠢᠨ ᠬᠤᠪᠢᠷᠠᠯᠲᠠ ᠶᠢ ᠦᠨᠡᠯᠡᠨ ᠵᠢᠱᠢᠵᠦ ᠪᠣᠯᠣᠨ᠎ᠠ᠂ | ᠡᠭᠦᠨ ᠢ ᠨᠠᠩ ᠣᠷᠳᠣ ᠬᠤᠭᠤᠴᠠᠭ᠎ᠠ ᠪᠠ ᠨᠠᠩ | ᠶᠡᠭᠡ ᠬᠡᠪᠴᠢᠶᠡᠨ ᠤ ᠬᠢᠨᠠᠨ ᠰᠢᠨᠵᠢᠯᠡᠯᠲᠡ ᠳᠤ ᠬᠡᠷᠡᠭᠯᠡᠵᠦ ᠪᠣᠯᠣᠨ᠎ᠠ᠃ ᠨᠡᠶᠢᠭᠡᠮ ᠲᠣᠭᠤᠷᠢᠭ ᠲᠤ ᠬᠢᠨᠠᠨ ᠰᠢᠨᠵᠢᠯᠡᠬᠦ ᠴᠡᠭ | ᠪᠠᠶᠢᠷᠢᠯᠠᠭᠤᠯᠬᠤ ᠪᠠ ᠪᠣᠬᠢᠷ ᠤᠰᠤ ᠶᠢ | ᠴᠡᠪᠠᠷᠰᠢᠭᠦᠯᠬᠦ ᠦᠢᠯᠡᠳᠪᠦᠷᠢ ᠳᠤ ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠵᠣᠷᠢᠯᠭ᠎ᠠ ᠨᠢ ᠲᠣᠰ ᠲᠣᠰ ᠤᠨ ᠬᠢᠨᠢ | ᠭᠤᠣᠯᠳᠠᠯᠭ᠎ᠠ ᠲᠠᠢ ᠶᠤᠮ᠃ ᠣᠳᠣᠬᠢ ᠱᠠᠲᠤᠨ ᠳᠤ᠂ | ᠮᠠᠨ ᠤ ᠤᠯᠤᠰ ᠤᠨ ᠳᠣᠲᠣᠷ᠎ᠠ ᠭᠠᠵᠠᠷ ᠤᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠨᠢ ᠮᠥᠨ ᠬᠦ ᠳᠡᠯᠭᠡᠷᠡᠬᠦ | ᠱᠠᠲᠤᠨ ᠳᠤ ᠪᠠᠨ ᠣᠷᠣᠰᠢᠵᠤ ᠪᠠᠶᠢᠨ᠎ᠠ᠂ | ᠡᠶᠢᠮᠦ ᠠᠴᠠ ᠪᠢᠳᠡ ᠪᠥᠬᠦ ᠤᠯᠤᠰ ᠤᠨ ᠨᠥᠬᠦᠴᠡᠯ ᠲᠠᠢ ᠬᠤᠲᠠ ᠳᠤ ᠪᠣᠬᠢᠷ ᠤᠰᠤ ᠶᠢ ᠬᠢᠨᠠᠨ ᠬᠡᠮᠵᠢᠬᠦ ᠠᠵᠢᠯ ᠢ | ᠥᠷᠨᠢᠭᠦᠯᠵᠦ᠂ ᠰᠢᠨ᠎ᠡ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ᠬᠦᠴᠦᠯᠡᠴᠡ᠂ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠬᠠᠪᠰᠤᠷᠤᠨ ᠦᠨᠡᠯᠡᠨ ᠵᠢᠱᠢᠵᠦ᠂ | ᠬᠢᠵᠢᠭ ᠤᠨ ᠪᠠᠶᠢᠳᠠᠯ ᠢ ᠰᠤᠳᠤᠯᠤᠨ | ᠮᠠᠭᠠᠳᠯᠠᠬᠤ ᠪᠠ ᠰᠡᠷᠭᠡᠶᠢᠯᠡᠨ ᠡᠵᠡᠮᠳᠡᠬᠦ ᠠᠵᠢᠯ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠠᠶᠢᠨ᠎ᠠ᠃ | | — — ᠸᠠᠺᠼᠢᠨ ᠤ ᠲᠠᠷᠢᠯᠭ᠎ᠠ — — | | ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠶᠠᠮᠠᠷ ᠶᠠᠮᠠᠷ | ᠭᠤᠣᠯᠳᠠᠯᠭ᠎ᠠ ᠲᠠᠢ ᠠᠵᠢᠯ ᠤᠨ | ᠱᠠᠭᠠᠷᠳᠠᠯᠭ᠎ᠠ ᠳᠤᠷᠠᠳᠤᠭᠰᠠᠨ ᠪᠣᠶ︖ | ᠨᠢᠭᠡᠳᠦᠭᠡᠷ ᠲᠤ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠬᠤ ᠶᠢ | ᠤᠯᠠᠮ ᠨᠢᠭᠡ ᠠᠯᠬᠤᠮ | ᠴᠢᠬᠤᠯᠠᠴᠢᠯᠠᠵᠤ᠂ 3 ᠨᠠᠰᠤᠨ ᠠᠴᠠ ᠳᠡᠭᠡᠭᠰᠢᠬᠢ ᠬᠥᠮᠥᠰ ᠲᠤ ᠴᠡᠭᠡᠷᠯᠡᠬᠦ ᠵᠦᠢᠯ ᠪᠠᠶᠢᠬᠤ ᠦᠭᠡᠢ ᠪᠣᠯ ᠸᠠᠺᠼᠢᠨ ᠤ ᠲᠠᠷᠢᠯᠭ᠎ᠠ | ᠬᠢᠬᠦ ᠶᠢ ᠵᠣᠷᠢᠭᠵᠢᠭᠤᠯᠤᠨ᠎ᠠ᠃ | ᠡᠭᠦᠨ ᠠᠴᠠ ᠭᠠᠳᠠᠨ᠎ᠠ᠂ ᠣᠯᠠᠨ ᠲᠦᠮᠡᠨ ᠢᠯᠠᠩᠭᠤᠶ᠎ᠠ ᠨᠠᠰᠤᠲᠠᠶᠢᠴᠤᠳ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ | ᠬᠢᠬᠦ᠂ ᠨᠥᠬᠦᠴᠡᠯ ᠳᠤ ᠨᠡᠶᠢᠴᠡᠪᠡᠯ | ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠰᠠᠨᠠᠭᠠᠴᠢᠯᠠᠵᠤ ᠪᠠᠶᠢᠨ᠎ᠠ᠃ | ᠬᠤᠶᠠᠳᠤᠭᠠᠷ ᠲᠤ᠂ ᠨᠥᠬᠦᠴᠡᠯ ᠳᠤ ᠨᠡᠶᠢᠴᠡᠬᠦ 18 ᠨᠠᠰᠤ ᠵᠢᠴᠢ 18 ᠨᠠᠰᠤᠨ ᠠᠴᠠ ᠳᠡᠭᠡᠭᠰᠢᠬᠢ ᠬᠥᠮᠥᠰ ᠲᠤ 1 | ᠤᠳᠠᠭ᠎ᠠ ᠶᠢᠨ ᠡᠭᠡᠯᠢᠯᠡᠭᠡ ᠴᠢᠩᠭᠠᠳᠬᠠᠬᠤ | ᠲᠠᠷᠢᠯᠭ᠎ᠠ ᠬᠢᠬᠦ ᠬᠡᠷᠡᠭᠲᠡᠢ᠃ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠠᠪᠤᠴᠠ ᠳᠤ᠂ ᠬᠡᠯᠬᠢᠶ᠎ᠡ ᠡᠭᠡᠯᠢᠯᠡᠭᠡ ᠶᠢ | ᠰᠣᠩᠭᠤᠭᠰᠠᠨ ᠴᠤ ᠲᠡᠷᠡ᠂ ᠢᠵᠢᠯᠢ ᠡᠭᠦᠰᠦᠯᠳᠦ | ᠡᠭᠡᠯᠢᠯᠡᠭᠡ ᠶᠢ ᠰᠣᠩᠭᠤᠭᠰᠠᠨ ᠴᠤ ᠲᠡᠷᠡ᠂ ᠬᠠᠮᠲᠤ ᠳᠤ ᠨᠢ ᠬᠢᠵᠦ ᠪᠣᠯᠬᠤ ᠦᠭᠡᠢ᠂ ᠵᠥᠪᠬᠡᠨ ᠨᠢᠭᠡ ᠶᠢ ᠨᠢ ᠰᠣᠩᠭᠤᠬᠤ | ᠬᠡᠷᠡᠭᠲᠡᠢ ᠭᠡᠵᠦ ᠣᠨᠴᠠᠭᠠᠶᠢᠯᠠᠨ | ᠴᠢᠬᠤᠯᠠᠴᠢᠯᠠᠭᠰᠠᠨ ᠪᠠᠶᠢᠨ᠎ᠠ᠃ | ᠭᠤᠷᠪᠠᠳᠤᠭᠠᠷ ᠲᠤ᠂ ᠬᠠᠯᠳᠠᠪᠤᠷᠢᠯᠠᠭᠳᠠᠬᠤ ᠲᠦᠭᠰᠢᠭᠦᠷᠢ ᠶᠡᠬᠡᠲᠡᠢ ᠬᠥᠮᠥᠰ᠂ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ᠂ ᠬᠦᠨᠳᠦ ᠰᠠᠭᠤᠷᠢ | ᠡᠪᠡᠳᠴᠢᠨ ᠲᠠᠢ ᠬᠥᠮᠥᠰ᠂ ᠡᠭᠡᠯᠢᠯᠡᠭᠡ ᠶᠢᠨ ᠬᠤᠮᠰᠠᠳᠠᠯ ᠲᠠᠢ ᠬᠥᠮᠥᠰ ᠵᠡᠷᠭᠡ ᠬᠠᠯᠳᠠᠪᠤᠷᠢᠯᠠᠭᠳᠠᠭᠰᠠᠨ ᠤ ᠳᠠᠷᠠᠭ᠎ᠠ ᠠᠮᠠᠷᠬᠠᠨ | ᠬᠦᠨᠳᠦ ᠡᠪᠡᠳᠴᠢᠨ ᠡᠭᠦᠰᠬᠦ ᠬᠥᠮᠥᠰ ᠲᠤ | ᠬᠤᠶᠠᠳᠠᠭᠢ ᠤᠳᠠᠭᠠᠨ ᠤ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠴᠢᠬᠤᠯᠠᠴᠢᠯᠠᠵᠠᠢ᠃ | ᠬᠤᠶᠠᠳᠤᠭᠠᠷ ᠤᠳᠠᠭ᠎ᠠ ᠶᠢᠨ ᠡᠭᠡᠯᠢᠯᠡᠭᠡ | ᠴᠢᠩᠭᠠᠳᠬᠠᠬᠤ ᠲᠠᠷᠢᠯᠭ᠎ᠠ ᠬᠢᠭᠡᠳ ᠨᠢᠭᠡᠳᠦᠭᠡᠷ ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠨᠢ 6 ᠰᠠᠷ᠎ᠠ ᠠᠴᠠ | ᠳᠡᠭᠡᠭᠰᠢ ᠠᠯᠤᠰᠯᠠᠬᠤ ᠬᠡᠷᠡᠭᠲᠡᠢ᠃ ᠡᠲᠡᠭᠡᠷ | ᠲᠦᠭᠰᠢᠭᠦᠷᠢ ᠶᠡᠬᠡᠲᠡᠢ ᠬᠥᠮᠥᠰ᠂ ᠨᠠᠰᠤᠲᠠᠶᠢᠴᠤᠳ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠤᠨ ᠬᠤᠶᠠᠳᠠᠭᠢ | ᠤᠳᠠᠭᠠᠨ ᠤ ᠡᠭᠡᠯᠢᠯᠡᠭᠡ ᠶᠢ ᠴᠢᠩᠭᠠᠳᠬᠠᠬᠤ ᠪᠠᠷ | ᠳᠠᠮᠵᠢᠭᠤᠯᠤᠨ ᠲᠡᠳᠡᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠵᠣᠷᠢᠵᠤ ᠪᠠᠶᠢᠨ᠎ᠠ᠂ ᠡᠭᠦᠨ ᠳᠤ ᠪᠥᠬᠦ | ᠶᠠᠪᠤᠴᠠ ᠶᠢᠨ ᠲᠠᠷᠢᠯᠭ᠎ᠠ ᠶᠢᠨ ᠨᠣᠷᠮ᠎ᠠ ᠪᠠ | ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠨᠢ ᠵᠠᠩᠭᠢᠯᠠᠭ᠎ᠠ ᠪᠣᠯᠣᠨ᠎ᠠ᠃ | | ᠬᠠᠯᠳᠠᠪᠤᠷᠢᠯᠠᠭᠳᠠᠭᠰᠠᠨ ᠤ ᠳᠠᠷᠠᠭ᠎ᠠ ᠬᠡᠳᠦᠢ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ | ᠬᠢᠵᠤ ᠪᠣᠯᠬᠤ ᠪᠣᠶ︖ | ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠥᠳᠥᠭᠡᠭᠴᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ ᠰᠢᠨ᠎ᠡ | ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠢ ᠨᠤᠲᠠᠯᠠᠭᠰᠠᠨ ᠪᠠᠶᠢᠪᠠᠯ᠂ ᠣᠶᠢᠷ᠎ᠠ ᠶᠢᠨ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ | ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ | ᠦᠭᠡᠢ᠃ ᠣᠯᠠᠨ ᠵᠦᠢᠯ ᠤᠨ ᠰᠤᠳᠤᠯᠭᠠᠨ ᠤ ᠢᠯᠡᠷᠡᠭᠦᠯᠦᠭᠰᠡᠨ ᠢᠶᠠᠷ᠂ ᠵᠥᠪᠬᠡᠨ ᠰᠢᠨ᠎ᠡ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠠᠴᠠ ᠪᠣᠢ ᠪᠣᠯᠤᠭᠰᠠᠨ | ᠡᠭᠡᠯᠢᠯᠡᠭᠡ ᠶᠢᠨ ᠴᠢᠳᠠᠪᠤᠷᠢ ᠨᠢ ᠸᠢᠷᠦ᠋ᠰ ᠲᠤ ᠬᠠᠯᠳᠠᠪᠤᠷᠢᠯᠠᠭᠳᠠᠭᠰᠠᠨ ᠪᠠ ᠸᠠᠺᠼᠢᠨ ᠤ ᠲᠠᠷᠢᠯᠭ᠎ᠠ ᠬᠢᠭᠰᠡᠨ ᠠᠴᠠ ᠪᠣᠢ | ᠪᠣᠯᠤᠭᠰᠠᠨ ᠡᠭᠡᠯᠢᠯᠡᠭᠡ ᠶᠢᠨ ᠴᠢᠳᠠᠪᠤᠷᠢ ᠠᠴᠠ | ᠪᠠᠭᠤᠷᠠᠢ ᠪᠠᠶᠢᠳᠠᠭ᠃ ᠡᠶᠢᠮᠦ ᠠᠴᠠ ᠵᠠᠷᠢᠮ ᠬᠥᠮᠥᠰ ᠡᠭᠡᠯᠢᠯᠡᠭᠡ ᠶᠢᠨ ᠵᠢᠷᠤᠮ ᠢᠶᠠᠷ ᠸᠠᠺᠼᠢᠨ ᠤ ᠲᠠᠷᠢᠯᠭ᠎ᠠ ᠬᠢᠬᠦ | ᠴᠢᠬᠤᠯᠠ ᠲᠠᠢ ᠪᠠᠶᠢᠳᠠᠭ᠃ ᠣᠳᠣᠬᠠᠨ ᠤ | ᠲᠣᠭᠲᠠᠭᠠᠯ ᠢ ᠦᠨᠳᠦᠰᠦᠯᠡᠪᠡᠯ᠂ ᠬᠠᠯᠳᠠᠪᠤᠷᠢᠯᠠᠭᠳᠠᠭᠰᠠᠨ ᠴᠠᠭ ᠪᠠ ᠲᠠᠷᠢᠯᠭ᠎ᠠ ᠬᠢᠬᠦ ᠴᠠᠭ ᠤᠨ ᠬᠤᠭᠤᠷᠣᠨᠳᠣᠬᠢ ᠵᠠᠢ ᠨᠢ 6 | ᠰᠠᠷ᠎ᠠ ᠠᠴᠠ ᠳᠣᠷᠣᠭᠰᠢ ᠪᠠᠶᠢᠵᠤ ᠪᠣᠯᠬᠤ | ᠦᠭᠡᠢ᠃ ᠡᠭᠦᠨ ᠳᠤ ᠭᠤᠣᠯᠳᠠᠭᠤ ᠥᠩᠭᠡᠷᠡᠭᠰᠡᠨ ᠤ ᠬᠢᠨᠠᠨ ᠰᠢᠨᠵᠢᠯᠡᠯᠲᠡ ᠪᠠ ᠰᠤᠳᠤᠯᠭᠠᠨ ᠠᠴᠠ ᠦᠵᠡᠪᠡᠯ᠂ 6 ᠰᠠᠷ᠎ᠠ ᠶᠢᠨ | ᠳᠣᠲᠣᠷ᠎ᠠ ᠬᠠᠯᠳᠠᠪᠤᠷᠢᠯᠠᠭᠳᠠᠬᠤ ᠬᠠᠷᠢᠴᠠᠯ | ᠨᠢ ᠲᠦᠢᠯ ᠤᠨ ᠳᠣᠣᠷ᠎ᠠ ᠪᠠᠶᠢᠳᠠᠭ᠃ ᠬᠠᠯᠳᠠᠪᠤᠷᠢᠯᠠᠯ ᠪᠠ ᠸᠠᠺᠼᠢᠨ ᠤ ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠨᠢ | ᠦᠨᠡᠨ ᠳᠤ ᠪᠠᠨ ᠸᠠᠺᠼᠢᠨ ᠤ ᠲᠠᠷᠢᠯᠭ᠎ᠠ ᠶᠢᠨ | ᠡᠭᠡᠯᠢᠯᠡᠭᠡ ᠶᠢᠨ ᠵᠢᠷᠤᠮ ᠤᠨ ᠨᠢᠭᠡ ᠬᠡᠰᠡᠭ ᠮᠥᠨ᠂ ᠸᠠᠺᠼᠢᠨ ᠤ ᠰᠤᠳᠤᠯᠭᠠᠨ ᠤ ᠭᠦᠨᠵᠡᠭᠡᠶᠢᠷᠡᠯ ᠵᠢᠴᠢ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ | ᠳᠠᠭᠠᠯᠳᠤᠨ᠂ ᠡᠭᠡᠯᠢᠯᠡᠭᠡ ᠶᠢ ᠴᠢᠩᠭᠠᠳᠬᠠᠬᠤ ᠠᠷᠭ᠎ᠠ ᠪᠣᠳᠣᠯᠭ᠎ᠠ ᠳᠤ ᠴᠤ ᠬᠤᠯᠪᠣᠭᠳᠠᠯ ᠪᠦᠬᠦᠢ ᠲᠡᠭᠦᠯᠳᠡᠷᠵᠢᠭᠦᠯᠬᠦ | ᠲᠣᠬᠢᠷᠠᠭᠤᠯᠤᠯᠲᠠ ᠬᠢᠬᠦ ᠪᠣᠯᠣᠨ᠎ᠠ᠂ ᠡᠭᠦᠨ ᠳᠤ | ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠪᠠᠭᠲᠠᠵᠤ ᠪᠠᠶᠢᠳᠠᠭ᠃ | | ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠶᠠᠮᠠᠷ ᠶᠠᠮᠠᠷ | ᠸᠠᠺᠼᠢᠨ ᠤ ᠲᠠᠷᠢᠯᠭ᠎ᠠ ᠬᠢᠯᠭᠡᠬᠦ ᠪᠠᠷ | ᠳᠠᠮᠵᠢᠭᠤᠯᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠠᠯᠢ ᠴᠢᠳᠠᠬᠤ ᠪᠠᠷ ᠰᠡᠷᠭᠡᠶᠢᠯᠡᠬᠦ ᠪᠣᠶ︖ | ᠨᠠᠰᠤᠲᠠᠶᠢᠴᠤᠳ ᠲᠤ ᠠᠪᠴᠤ ᠬᠡᠯᠡᠪᠡᠯ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠠᠴᠠ ᠪᠣᠯᠵᠤ ᠵᠠᠷᠢᠮ ᠬᠦᠨᠳᠦ | ᠡᠪᠡᠳᠴᠢᠨ ᠤ ᠰᠢᠨᠵᠢ ᠢᠯᠡᠷᠡᠬᠦ ᠠᠴᠠ | ᠭᠠᠳᠠᠨ᠎ᠠ᠂ ᠵᠠᠷᠢᠮ ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ ᠬᠠᠯᠳᠠᠪᠤᠷᠢᠲᠤ ᠲᠠᠭᠰᠢᠭᠤᠷ ᠤᠨ ᠸᠢᠷᠦ᠋ᠰ᠂ | ᠠᠭᠤᠰᠬᠢᠨ ᠤ ᠦᠷᠪᠢᠰᠦᠯ ᠤᠨ ᠪᠥᠮᠪᠥᠭᠡᠨ | ᠪᠠᠺᠲ᠋ᠧᠷᠢ ᠵᠡᠷᠭᠡ ᠨᠠᠰᠤᠲᠠᠶᠢᠴᠤᠳ ᠲᠤ ᠠᠪᠴᠤ ᠬᠡᠯᠡᠪᠡᠯ ᠪᠠᠰᠠ ᠬᠦᠨᠳᠦ ᠡᠪᠡᠳᠴᠢᠨ ᠳᠤ ᠨᠡᠷᠪᠡᠭᠳᠡᠬᠦ ᠪᠠᠶᠢᠳᠠᠯ ᠢ ᠪᠣᠶ | ᠪᠣᠯᠭᠠᠳᠠᠭ ᠬᠤᠯᠪᠣᠭᠳᠠᠯ ᠪᠦᠬᠦᠢ ᠡᠪᠡᠳᠴᠢᠨ ᠢ | ᠤᠷᠢᠳᠴᠢᠯᠠᠨ ᠰᠡᠷᠭᠡᠶᠢᠯᠡᠵᠦ ᠪᠣᠯᠣᠨ᠎ᠠ᠃ ᠨᠠᠰᠤᠲᠠᠶᠢᠴᠤᠳ ᠨᠢᠭᠡ ᠲᠠᠯ᠎ᠠ ᠪᠠᠷ ᠥᠪᠡᠷ ᠤᠨ ᠪᠡᠶ᠎ᠡ ᠶᠢᠨ ᠡᠭᠡᠯᠢᠯᠡᠭᠡ ᠶᠢᠨ | ᠴᠢᠳᠠᠪᠤᠷᠢ ᠨᠢ ᠪᠠᠭᠤᠷᠠᠵᠤ᠂ ᠨᠥᠭᠦᠭᠡ ᠲᠠᠯ᠎ᠠ ᠪᠠᠷ | ᠣᠯᠠᠩᠬᠢ ᠨᠢ ᠤᠳᠠᠭᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠨ ᠲᠠᠢ ᠪᠠᠶᠢᠵᠤ᠂ ᠬᠡᠷᠪᠡ ᠬᠠᠯᠳᠠᠪᠤᠷᠢᠲᠤ ᠲᠠᠭᠰᠢᠭᠤᠷ ᠪᠠ | ᠠᠭᠤᠰᠬᠢᠨ ᠦᠷᠪᠢᠰᠦᠯ ᠤᠨ ᠪᠥᠮᠪᠥᠭᠡᠨ | ᠪᠠᠺᠲ᠋ᠧᠷᠢ ᠳᠤ ᠬᠠᠯᠳᠠᠪᠤᠷᠢᠯᠠᠭᠳᠠᠪᠠᠯ᠂ ᠬᠠᠯᠳᠠᠪᠤᠷᠢᠯᠠᠭᠳᠠᠭᠰᠠᠨ ᠡᠪᠡᠳᠴᠢᠨ ᠨᠢ ᠡᠲᠡᠭᠡᠷ ᠬᠥᠮᠥᠰ ᠤᠨ ᠳᠤᠮᠳᠠ ᠬᠦᠨᠳᠦ | ᠡᠪᠡᠳᠴᠢᠨ ᠢ ᠡᠭᠦᠰᠬᠡᠵᠤ ᠮᠡᠳᠡᠨ᠎ᠡ᠃ | ᠡᠭᠦᠨ ᠠᠴᠠ ᠭᠠᠳᠠᠨ᠎ᠠ ᠵᠠᠷᠢᠮ ᠰᠤᠳᠤᠯᠭᠠᠨ ᠤ ᠢᠯᠡᠷᠡᠭᠦᠯᠦᠭᠰᠡᠨ ᠢᠶᠠᠷ᠂ ᠬᠠᠯᠳᠠᠪᠤᠷᠢᠯᠠᠭᠳᠠᠭᠰᠠᠨ ᠤ ᠳᠠᠷᠠᠭ᠎ᠠ᠂ ᠤᠤᠯ ᠤᠨ | ᠪᠠᠶᠢᠭᠰᠠᠨ ᠰᠠᠭᠤᠷᠢ ᠴᠢᠨᠠᠷᠲᠠᠢ ᠡᠪᠡᠳᠴᠢᠨ | ᠡᠮᠭᠡᠭ᠂ ᠵᠢᠱᠢᠶᠡᠯᠡᠪᠡᠯ ᠠᠭᠰᠠᠭ᠎ᠠ᠂ ᠠᠷᠬᠠᠭ ᠪᠦᠭᠯᠡᠷᠬᠡᠢ ᠴᠢᠨᠠᠷᠲᠤ ᠠᠭᠤᠰᠬᠢᠨ ᠤ ᠡᠪᠡᠳᠴᠢᠨ᠂ ᠵᠢᠷᠦᠬᠡᠨ ᠡᠪᠡᠳᠴᠢᠨ᠂ | ᠰᠢᠬᠢᠷ ᠰᠢᠵᠢᠩ ᠡᠪᠡᠳᠴᠢᠨ ᠵᠡᠷᠭᠡ ᠶᠢ ᠤᠯᠠᠮ | ᠨᠢᠭᠡ ᠠᠯᠬᠤᠮ ᠬᠦᠨᠳᠦᠷᠡᠭᠦᠯᠦᠨ᠎ᠡ᠃ ᠡᠶᠢᠮᠦ ᠠᠴᠠ ᠡᠶᠢᠮᠦᠷᠬᠦ ᠪᠠᠶᠢᠳᠠᠯ ᠤᠨ ᠳᠣᠣᠷ᠎ᠠ᠂ ᠸᠠᠺᠼᠢᠨ ᠤ ᠲᠠᠷᠢᠯᠭ᠎ᠠ ᠶᠢᠨ | ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠬᠠᠯᠳᠠᠪᠤᠷᠢᠲᠤ ᠲᠠᠭᠰᠢᠭᠤᠷ ᠤᠨ | ᠸᠠᠺᠼᠢᠨ᠂ ᠠᠭᠤᠰᠬᠢᠨ ᠦᠷᠪᠢᠰᠦᠯ ᠤᠨ | ᠪᠠᠺᠲ᠋ᠧᠷᠢ ᠶᠢᠨ ᠸᠠᠺᠼᠢᠨ ᠤ ᠲᠠᠷᠢᠯᠭ᠎ᠠ ᠬᠢᠯᠭᠡᠵᠦ᠂ ᠲᠡᠳᠡᠨ ᠢ ᠨᠠᠩ ᠰᠠᠶᠢᠨ ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃ | | ᠬᠡᠦᠬᠡᠳ ᠤᠨ ᠪᠠᠶᠢᠩᠭᠤ ᠶᠢᠨ ᠸᠠᠺᠼᠢᠨ ᠤ ᠲᠠᠷᠢᠯᠭ᠎ᠠ ᠶᠢ ᠬᠤᠶᠢᠰᠢᠯᠠᠭᠤᠯᠬᠤ ᠨᠢ ᠡᠩ ᠤᠨ ᠪᠠᠶᠢᠳᠠᠯ ᠳᠤ ᠦᠷ᠎ᠡ ᠳ᠋ᠦᠩ ᠢ ᠨᠢ | ᠨᠥᠯᠥᠭᠡᠯᠡᠬᠦ ᠦᠭᠡᠢ᠂ ᠭᠡᠪᠡᠴᠦ | ᠴᠠᠭ ᠲᠤᠬᠠᠢ ᠳᠤ ᠨᠢ ᠨᠥᠬᠦᠵᠦ ᠳᠠᠷᠢᠬᠤ ᠬᠡᠷᠡᠭᠲᠡᠢ | ᠸᠠᠺᠼᠢᠨ ᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠨᠢᠭᠡ ᠳᠤ ᠴᠠᠭ ᠲᠤᠬᠠᠢ ᠳᠤ ᠨᠢ ᠸᠠᠺᠼᠢᠨ ᠤ | ᠲᠠᠷᠢᠯᠭ᠎ᠠ ᠬᠢᠯᠭᠡᠬᠦ ᠬᠡᠷᠡᠭᠲᠡᠢ᠂ ᠬᠤᠶᠠᠷ ᠲᠤ | ᠪᠥᠬᠦ ᠶᠠᠪᠤᠴᠠ ᠶᠢᠨ ᠲᠠᠷᠢᠯᠭ᠎ᠠ ᠬᠢᠯᠭᠡᠬᠦ ᠬᠡᠷᠡᠭᠲᠡᠢ᠃ ᠬᠡᠷᠪᠡ ᠲᠠᠷᠢᠯᠭ᠎ᠠ ᠶᠢ ᠬᠤᠶᠢᠰᠢᠯᠠᠭᠤᠯᠪᠠᠯ ᠡᠩ ᠤᠨ ᠪᠠᠶᠢᠳᠠᠯ ᠳᠤ ᠦᠷ᠎ᠡ | ᠳ᠋ᠦᠩ ᠢ ᠨᠥᠯᠥᠭᠡᠯᠡᠬᠦ ᠦᠭᠡᠢ᠂ ᠭᠡᠪᠡᠴᠦ | ᠬᠠᠯᠳᠠᠪᠤᠷᠢᠯᠠᠯ ᠤᠨ ᠲᠦᠭᠰᠢᠭᠦᠷᠢ ᠶᠢ ᠨᠡᠮᠡᠭᠳᠡᠭᠦᠯᠦᠨ᠎ᠡ᠂ ᠤᠴᠢᠷ ᠨᠢ ᠪᠥᠬᠦ ᠶᠠᠪᠤᠴᠠ ᠶᠢᠨ ᠲᠠᠷᠢᠯᠭ᠎ᠠ ᠶᠢ ᠬᠢᠯᠭᠡᠭᠰᠡᠨ ᠦᠭᠡᠢ | ᠪᠤᠶᠤ ᠸᠠᠺᠼᠢᠨ ᠤ ᠲᠠᠷᠢᠯᠭ᠎ᠠ ᠬᠢᠯᠭᠡᠭᠡ | ᠦᠭᠡᠢ ᠠᠴᠠ ᠡᠭᠡᠯᠢᠯᠡᠭᠡ ᠶᠢᠨ ᠴᠢᠳᠠᠪᠤᠷᠢ ᠨᠢ ᠪᠦᠷᠢᠮᠦᠰᠦᠨ ᠪᠣᠶ ᠪᠣᠯᠵᠤ ᠳᠡᠶᠢᠯᠦᠭᠡᠳᠦᠢ ᠪᠠᠶᠢᠵᠤ᠂ ᠬᠠᠯᠳᠠᠪᠤᠷᠢᠯᠠᠯ ᠤᠨ ᠡᠬᠢ | ᠡᠭᠦᠰᠪᠦᠷᠢ ᠢᠯᠡᠷᠡᠬᠦ ᠦᠶ᠎ᠡ ᠳᠤ | ᠡᠪᠡᠳᠴᠢᠨ ᠡᠮᠭᠡᠭ ᠲᠤ ᠨᠡᠷᠪᠡᠭᠳᠡᠬᠦ ᠲᠦᠭᠰᠢᠭᠦᠷᠢ ᠭᠠᠷᠴᠤ ᠮᠡᠳᠡᠨ᠎ᠡ᠃ ᠡᠶᠢᠮᠦ ᠠᠴᠠ ᠡᠯ᠎ᠡ ᠭᠠᠵᠠᠷ ᠤᠨ ᠰᠡᠷᠭᠡᠶᠢᠯᠡᠬᠦ | ᠲᠠᠷᠢᠯᠭ᠎ᠠ ᠶᠢᠨ ᠨᠢᠭᠡᠴᠢ ᠨᠢ ᠬᠡᠪ ᠤᠨ ᠠᠵᠢᠯ ᠢᠶᠠᠨ | ᠡᠬᠢᠯᠡᠭᠦᠯᠦᠭᠰᠡᠨ ᠤ ᠳᠠᠷᠠᠭ᠎ᠠ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤ ᠨᠢ ᠨᠥᠬᠦᠵᠦ ᠬᠢᠬᠦ ᠬᠡᠷᠡᠭᠲᠡᠢ᠂ ᠶᠠᠮᠠᠷ ᠸᠠᠺᠼᠢᠨ ᠤ | ᠲᠠᠷᠢᠯᠭ᠎ᠠ ᠶᠢ ᠬᠢᠯᠭᠡᠭᠡ ᠦᠭᠡᠢ᠂ ᠶᠠᠮᠠᠷ | ᠸᠠᠺᠼᠢᠨ ᠢ ᠨᠥᠬᠦᠵᠦ ᠬᠢᠯᠭᠡᠬᠦ ᠴᠢᠬᠤᠯᠠᠲᠠᠢ ᠭᠡᠳᠡᠭ ᠢ ᠭᠡᠷ ᠤᠨ ᠠᠬᠠᠮᠠᠳ ᠨᠢᠭᠡᠪᠦᠷᠢ ᠲᠠᠷᠢᠯᠭ᠎ᠠ ᠶᠢᠨ ᠦᠨᠡᠮᠯᠡᠯ ᠲᠠᠢ ᠪᠠᠶᠢᠵᠤ᠂ | ᠲᠡᠷᠡ ᠲᠠᠷᠢᠯᠭ᠎ᠠ ᠶᠢᠨ ᠦᠨᠡᠮᠯᠡᠯ ᠳᠡᠭᠡᠷ᠎ᠡ | ᠴᠥᠮ ᠲᠡᠮᠳᠡᠭᠯᠡᠯ ᠲᠠᠢ ᠪᠠᠶᠢᠳᠠᠭ᠃ ᠲᠣᠭᠲᠠᠭᠠᠯ ᠶᠣᠰᠣᠭᠠᠷ ᠠᠯᠢ ᠠᠯᠢ ᠶᠢ ᠨᠢ ᠬᠢᠯᠭᠡᠭᠰᠡᠨ᠂ ᠠᠯᠢ ᠠᠯᠢ ᠶᠢ ᠨᠢ ᠬᠢᠯᠭᠡᠭᠰᠡᠨ | ᠦᠭᠡᠢ ᠭᠡᠳᠡᠭ ᠢ ᠲᠠᠷᠢᠯᠭ᠎ᠠ ᠶᠢᠨ | ᠦᠨᠡᠮᠯᠡᠯ ᠢᠶᠠᠨ ᠠᠪᠴᠤ ᠲᠠᠷᠢᠯᠭ᠎ᠠ ᠶᠢᠨ ᠨᠢᠭᠡᠴᠢ ᠳᠤ ᠣᠴᠢᠭᠰᠠᠨ ᠤ ᠳᠠᠷᠠᠭ᠎ᠠ᠂ ᠲᠠᠷᠢᠯᠭ᠎ᠠ ᠬᠢᠬᠦ ᠡᠮᠴᠢ ᠠᠴᠠ ᠬᠡᠦᠬᠡᠳ ᠤᠨ | ᠪᠠᠶᠢᠳᠠᠯ ᠢ ᠦᠨᠳᠦᠰᠦᠯᠡᠨ ᠬᠠᠷᠠᠭᠠᠯᠵᠠᠭᠰᠠᠨ | ᠲᠣᠬᠢᠷᠠᠭᠤᠯᠤᠯᠲᠠ ᠬᠢᠨ᠎ᠡ᠃ ᠡᠨᠡ ᠬᠤᠭᠤᠴᠠᠭᠠᠨ ᠳᠤ᠂ ᠵᠠᠷᠢᠮ ᠬᠡᠦᠬᠡᠳ ᠰᠢᠨ᠎ᠡ ᠡᠪᠡᠳᠴᠢᠨ ᠤ ᠸᠢᠷᠦ᠋ᠰ ᠲᠤ ᠨᠡᠷᠪᠡᠭᠳᠡᠵᠦ᠂ | ᠡᠪᠡᠳᠴᠢᠨ ᠨᠢ ᠨᠢᠭᠡᠨᠲᠡ ᠡᠳᠡᠭᠡᠷᠡᠭᠰᠡᠨ | ᠪᠥᠭᠡᠳ ᠸᠠᠺᠼᠢᠨ ᠤ ᠲᠠᠷᠢᠯᠭ᠎ᠠ ᠬᠢᠬᠦ ᠶᠢ ᠴᠡᠭᠡᠷᠯᠡᠬᠦ ᠡᠪᠡᠳᠴᠢᠨ ᠦᠭᠡᠢ ᠯᠡ ᠶᠤᠮ ᠪᠣᠯ ᠪᠠᠶᠢᠩᠭᠤ ᠶᠢᠨ ᠸᠠᠺᠼᠢᠨ ᠤ | ᠲᠠᠷᠢᠯᠭ᠎ᠠ ᠬᠢᠯᠭᠡᠬᠦ ᠪᠤᠶᠤ ᠨᠥᠬᠦᠵᠦ ᠬᠢᠯᠭᠡᠵᠤ | ᠪᠣᠯᠣᠨ᠎ᠠ᠃ | | — — ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠤ ᠪᠠᠨ ᠪᠤᠴᠠᠬᠤ — — | | ᠴᠠᠭᠠᠨ ᠰᠠᠷ᠎ᠠ ᠶᠢᠨ ᠠᠶᠠᠨᠴᠢᠨ ᠤ ᠲᠡᠭᠡᠭᠡᠪᠦᠷᠢ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠨᠡᠮᠡᠭᠳᠡᠨ᠎ᠡ᠂ ᠲᠡᠭᠡᠪᠡᠯ | ᠬᠥᠮᠥᠰ ᠨᠢᠰᠬᠡᠯ᠂ ᠭᠠᠯᠲᠤ ᠲᠡᠷᠭᠡ | ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠠᠨ ᠶᠠᠭᠤ ᠶᠢ ᠠᠩᠬᠠᠷᠪᠠᠯ ᠵᠣᠬᠢᠬᠤ ᠪᠣᠶ︖ | ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠢᠯᠡᠷᠡᠯ ᠲᠠᠢ | ᠬᠥᠮᠥᠰ ᠬᠠᠯᠳᠠᠪᠤᠷᠢᠯᠠᠯ ᠤᠨ | ᠲᠦᠭᠰᠢᠭᠦᠷᠢ ᠠᠷᠢᠯᠠᠬᠤ ᠠᠴᠠ ᠡᠮᠦᠨ᠎ᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ | ᠵᠠᠶᠢᠯᠠᠰᠬᠢᠵᠦ᠂ ᠬᠥᠮᠥᠨ ᠴᠤᠭᠯᠠᠷᠠᠭᠰᠠᠨ | ᠭᠠᠵᠠᠷ ᠲᠤ ᠣᠴᠢᠬᠤ ᠦᠭᠡᠢ ᠪᠠᠶᠢᠬᠤ ᠬᠡᠷᠡᠭᠲᠡᠢ᠃ ᠥᠪᠡᠷ ᠢᠶᠠᠨ ᠨᠡᠯᠢᠶᠡᠳ ᠶᠡᠭᠡ ᠬᠠᠯᠳᠠᠪᠤᠷᠢᠯᠠᠬᠤ ᠲᠦᠭᠰᠢᠭᠦᠷᠢ ᠲᠠᠢ ᠭᠡᠵᠦ | ᠦᠵᠡᠭᠰᠡᠨ ᠬᠥᠮᠥᠰ ᠠᠶᠤᠯ ᠲᠦᠭᠰᠢᠭᠦᠷᠢ | ᠠᠷᠢᠯᠤᠭᠰᠠᠨ ᠤ ᠳᠠᠷᠠᠭ᠎ᠠ ᠰᠠᠶ᠋ᠢ ᠭᠠᠳᠠᠭᠰᠢ ᠭᠠᠷᠬᠤ ᠬᠡᠷᠡᠭᠲᠡᠢ᠃ | ᠨᠢᠭᠲᠠ ᠪᠢᠲᠡᠭᠦᠮᠵᠢᠯᠡᠭᠰᠡᠨ ᠣᠷᠴᠢᠨ ᠲᠣᠭᠤᠷᠢᠨ᠂ ᠬᠥᠮᠥᠨ ᠬᠠᠷ᠎ᠠ ᠴᠤᠭᠯᠠᠷᠠᠭᠰᠠᠨ ᠲᠠᠯᠠᠪᠤᠷ ᠲᠤ᠂ ᠵᠢᠱᠢᠶᠡᠯᠡᠪᠡᠯ ᠨᠢᠰᠬᠡᠯ | ᠬᠦᠯᠢᠶᠡᠬᠦ ᠪᠠ ᠲᠡᠷᠭᠡ ᠬᠦᠯᠢᠶᠡᠬᠦ | ᠦᠶ᠎ᠡ ᠳᠤ᠂ ᠨᠢᠰᠬᠡᠯ᠂ ᠭᠠᠯᠲᠤ ᠲᠡᠷᠭᠡ ᠵᠢᠴᠢ ᠮᠧᠳ᠋ᠷᠣ᠋᠂ ᠨᠡᠶᠢᠲᠡ ᠶᠢᠨ ᠮᠠᠰᠢᠨ ᠲᠡᠷᠭᠡ ᠵᠡᠷᠭᠡ ᠤᠯᠠᠨ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠳᠤ ᠰᠠᠭᠤᠬᠤ ᠪᠦᠬᠦ | ᠶᠠᠪᠤᠴᠠ ᠳᠤ ᠠᠮᠠᠪᠴᠢ ᠪᠠᠨ ᠵᠥᠪ ᠵᠣᠬᠢᠰᠲᠠᠢ ᠵᠡᠭᠦᠬᠦ ᠬᠡᠷᠡᠭᠲᠡᠢ᠃ | ᠣᠯᠠᠨ ᠨᠡᠶᠢᠲᠡ ᠶᠢᠨ ᠲᠠᠯᠠᠪᠤᠷ ᠲᠤ ᠵᠦᠢ ᠵᠣᠬᠢᠰᠲᠠᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠣᠶᠢᠷ᠎ᠠ ᠵᠠᠢ ᠠᠴᠠ | ᠪᠤᠰᠤᠳ ᠲᠠᠢ ᠬᠠᠷᠢᠯᠴᠠᠬᠤ ᠶᠢ | ᠪᠠᠭᠠᠰᠬᠠᠬᠤ ᠬᠡᠷᠡᠭᠲᠡᠢ᠃ | ᠬᠤᠪᠢ ᠬᠥᠮᠥᠨ ᠤ ᠠᠷᠢᠭᠤᠨ ᠴᠡᠪᠡᠷ ᠢ ᠰᠠᠶᠢᠲᠤᠷ ᠠᠩᠬᠠᠷᠴᠤ᠂ ᠢᠯᠠᠩᠭᠤᠶ᠎ᠠ ᠭᠠᠷ ᠤᠨ ᠠᠷᠢᠭᠤᠨ ᠴᠡᠪᠡᠷ ᠢᠶᠠᠨ ᠴᠠᠭ | ᠢᠮᠠᠭᠲᠠ ᠠᠩᠬᠠᠷᠴᠤ᠂ ᠨᠡᠶᠢᠲᠡ ᠶᠢᠨ | ᠡᠳ᠋ ᠪᠣᠳᠠᠰ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠃ ᠬᠠᠨᠢᠶᠠᠯᠭᠠᠬᠤ ᠪᠤᠶᠤ ᠨᠠᠶᠢᠲᠠᠭᠠᠬᠤ ᠳᠤ ᠪᠠᠨ ᠴᠠᠭᠠᠰᠤ ᠪᠤᠶᠤ | ᠲᠣᠬᠤᠢ ᠪᠠᠷ ᠢᠶᠠᠨ ᠬᠠᠯᠬᠠᠯᠠᠵᠤ᠂ | ᠬᠡᠷᠡᠭᠯᠡᠵᠦ ᠥᠩᠭᠡᠷᠡᠭᠰᠡᠨ ᠴᠠᠭᠠᠰᠤ ᠪᠠᠨ ᠴᠠᠭ ᠲᠤᠬᠠᠢ ᠳᠤ ᠨᠢ ᠬᠤᠭ ᠤᠨ ᠰᠠᠪᠠᠨ ᠳᠤ ᠬᠠᠶᠠᠨ᠎ᠠ᠃ ᠬᠡᠷᠪᠡ ᠠᠮᠢᠰᠬᠤᠯ ᠤᠨ | ᠵᠠᠮ ᠤᠨ ᠰᠢᠭᠦᠷᠡᠳᠡᠰᠦ ᠲᠠᠢ ᠬᠦᠷᠦᠯᠴᠡᠪᠡᠯ᠂ | ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ ᠭᠠᠷ ᠢᠶᠠᠨ ᠠᠷᠢᠭᠤᠳᠬᠠᠵᠤ᠂ ᠭᠠᠳᠠᠨ᠎ᠠ ᠭᠠᠷᠬᠤ ᠪᠤᠶᠤ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ | ᠰᠠᠭᠤᠬᠤ ᠳᠤ ᠪᠠᠨ ᠠᠯᠢ ᠴᠢᠳᠠᠬᠤ ᠪᠠᠷ ᠬᠤᠭᠤᠯᠠᠯᠠᠬᠤ ᠤᠳᠠᠭ᠎ᠠ ᠪᠠᠨ ᠪᠠᠭᠠᠰᠬᠠᠵᠤ᠂ ᠠᠯᠢ ᠴᠢᠳᠠᠬᠤ ᠪᠠᠷ ᠣᠷᠭᠢᠯ ᠦᠶ᠎ᠡ ᠶᠢ | ᠵᠥᠷᠢᠭᠦᠯᠦᠨ ᠬᠤᠭᠤᠯᠠᠯᠠᠬᠤ ᠬᠡᠷᠡᠭᠲᠡᠢ᠃ | | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠬᠢᠵᠢᠭ ᠤᠨ ᠪᠠᠶᠢᠳᠠᠯ ᠢᠯᠡᠷᠡᠬᠦ ᠠᠴᠠ ᠡᠮᠦᠨᠡᠬᠢ | ᠰᠢᠭ ᠴᠤᠭᠯᠠᠷᠠᠨ ᠨᠠᠶᠢᠷᠯᠠᠵᠤ | ᠪᠣᠯᠣᠨ᠎ᠠ ᠦᠦ︖ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠶᠠᠭᠤ ᠶᠠᠭᠤ ᠶᠢ ᠠᠩᠬᠠᠷᠪᠠᠯ ᠵᠣᠬᠢᠬᠤ ᠪᠣᠢ︖ | ᠨᠢᠭᠡ ᠳᠤ᠂ ᠣᠯᠠᠨ ᠲᠦᠮᠡᠨ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠳᠤ ᠬᠦᠷᠴᠦ | ᠲᠥᠷᠥᠯ ᠰᠠᠲᠤᠨ ᠢᠶᠠᠨ ᠡᠷᠭᠢᠵᠦ | ᠦᠵᠡᠬᠦ᠂ ᠵᠢᠭᠤᠯᠴᠢᠯᠠᠬᠤ ᠵᠡᠷᠭᠡ ᠠᠴᠠ ᠵᠠᠶᠢᠯᠠᠰᠬᠢᠬᠦ ᠶᠢ ᠰᠠᠨᠠᠭᠠᠴᠢᠯᠠᠵᠤ᠂ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ | ᠳᠡᠯᠭᠡᠷᠡᠵᠦ ᠪᠠᠶᠢᠭ᠎ᠠ ᠭᠠᠵᠠᠷ ᠣᠷᠣᠨ ᠤ ᠣᠯᠠᠨ | ᠲᠦᠮᠡᠨ ᠨᠠᠭᠠᠰᠢ ᠴᠠᠭᠠᠰᠢ ᠶᠠᠪᠤᠵᠤ ᠰᠠᠭᠤᠬᠤ ᠪᠠᠨ ᠪᠠᠭᠠᠰᠬᠠᠵᠤ᠂ ᠨᠠᠰᠤᠲᠠᠶᠢᠴᠤᠳ ᠵᠢᠴᠢ ᠬᠦᠨᠳᠦ ᠰᠠᠭᠤᠷᠢ | ᠡᠪᠡᠳᠴᠢᠨ ᠲᠠᠢ ᠬᠥᠮᠥᠰ ᠠᠯᠢ ᠴᠢᠳᠠᠬᠤ ᠪᠠᠷ ᠭᠠᠳᠠᠭᠰᠢ | ᠭᠠᠷᠬᠤ ᠠᠴᠠ ᠵᠠᠶᠢᠯᠠᠰᠬᠢᠪᠡᠯ ᠵᠣᠬᠢᠨ᠎ᠠ᠃ | ᠬᠤᠶᠠᠷ ᠲᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠬᠦ | ᠦᠭᠡᠢ ᠪᠠᠶᠢᠵᠤ᠂ ᠲᠥᠷᠥᠯ ᠰᠠᠳᠤᠨ | ᠨᠠᠶᠢᠵᠠ ᠨᠥᠬᠦᠳ ᠤᠨ ᠨᠠᠶᠢᠷ ᠴᠤᠭᠯᠠᠭᠠᠨ ᠤ ᠬᠡᠪᠴᠢᠶ᠎ᠡ᠂ ᠬᠥᠮᠥᠨ ᠤ ᠲᠤᠭ᠎ᠠ ᠪᠠᠨ ᠪᠠᠭᠠᠰᠬᠠᠨ᠂ ᠨᠠᠶᠢᠷ ᠴᠤᠭᠯᠠᠭᠠᠨ ᠤ | ᠴᠠᠭ ᠢᠶᠠᠨ ᠪᠣᠭᠤᠨᠢᠰᠬᠠᠵᠤ᠂ ᠥᠪᠡᠷ ᠤᠨ ᠢᠶᠠᠨ | ᠰᠡᠷᠭᠡᠶᠢᠯᠡᠯᠲᠡ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃ | ᠭᠤᠷᠪᠠ ᠳᠤ᠂ ᠬᠢᠵᠢᠭ ᠤᠨ ᠪᠠᠶᠢᠳᠠᠯ ᠢ ᠦᠨᠳᠦᠰᠦᠯᠡᠵᠦ᠂ ᠠᠯᠢ ᠴᠢᠳᠠᠬᠤ ᠪᠠᠷ ᠶᠡᠭᠡ ᠬᠡᠪᠴᠢᠶᠡᠨ ᠤ ᠰᠦᠮ᠎ᠡ ᠶᠢᠨ ᠴᠤᠭᠯᠠᠭᠠᠨ | ᠂ ᠲᠣᠮᠣ ᠬᠡᠯᠪᠡᠷᠢ ᠶᠢᠨ | ᠲᠠᠰᠤᠯᠭᠠᠨ ᠤ ᠤᠷᠠᠨ ᠰᠠᠶᠢᠬᠠᠨ ᠤ ᠲᠣᠭᠯᠠᠯᠲᠠ᠂ ᠦᠵᠡᠭᠦᠯᠭᠡ ᠵᠡᠷᠭᠡ ᠠᠵᠢᠯᠯᠠᠭ᠎ᠠ ᠡᠷᠬᠢᠯᠡᠬᠦ ᠦᠭᠡᠢ ᠪᠠᠶᠢᠵᠤ᠂ ᠬᠥᠳᠡᠭᠡ | ᠲᠣᠰᠬᠤᠨ ᠤ ᠵᠠᠬ᠎ᠠ ᠵᠡᠭᠡᠯᠢ ᠶᠢᠨ | ᠠᠷᠠᠯᠵᠢᠶ᠎ᠠ ᠶᠢᠨ ᠬᠡᠪᠴᠢᠶ᠎ᠡ ᠪᠠ ᠳᠠᠪᠲᠠᠮᠵᠢ ᠤᠳᠠᠭ᠎ᠠ ᠶᠢ ᠪᠠᠭᠠᠰᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ | | ᠴᠠᠭᠠᠨ ᠰᠠᠷ᠎ᠠ ᠶᠢᠨ ᠬᠤᠭᠤᠴᠠᠭᠠᠨ ᠳᠤ᠂ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ ᠨᠠᠰᠤᠲᠠᠶᠢᠴᠤᠳ ᠲᠤ ᠪᠠᠨ | ᠲᠠᠷᠬᠠᠭᠠᠬᠤ ᠠᠴᠠ ᠵᠠᠶᠢᠯᠠᠰᠬᠢᠨ᠎ᠡ | ᠬᠢᠵᠢᠭ ᠤᠨ ᠪᠠᠶᠢᠳᠠᠯ ᠳᠡᠯᠭᠡᠷᠡᠬᠦ ᠬᠤᠭᠤᠴᠠᠭᠠᠨ ᠳᠤ᠂ ᠡᠷᠡᠭᠦᠯ ᠰᠠᠷᠠᠭᠤᠯ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠪᠣᠯ | ᠣᠯᠠᠨ ᠲᠦᠮᠡᠨ ᠤ ᠬᠠᠮᠤᠭ ᠠᠴᠠ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠣᠨ᠎ᠠ᠃ ᠪᠢᠳᠡ ᠳᠣᠣᠷᠠᠬᠢ ᠬᠡᠳᠦᠨ ᠲᠠᠯ᠎ᠠ ᠪᠠᠷ ᠠᠩᠬᠠᠷᠤᠨ ᠴᠢᠩᠭᠠᠳᠬᠠᠬᠤ | ᠬᠡᠷᠡᠭᠲᠡᠢ᠄ | ᠨᠢᠭᠡ ᠳᠤ᠂ ᠬᠤᠪᠢ ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠭᠠᠷ ᠢᠶᠠᠨ ᠪᠠᠶᠢᠩᠭᠤ ᠤᠬᠢᠶᠠᠬᠤ᠂ | ᠠᠮᠠᠪᠴᠢ ᠵᠡᠭᠦᠬᠦ᠂ ᠦᠷᠭᠦᠯᠵᠢ | ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠶᠢ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠢ᠂ | ᠬᠠᠨᠢᠶᠠᠬᠤ ᠶᠣᠰᠣ ᠳᠦᠷᠢᠮ᠂ ᠴᠡᠪᠡᠷᠯᠡᠨ | ᠠᠷᠢᠭᠤᠳᠬᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠢ ᠪᠠᠲᠤᠯᠠᠵᠤ᠂ ᠬᠢᠵᠢᠭ ᠲᠤ ᠬᠠᠯᠳᠠᠪᠤᠷᠢᠯᠠᠭᠳᠠᠭᠠᠳ | ᠡᠷᠡᠭᠦᠯᠵᠢᠭᠰᠡᠨ ᠤ ᠳᠠᠷᠠᠭ᠎ᠠ ᠴᠤ ᠭᠡᠰᠡᠨ ᠬᠤᠪᠢ | ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠪᠡᠯ ᠵᠣᠬᠢᠨ᠎ᠠ᠃ | ᠬᠤᠶᠠᠷ ᠲᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ᠂ ᠵᠦᠢ ᠵᠣᠬᠢᠰᠲᠠᠢ ᠢᠳᠡᠵᠦ ᠤᠤᠭᠤᠬᠤ᠂ ᠬᠡᠮᠵᠢᠶ᠎ᠡ ᠳᠤ ᠪᠠᠨ | ᠲᠣᠬᠢᠷᠠᠭᠰᠠᠨ ᠬᠥᠳᠡᠯᠭᠡᠭᠡᠨ ᠬᠢᠬᠦ᠂ | ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠬᠤ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ | ᠪᠠᠷᠢᠮᠲᠠᠯᠠᠵᠤ᠂ ᠬᠤᠪᠢ ᠬᠥᠮᠥᠨ ᠤ ᠡᠪᠡᠳᠴᠢᠨ ᠢ | ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ | ᠭᠤᠷᠪᠠ ᠳᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠬᠦ | ᠦᠭᠡᠢ᠂ ᠨᠠᠶᠢᠷ ᠴᠤᠭᠯᠠᠭᠠᠨ ᠳᠤ | ᠣᠷᠤᠯᠴᠠᠬᠤ ᠦᠭᠡᠢ ᠪᠠᠶᠢᠵᠤ᠂ ᠭᠡᠷ ᠪᠦᠯᠢ ᠶᠢᠨ ᠲᠥᠷᠥᠯ ᠰᠠᠲᠤᠨ ᠤ ᠴᠤᠭᠯᠠᠷᠠᠨ ᠨᠠᠶᠢᠷᠯᠠᠬᠤ ᠬᠥᠮᠥᠨ ᠤ ᠲᠤᠭ᠎ᠠ ᠶᠢ | ᠪᠠᠭᠠᠰᠬᠠᠨ᠂ ᠨᠠᠶᠢᠷ ᠴᠤᠭᠯᠠᠭᠠᠨ ᠤ ᠴᠠᠭ ᠢ | ᠪᠣᠭᠤᠨᠢᠰᠬᠠᠨ᠎ᠠ᠃ ᠪᠠᠰᠠ ᠸᠢᠳᠢᠤ᠋᠂ ᠤᠲᠠᠰᠤ ᠪᠠᠷ ᠳᠠᠮᠵᠢᠭᠤᠯᠤᠨ ᠬᠠᠷᠢᠯᠴᠠᠨ ᠢᠷᠦᠭᠡᠯ ᠵᠥᠩᠨᠡᠯ ᠳᠡᠪᠰᠢᠭᠦᠯᠵᠦ᠂ ᠢᠯᠠᠩᠭᠤᠶ᠎ᠠ | ᠬᠠᠯᠳᠠᠪᠤᠷᠢᠯᠠᠬᠤ ᠲᠦᠭᠰᠢᠭᠦᠷᠢ ᠶᠢ | ᠭᠡᠷ ᠤᠨ ᠨᠠᠰᠤᠲᠠᠶᠢᠴᠤᠳ ᠲᠤ ᠪᠠᠨ ᠲᠠᠷᠬᠠᠭᠠᠬᠤ ᠠᠴᠠ ᠵᠠᠶᠢᠯᠠᠰᠬᠢᠬᠦ ᠬᠡᠷᠡᠭᠲᠡᠢ᠃ | ᠳᠥᠷᠪᠡ ᠳᠤ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠳ ᠪᠦᠬᠦ ᠶᠠᠪᠤᠴᠠ ᠶᠢᠨ ᠲᠠᠷᠢᠯᠭ᠎ᠠ ᠪᠠ | ᠴᠢᠩᠭᠠᠳᠬᠠᠬᠤ ᠲᠠᠷᠢᠯᠭ᠎ᠠ ᠶᠢ ᠠᠯᠢ | ᠲᠦᠷᠭᠡᠨ ᠢᠶᠠᠷ ᠬᠢᠵᠦ᠂ ᠬᠤᠪᠢ ᠬᠥᠮᠥᠨ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃ | ᠲᠠᠪᠤ ᠳᠤ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠᠨ ᠴᠢᠩᠭᠠᠳᠬᠠᠵᠤ᠂ ᠬᠤᠪᠢ ᠬᠥᠮᠥᠨ ᠪᠠ ᠭᠡᠷ ᠤᠨ | ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ | ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ | ᠡᠪᠡᠳᠴᠢᠨ ᠤ ᠰᠢᠨᠵᠢ ᠢᠯᠡᠷᠡᠬᠦ᠂ ᠡᠰᠡᠬᠦᠯ᠎ᠡ | ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠨ ᠭᠠᠷᠭᠠᠭᠰᠠᠨ ᠦᠶ᠎ᠡ ᠳᠤ᠂ ᠠᠯᠢ ᠴᠢᠳᠠᠬᠤ ᠪᠠᠷ ᠰᠠᠯᠬᠢ ᠨᠡᠪᠲᠡᠷᠡᠭᠰᠡᠨ᠂ | ᠬᠠᠷᠢᠴᠠᠩᠭᠤᠢ ᠲᠤᠰᠠᠭᠠᠷ ᠥᠷᠥᠭᠡ ᠳᠤ | ᠰᠠᠭᠤᠵᠤ᠂ ᠬᠠᠮᠲᠤ ᠰᠠᠭᠤᠵᠤ ᠪᠠᠶᠢᠭ᠎ᠠ ᠬᠥᠮᠥᠰ ᠲᠠᠢ ᠪᠠᠨ ᠣᠶᠢᠷᠠᠳᠬᠤ ᠪᠠᠨ ᠴᠢᠳᠠᠬᠤ ᠶᠢᠨ ᠬᠢᠷᠢ ᠪᠠᠷ ᠪᠠᠭᠠᠰᠬᠠᠨ᠂ | ᠡᠪᠡᠳᠴᠢᠨ ᠤ ᠪᠠᠶᠢᠳᠠᠯ ᠢᠶᠠᠨ ᠨᠢᠭᠲᠠ ᠠᠩᠬᠠᠷᠴᠤ᠂ | ᠬᠡᠷᠪᠡ ᠡᠪᠡᠳᠴᠢᠨ ᠤ ᠪᠠᠶᠢᠳᠠᠯ ᠨᠢ ᠬᠦᠨᠳᠦᠷᠡᠪᠡᠯ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃ | | | | |